ᠥᠪᠥᠷ ᠮᠣᠩᠭᠤᠯ ᠤᠨ ᠬᠡᠦᠬᠡᠳ ᠤᠨ ᠠᠵᠤ ᠦᠢᠯᠡᠰ ᠤᠨ ᠰᠤᠷᠭᠠᠨ ᠬᠦᠮᠦᠵᠢᠯ ᠤᠨ ᠦᠵᠡᠰᠬᠦᠯᠡᠩ ᠤᠨ ᠴᠤᠭᠯᠠᠭᠠᠨ ᠢ 5 ᠳ᠋ᠤᠭᠠᠷ ᠰᠠᠷ᠎ᠠ ᠳᠤ ᠡᠷᠬᠢᠯᠡᠨ᠎ᠡ
ᠨᠡᠶᠢᠲᠡᠯᠡᠭᠰᠡᠨ ᠴᠠᠭ᠄
2018/4/19
     5 ᠳ᠋ᠤᠭᠠᠷ ᠰᠠᠷ᠎ᠠ ᠶᠢᠨ 18᠎ ᠤ ᠡᠳᠦᠷ᠂ ᠬᠥᠬᠡᠬᠤᠲᠠ 2018 ᠤᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠡᠤᠬᠡᠳ ᠤᠨ ᠠᠵᠤ ᠦᠢᠯᠡᠰ᠂ ᠰᠤᠷᠭᠠᠨ ᠬᠥᠮᠦᠵᠢᠯ ᠤᠨ ᠦᠵᠡᠰᠬᠦᠯᠡᠩ ᠤᠨ ᠴᠤᠭᠯᠠᠭᠠᠨ ᠡᠷᠬᠢᠯᠡᠬᠦ ᠪᠠᠷ ᠪᠠᠶᠢᠨ᠎ᠠ᠃      ᠣᠶᠢᠯᠠᠭᠠᠭᠰᠠᠨ ᠢᠶᠠᠷ᠂ 2018 ᠤᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠡᠦᠬᠡᠳ ᠤᠨ ᠠᠵᠤ ᠦᠢᠯᠡᠰ᠂ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠴᠤᠭᠯᠠᠭᠠᠨ ᠨᠢ ᠦᠪᠦᠷ ᠮᠤᠩᠭᠤᠯ ᠤᠨ 0 — 18 ᠨᠠᠰᠤᠲᠠᠶ ᠬᠡᠦᠬᠡᠳ ᠪᠠ ᠵᠠᠯᠠᠭᠤᠴᠤᠳ ᠪᠠᠭᠠᠴᠤᠳ ᠤᠨ ᠰᠤᠷᠭᠠᠨ ᠬᠦᠮᠦᠵᠢᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠤᠷᠤᠭᠤᠯᠤᠨ ᠠᠪᠴᠢᠷᠠᠬᠤ ᠪᠠ ᠬᠡᠦᠬᠡᠳ ᠤᠨ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠡᠷᠡᠭᠰᠡᠯ ᠢ ᠳᠡᠯᠭᠡᠷᠡᠭᠦᠯᠦᠨ ᠬᠡᠷᠡᠭᠯᠡᠬᠦ ᠪᠠᠷ ᠤᠷᠢᠲᠠᠯ ᠪᠣᠯᠭᠠᠵᠤ᠂ ᠬᠢᠴᠢᠶᠡᠯ ᠵᠢᠭᠠᠬᠤ ᠮᠠᠲ᠋ᠧᠷᠢᠶᠠᠯ᠂ ᠰᠤᠷᠭᠠᠨ ᠬᠥᠮᠦᠵᠢᠯ ᠤᠨ ᠲᠣᠭᠯᠠᠭᠠᠮ᠂ ᠭᠡᠷ ᠤᠨ ᠳᠤᠲᠤᠷ᠎ᠠ ᠭᠠᠳᠠᠨᠠᠬᠢ ᠨᠠᠭᠠᠳᠤᠮ ᠴᠡᠩᠭᠡᠯ ᠤᠨ ᠪᠡᠯᠡᠳᠬᠡᠮᠵᠢ᠂ ᠡᠯᠧᠺᠲᠷᠤᠨ ᠬᠥᠮᠦᠵᠢᠯ ᠤᠨ ᠦᠢᠯᠡᠳᠬᠦᠨ᠂ ᠢᠯᠠᠩᠭᠤᠶ᠎ᠠ ᠮᠠᠰᠢᠨ ᠬᠥᠮᠦᠨ ᠤ ᠤᠶᠤᠨ ᠤ ᠦᠢᠯᠡᠳᠬᠦᠨ ᠵᠡᠷᠭᠡ ᠶᠢ ᠪᠠᠭᠲᠠᠭᠠᠭᠰᠠᠨ ᠠᠳᠠᠯᠢ ᠪᠤᠰᠤ ᠲᠥᠷᠥᠯ ᠤᠨ ᠬᠡᠦᠬᠡᠳ ᠤᠨ ᠰᠤᠷᠭᠠᠨ ᠬᠥᠮᠦᠵᠢᠯ ᠤᠨ ᠦᠢᠯᠡᠳᠬᠦᠨ ᠬᠢᠭᠡᠳ ᠦᠨᠳᠦᠰᠦᠲᠡᠨ ᠤ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠤᠷ᠎ᠠ ᠮᠡᠷᠭᠡᠰᠢᠯ᠂ ᠦᠰᠦᠨ ᠪᠤᠶᠢᠵᠢᠯᠲᠠ ᠶᠢᠨ ᠥᠩᠭᠡᠷᠡᠭᠡᠯᠲᠡ ᠶᠢᠨ ᠦᠢᠯᠡᠳᠬᠦᠨ ᠢ ᠲᠥᠪᠯᠡᠷᠡᠭᠦᠯᠦᠨ᠂ ᠳᠡᠯᠭᠡᠨ ᠦᠵᠡᠭᠦᠯᠦᠨ᠎ᠡ᠃ ᠦᠵᠡᠰᠬᠦᠯᠡᠩ ᠨᠢ ᠬᠡᠦᠬᠡᠳ ᠤᠨ ᠰᠤᠷᠭᠠᠨ ᠬᠥᠮᠦᠵᠢᠯ᠂ ᠨᠠᠭᠠᠳᠤᠮ ᠺᠠᠷᠲ᠋ᠤ ᠵᠢᠷᠤᠭ᠂ ᠨᠢᠯᠬᠠᠰ ᠤᠨ ᠬᠡᠷᠡᠭᠰᠡᠯ᠂ ᠡᠷᠡᠭᠦᠯᠵᠢᠯ ᠢᠳᠡᠭᠡᠨ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠭᠡᠵᠦ ᠬᠤᠪᠢᠶᠠᠨ᠎ᠠ᠃ ᠡᠭᠦᠨ ᠤ ᠬᠠᠮᠲᠤ ᠪᠠᠰᠠ ᠥᠪᠥᠷ ᠮᠣᠩᠭᠤᠯ ᠤᠨ ᠡᠯ᠎ᠡ ᠱᠠᠲᠤᠨ ᠤ ᠡᠯ᠎ᠡ ᠲᠦᠷᠦᠯ ᠤᠨ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠣᠷᠳᠣᠨ᠂ ᠬᠡᠦᠬᠡᠳ ᠪᠠᠭᠠᠴᠤᠳ ᠤᠨ ᠬᠦᠳᠡᠯᠭᠡᠭᠡᠨ ᠤ ᠲᠥᠪ᠂ ᠰᠦᠯᠵᠢᠶᠡᠨ ᠰᠤᠷᠭᠠᠭᠤᠯᠢ᠂ ᠬᠤᠳᠠᠯᠳᠤᠭ᠎ᠠ ᠵᠡᠷᠭᠡ ᠶᠢᠨ ᠬᠠᠷᠢᠭᠤᠴᠠᠯᠭᠠᠲᠠᠳ ᠢ ᠤᠷᠢᠨ ᠦᠵᠡᠰᠭᠦᠯᠡᠩ ᠢ ᠲᠣᠭᠤᠷᠢᠨ ᠦᠵᠡᠭᠦᠯᠬᠦ ᠪᠠ ᠬᠤᠳᠠᠯᠳᠤᠨ ᠠᠪᠤᠭᠤᠯᠬᠤ ᠪᠠᠷ ᠪᠤᠯᠪᠠ᠃ 2018 ᠤᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠡᠦᠬᠡᠳ ᠤᠨ ᠠᠵᠤ ᠦᠢᠯᠡᠰ᠂ ᠰᠤᠷᠭᠠᠨ ᠬᠥᠮᠦᠵᠢᠯ ᠤᠨ ᠦᠵᠡᠰᠬᠦᠯᠡᠩ ᠨᠢ ᠪᠠᠰᠠ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠳᠤ ᠳᠣᠭᠢᠷᠬᠠᠰᠠᠨ ᠣᠯᠠᠨ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠦᠨ᠎ᠡ᠂ ᠵᠢᠱᠢᠶᠡᠯᠡᠪᠡᠯ ᠬᠡᠦᠬᠡᠳ ᠤᠨ ᠤᠷᠠᠨ ᠵᠢᠷᠤᠭ᠂ ᠬᠡᠤᠬᠡᠳ ᠤᠨ ᠡᠷᠲᠡ ᠶᠢᠨ ᠵᠢᠭᠠᠨ ᠰᠤᠷᠭᠠᠯᠲᠠ᠂ ᠰᠤᠷᠭᠠᠨ ᠬᠥᠮᠦᠵᠢᠯ ᠤᠨ ᠲᠠᠶᠢᠯᠤᠮᠵᠢ᠂ ᠨᠡᠶᠢᠲᠡ ᠶᠢᠨ ᠠᠰᠠᠷᠠᠮᠵᠢ ᠶᠢᠨ ᠬᠡᠤᠬᠡᠳ ᠢ ᠠᠳᠠᠯᠢᠳᠬᠠᠨ ᠰᠢᠯᠭᠠᠷᠠᠭᠤᠯᠬᠤ᠂ ᠦᠪᠡᠷ ᠢ ᠪᠠᠨ ᠪᠢᠲᠡᠭᠦᠮᠵᠢᠯᠡᠬᠦ ᠡᠪᠡᠳᠴᠢᠨ ᠲᠠᠢ ᠬᠡᠤᠬᠡᠳ ᠢ ᠬᠠᠯᠠᠮᠵᠢᠯᠠᠨ ᠬᠠᠶᠢᠷᠠᠯᠠᠬᠤ ᠡᠴᠢᠭᠡ ᠡᠬᠡ ᠦᠷ᠎ᠡ ᠬᠡᠦᠬᠡᠳ ᠤᠨ ᠨᠡᠶᠢᠲᠡ ᠶᠢᠨ ᠠᠰᠠᠷᠠᠮᠵᠢ ᠶᠢᠨ ᠶᠠᠪᠠᠭᠠᠨ ᠠᠯᠬᠤᠬᠤ᠂ ᠬᠢᠮᠳᠠ ᠪᠠᠷᠠᠭ᠎ᠠ ᠬᠤᠳᠠᠯᠳᠤᠬᠤ ᠵᠠᠬ᠎ᠠ ᠳᠡᠯᠭᠡᠭᠦᠷ᠂ ᠬᠡᠤᠬᠡᠳ ᠤᠨ ᠦᠵᠡᠰᠭᠦᠯᠡᠩ ᠤᠨ ᠭᠡᠨᠡᠨ ᠠᠵᠢᠯᠯᠠᠭ᠎ᠠ ᠵᠡᠷᠭᠡ ᠶᠢ ᠦᠷᠨᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号