︽  ᠪᠣᠳᠠᠲᠠᠢ ᠎ ᠪᠠᠷ   ᠬᠢᠬᠦ  ︾ ᠳᠡᠭᠡᠷ᠎ᠡ ᠬᠦᠴᠦ ᠵᠠᠷᠤᠴᠠᠭᠤᠯᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ︽ᠨᠢᠭᠡ ᠲᠣᠣᠷ︾᠎ ᠢ ᠪᠡᠶᠡᠯᠡᠭᠦᠯᠦᠶ᠎ᠡ
ᠨᠡᠶᠢᠲᠡᠯᠡᠭᠰᠡᠨ ᠴᠠᠭ᠄
2018-04-02
               —   ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ                       ᠲᠢᠩᠬᠢᠮ  ᠤᠨ ᠨᠠᠮ ᠎ ᠤᠨ ᠤᠳᠤᠷᠢᠳᠬᠤ ᠳᠤᠭᠤᠶᠢᠯᠠᠩ ᠎ ᠤᠨ   ᠱᠦᠵᠢ᠂                       ᠲᠢᠩᠬᠢᠮ  ᠎ ᠤᠨ   ᠳᠠᠷᠤᠭ᠎ᠠ   ᠪᠠᠢ   ᡁᠢ ᠎ ᠶᠢ   ᠰᠤᠷᠪᠤᠯᠵᠢᠯᠠᠭᠰᠠᠨ  ᠎ ᠨᠢ       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠦᠨᠳᠦᠷᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠨ ᠦᠳᠲᠡᠷ ᠲᠦᠷᠭᠡᠨ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠥᠷᠨᠢᠯᠲᠡ ᠭᠠᠷᠭᠠᠪᠠ᠃ ᠣᠶᠢᠷ᠎ᠠ ᠶᠢᠨ ᠡᠳᠦᠷ ᠲᠤ᠂ ᠰᠤᠷᠪᠤᠯᠵᠢᠯᠠᠭᠴᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠵᠤ ᠪᠠᠶᠢᠭ᠎ᠠ ᠪᠠᠶᠢᠳᠠᠯ ᠤᠨ ᠲᠤᠬᠠᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠪᠠᠢ ᡁᠢ ᠶᠢ ᠰᠤᠷᠪᠤᠯᠵᠢᠯᠠᠭᠰᠠᠨ ᠪᠠᠶᠢᠨ᠎ᠠ᠃       ᠪᠠᠢ ᡁᠢ ᠰᠤᠷᠪᠤᠯᠵᠢᠯᠠᠭ᠎ᠠ ᠬᠦᠯᠢᠶᠡᠬᠦ ᠳᠤ ᠪᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠣᠳᠣᠬᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠ ᠲᠡᠷᠢᠭᠦᠨ ᠵᠡᠷᠭᠡ ᠶᠢᠨ ᠲᠣᠮᠣ ᠶᠠᠪᠤᠳᠠᠯ ᠪᠣᠯᠣᠭᠰᠠᠨ ᠤ ᠬᠤᠪᠢ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠤᠯᠭᠠᠨ᠂ ︽ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠭᠡᠯᠰᠢᠭᠦᠯᠬᠦ︾᠎ ᠶᠢᠨ ᠲᠥᠯᠥᠭᠡ ᠬᠤᠰᠢᠭᠤᠴᠢᠯᠠᠬᠤ ᠲᠦᠰᠢᠮᠡᠯ ᠪᠣᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠲᠡᠶᠢᠰᠢ ᠬᠦᠴᠦᠯᠡᠨ ᠤᠷᠤᠭᠰᠢᠯᠠᠬᠤ ᠳᠤ ᠥᠪᠥᠷ ᠮᠣᠩᠭᠤᠯ ᠤᠨ ᠵᠠᠮ ᠬᠠᠷᠢᠯᠴᠠᠭᠠᠨ ᠤ ᠬᠥᠮᠥᠰ ᠤᠨ ᠬᠦᠴᠦᠨ ᠴᠢᠳᠠᠯ ᠢᠶᠠᠨ ᠬᠠᠨᠳᠢᠪᠯᠠᠬᠤ ᠬᠡᠷᠡᠭᠲᠡᠢ ᠭᠡᠰᠡᠨ ᠪᠠᠶᠢᠨ᠎ᠠ᠃       ᠰᠢᠨ᠎ᠡ ᠴᠠᠭ ᠬᠤᠭᠤᠴᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠬᠠᠷᠠᠯᠲᠠ ᠶᠢ ᠵᠥᠪ ᠣᠨᠣᠪᠴᠢᠲᠠᠢ ᠡᠵᠡᠮᠳᠡᠵᠦ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠶᠢᠳᠠᠯ ᠢ ᠣᠨᠣᠪᠴᠢᠲᠠᠢ ᠡᠵᠡᠮᠳᠡᠬᠦ ᠬᠡᠷᠡᠭᠲᠡᠢ᠃ ᠣᠳᠣᠬᠠᠨ ᠳᠤ᠂ ᠪᠦᠬᠦ ᠣᠷᠣᠨ ᠤ ᠵᠠᠰᠠᠮᠠᠯ ᠵᠠᠮ ᠤᠨ ᠶᠡᠷᠦᠩᠬᠡᠢ ᠤᠷᠲᠤ ᠨᠢ 19.6 ᠲᠦᠮᠡᠨ ᠺᠢᠯᠣᠮᠧᠲᠷ ᠲᠤ ᠬᠦᠷᠴᠦ᠂ ᠳᠡᠭᠡᠳᠦ ᠬᠤᠷᠳᠤ ᠶᠢᠨ ᠵᠠᠰᠠᠮᠠᠯ ᠵᠠᠮ 6000 ᠺᠢᠯᠣᠮᠧᠲᠷ ᠢ ᠳᠠᠪᠠᠨ᠂ ᠨᠢᠭᠡᠳᠦᠭᠡᠷ ᠳᠡᠰ ᠤᠨ ᠵᠠᠰᠠᠮᠠᠯ ᠵᠠᠮ 6682 ᠺᠢᠯᠣᠮᠧᠲᠷ᠂ ᠬᠤᠶᠠᠳᠤᠭᠠᠷ ᠳᠡᠰ ᠤᠨ ᠵᠠᠰᠠᠮᠠᠯ ᠵᠠᠮ 16913 ᠺᠢᠯᠣᠮᠧᠲᠷ ᠲᠤ ᠬᠦᠷᠴᠦ᠂ ᠪᠦᠬᠦ ᠣᠷᠣᠨ ᠤ ᠨᠥᠬᠦᠴᠡᠯ ᠪᠦᠷᠢᠯᠳᠦᠭᠰᠡᠨ ᠭᠠᠴᠠᠭ᠎ᠠ ︵ ᠲᠣᠰᠬᠤᠨ︶ ᠪᠦᠬᠦᠨ ᠳᠤ   ᠪᠠᠷᠤᠨᠨᠰᠢᠨ ︵ᠼᠧᠮᠧᠨ᠋ᠲ︶ ᠵᠠᠮ ᠨᠡᠪᠲᠡᠷᠡᠵᠡᠢ᠃ ᠵᠠᠰᠠᠮᠠᠯ ᠵᠠᠮ ᠤᠨ ᠨᠢᠭᠲᠠᠴᠠ ᠨᠢ 16.6 ᠺᠢᠯᠣᠮᠧᠲᠷ / ᠵᠠᠭᠤᠨ ᠺᠦᠸᠠᠳ᠋ ᠺᠢᠯᠣᠮᠧᠲᠷ ᠲᠤ ᠬᠦᠷᠦᠭᠰᠡᠨ ᠪᠣᠯᠪᠠᠴᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠨᠢ ᠪᠦᠬᠦ ᠣᠷᠣᠨ ᠤ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠢ᠂ ᠪᠣᠬᠢᠷᠲᠤᠯ ᠦᠭᠡᠢ᠂ ᠬᠢᠮᠳᠠ ᠠᠷᠪᠢᠲᠠᠢ ᠵᠠᠮ ᠬᠠᠷᠢᠯᠴᠠᠭ᠎ᠠ ᠪᠠᠷ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠲᠠᠢ ᠮᠥᠨ ᠬᠦ ᠨᠡᠯᠢᠶᠡᠳ ᠶᠡᠭᠡ ᠵᠥᠷᠢᠶ᠎ᠡ ᠣᠷᠣᠰᠢᠵᠤ᠂ ᠭᠤᠣᠯᠳᠠᠭᠤ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠴᠢ ᠬᠢᠯᠢ ᠬᠢᠵᠠᠭᠠᠷ ᠣᠷᠣᠨ᠂ ᠶᠠᠳᠠᠭᠤ ᠬᠦᠴᠢᠷᠲᠡᠢ ᠣᠷᠣᠨ᠂ ᠤᠯᠤᠰ ᠤᠨ ᠥᠮᠴᠢᠯᠡᠯᠲᠥ ᠰᠢᠭᠤᠶᠢᠲᠤ ᠣᠷᠣᠨ ᠤ ᠵᠠᠰᠠᠮᠠᠯ ᠵᠠᠮ ᠤᠨ ᠬᠥᠭᠵᠢᠯᠲᠡ ᠲᠡᠩᠴᠡᠭᠦᠷᠢ ᠦᠭᠡᠢ ᠮᠥᠷᠲᠡᠭᠡᠨ ᠭᠦᠢᠴᠡᠳ ᠪᠤᠰᠤ ᠵᠡᠷᠭᠡ ᠲᠠᠯ᠎ᠠ ᠪᠠᠷ ᠢᠯᠡᠷᠡᠵᠦ ᠪᠠᠶᠢᠨ᠎ᠠ᠃ ᠡᠷᠬᠡᠪᠰᠢ ᠵᠠᠮ ᠬᠠᠷᠢᠯᠴᠠᠭᠠᠨ ᠤ ᠲᠣᠮᠣ ᠤᠯᠤᠰ ᠤᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠨ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠠᠶᠢᠭᠤᠯᠬᠤ ᠲᠡᠮᠡᠴᠡᠯ ᠤᠨ ᠬᠠᠷᠠᠯᠲᠠ ᠶᠢ ᠣᠨᠢᠯᠠᠵᠤ᠂ ︽ᠬᠤᠰᠢᠭᠤᠴᠢᠯᠠᠬᠤ ᠲᠦᠰᠢᠮᠡᠯ︾ ᠭᠡᠬᠦ ᠡᠨᠡ ᠬᠦ ᠬᠥᠭᠵᠢᠯᠲᠡ ᠶᠢᠨ ᠪᠠᠶᠢᠷᠢ ᠲᠣᠭᠲᠠᠭᠠᠯᠲᠠ᠂ ︽ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠮ ᠬᠠᠷᠢᠯᠴᠠᠭ᠎ᠠ ᠶᠢ ᠪᠠᠶᠢᠭᠤᠯᠬᠤ︾ ᠭᠡᠬᠦ ᠡᠨᠡ ᠬᠦ ᠬᠥᠭᠵᠢᠯᠲᠡ ᠶᠢᠨ ᠵᠣᠷᠢᠯᠲᠠ᠂ ︽ᠰᠢᠵᠢᠷ ᠠᠯᠲᠠᠨ ᠴᠠᠭ ᠦᠶ᠎ᠡ︾ ᠭᠡᠬᠦ ᠡᠨᠡ ᠬᠦ ᠬᠥᠭᠵᠢᠯᠲᠡ ᠶᠢᠨ ᠪᠠᠶᠢᠳᠠᠯ᠂ ︽ᠣᠳᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢ ᠪᠠᠶᠢᠭᠤᠯᠬᠤ︾ ᠭᠡᠬᠦ ᠡᠨᠡ ᠬᠦ ᠬᠥᠭᠵᠢᠯᠲᠡ ᠶᠢᠨ ᠬᠠᠷᠠᠯᠲᠠ ᠪᠠ ︽ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ︾ ᠭᠡᠬᠦ ᠡᠨᠡ ᠬᠦ ᠬᠥᠭᠵᠢᠯᠲᠡ ᠶᠢᠨ ᠭᠤᠣᠯ ᠱᠤᠭᠤᠮ ᠢ ᠯᠠᠪᠳᠠᠭᠤᠨ ᠪᠠᠲᠤᠲᠠᠢ ᠪᠠᠷ ᠡᠵᠡᠮᠳᠡᠵᠦ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠤᠨ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢᠶᠠᠨ ᠨᠥᠬᠦᠪᠦᠷᠢᠯᠡᠨ᠂ ᠬᠥᠭᠵᠢᠯᠲᠡ ᠶᠢ ᠰᠦᠪᠡᠭᠴᠢᠯᠡᠬᠦ ᠬᠡᠷᠡᠭᠲᠡᠢ᠃       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠰᠤᠷᠤᠯᠴᠠᠵᠤ ᠣᠶᠢᠯᠠᠭᠠᠨ ᠨᠡᠪᠲᠡᠷᠬᠡᠢ ᠤᠬᠠᠵᠤ ᠪᠣᠳᠠᠲᠠᠢ ᠪᠠᠷ ᠬᠢᠵᠦ᠂ ᠤᠯᠠᠷᠢᠭᠤᠯᠤᠨ ᠬᠡᠷᠡᠭᠯᠡᠬᠦ ᠶᠢ ᠰᠠᠶᠢᠲᠤᠷ ᠬᠢᠵᠦ᠂ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠰᠤᠷᠤᠯᠴᠠᠬᠤ ᠎ ᠲᠠᠢ ᠨᠡᠪᠲᠡᠷᠡᠭᠦᠯᠵᠦ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠠᠭᠤᠤ ᠶᠡᠭᠡ ᠲᠡᠮᠡᠴᠡᠯ ᠢ ᠥᠷᠨᠢᠭᠦᠯᠬᠦ᠂ ᠠᠭᠤᠤ ᠶᠡᠭᠡ ᠢᠨᠵᠧᠨᠧᠷᠢᠩ ᠢ ᠪᠦᠲᠦᠭᠡᠨ ᠪᠠᠶᠢᠭᠤᠯᠬᠤ᠂ ᠠᠭᠤᠤ ᠶᠡᠭᠡ ᠠᠵᠢᠯ ᠦᠢᠯᠡᠰ ᠢ ᠠᠬᠢᠭᠤᠯᠬᠤ᠂ ᠠᠭᠤᠤ ᠶᠡᠭᠡ ᠵᠡᠭᠦᠳᠦ ᠬᠦᠰᠡᠯ ᠢ ᠲᠡᠷᠭᠡᠯᠰᠢᠭᠦᠯᠬᠦ ᠦᠢᠯᠡᠳᠦᠯᠭᠡ ᠲᠠᠢ ᠨᠡᠪᠲᠡᠷᠡᠭᠦᠯᠵᠦ᠂ ᠠᠷᠪᠠ ᠶᠢᠰᠦᠳᠦᠭᠡᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠵᠡᠮᠳᠡᠬᠦ ᠲᠠᠢ ᠨᠡᠪᠲᠡᠷᠡᠭᠦᠯᠦᠨ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠠᠶᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠡᠯ᠎ᠡ ᠵᠦᠢᠯ ᠤᠨ ᠠᠵᠢᠯ ᠤᠨ ᠬᠥᠭᠵᠢᠯᠲᠡ ᠶᠢᠨ ᠬᠠᠨᠳᠤᠰᠢ᠂ ᠠᠵᠢᠯ ᠤᠨ ᠰᠡᠳᠬᠢᠮᠵᠢ ᠪᠠ ᠠᠬᠢᠭᠤᠯᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠴᠢ ᠪᠠᠷ ᠤᠬᠠᠭᠠᠯᠠᠨ ᠲᠥᠯᠥᠪᠯᠡᠬᠦ ᠬᠡᠷᠡᠭᠲᠡᠢ︔ ︽ᠪᠣᠳᠠᠲᠠᠢ ᠪᠠᠷ ᠬᠢᠬᠦ︾ ᠳᠡᠭᠡᠷ᠎ᠡ ᠬᠦᠴᠦ ᠵᠠᠷᠤᠴᠠᠭᠤᠯᠬᠤ ᠬᠡᠷᠡᠭᠲᠡᠢ᠃ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ︽ᠨᠢᠭᠡ ᠲᠣᠣᠷ︾᠎ ᠢ ᠪᠡᠶᠡᠯᠡᠭᠦᠯᠬᠦ ᠡᠭᠦᠳᠡᠨ ᠠᠴᠠ ᠪᠣᠳᠣᠯᠬᠢᠯᠡᠨ᠂ ᠥᠪᠥᠷ ᠮᠣᠩᠭᠤᠯ ᠤᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠯᠬᠤᠴᠠ ᠶᠢ ᠪᠦᠬᠦ ᠲᠠᠯ᠎ᠠ ᠪᠠᠷ ᠲᠦᠷᠭᠡᠳᠬᠡᠵᠦ᠂ ᠶᠡᠷᠦᠩᠬᠡᠶᠢᠯᠡᠭᠰᠡᠨ ᠲᠡᠭᠡᠭᠡᠪᠦᠷᠢ ᠶᠢᠨ ᠲᠣᠮᠣ ᠨᠡᠪᠲᠡᠷᠬᠡᠢ ᠵᠠᠮ ᠢᠶᠠᠷ ᠭᠤᠣᠯ ᠠᠷᠤᠭ ᠶᠠᠰᠤ ᠪᠣᠯᠭᠠᠵᠤ᠂ ᠶᠡᠷᠦᠩᠬᠡᠶᠢᠯᠡᠭᠰᠡᠨ ᠬᠦᠢᠰᠦ ᠪᠠᠷ ᠵᠠᠩᠭᠢᠯᠠᠭ᠎ᠠ ᠶᠢᠨ ᠵᠠᠯᠭᠠᠭᠠᠰᠤ ᠴᠡᠭ ᠪᠣᠯᠭᠠᠨ᠂ ᠣᠷᠣᠨ ᠪᠦᠰᠡ ᠶᠢᠨ ᠬᠤᠭᠤᠷᠣᠨᠳᠤ᠂ ᠬᠤᠲᠠ ᠨᠤᠭᠤᠳ ᠤᠨ ᠬᠤᠭᠤᠷᠣᠨᠳᠤ᠂ ᠡᠬᠢ ᠪᠠᠶᠠᠯᠢᠭ ᠬᠢᠭᠡᠳ ᠠᠵᠤ ᠦᠢᠯᠡᠰ ᠤᠨ ᠰᠠᠭᠤᠷᠢᠨ ᠭᠠᠵᠠᠷ ᠤᠨ ᠬᠤᠭᠤᠷᠣᠨᠳᠤᠬᠢ ᠵᠠᠮ ᠬᠠᠷᠢᠯᠴᠠᠭᠠᠨ ᠤ ᠬᠤᠯᠪᠣᠭ᠎ᠠ ᠶᠢ ᠴᠢᠩᠭᠠᠷᠠᠭᠤᠯᠵᠤ᠂ ᠴᠢᠨᠠᠷᠵᠢᠭᠤᠨ ᠲᠦᠷᠭᠡᠨ ᠬᠤᠷᠳᠤ ᠶᠢᠨ ᠵᠠᠮ ᠬᠠᠷᠢᠯᠴᠠᠭᠠᠨ ᠤ ᠲᠣᠣᠷ᠂ ᠥᠨᠳᠥᠷ ᠪᠦᠲᠦᠮᠵᠢᠲᠡᠢ ᠡᠩ ᠤᠨ ᠭᠤᠣᠯ ᠪᠣᠯᠬᠤ ᠵᠠᠮ ᠤᠨ ᠲᠣᠣᠷ᠂ ᠥᠷᠭᠡᠨ ᠢᠶᠠᠷ ᠬᠠᠮᠤᠷᠤᠭᠰᠠᠨ ᠰᠠᠭᠤᠷᠢ ᠦᠢᠯᠡᠴᠢᠯᠡᠭᠡ ᠶᠢᠨ ᠲᠣᠣᠷ ᠢ ᠪᠠᠶᠢᠭᠤᠯᠤᠨ᠂ ᠣᠷᠣᠨ ᠤ ᠳᠣᠲᠣᠭᠠᠳᠤ ᠪᠠ ᠣᠷᠣᠨ ᠤ ᠬᠤᠭᠤᠷᠣᠨᠳᠤᠬᠢ ᠨᠡᠪᠲᠡᠷᠬᠡᠢ ᠵᠠᠮ ᠢ ᠬᠤᠯᠪᠣᠯᠳᠤᠭᠤᠯᠵᠤ᠂ ᠣᠷᠣᠨ ᠪᠦᠰᠡ ᠬᠤᠲᠠ ᠬᠥᠳᠡᠭᠡ ᠶᠢ ᠥᠷᠭᠡᠨ ᠢᠶᠠᠷ ᠬᠠᠮᠤᠷᠤᠭᠰᠠᠨ᠂ ᠬᠦᠢᠰᠦ ᠵᠠᠩᠭᠢᠯᠠᠭ᠎ᠠ ᠶᠢᠨ ᠦᠢᠯᠡᠳᠦᠯ ᠴᠢᠳᠠᠮᠵᠢ ᠪᠠᠷ ᠲᠡᠭᠦᠯᠳᠡᠷ᠂ ᠲᠡᠭᠡᠭᠡᠪᠦᠷᠢ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠮᠥᠷᠲᠡᠭᠡᠨ ᠥᠨᠳᠥᠷ ᠪᠦᠲᠦᠮᠵᠢᠲᠡᠢ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢ ᠲᠦᠷᠭᠡᠨ ᠪᠦᠷᠢᠯᠳᠦᠭᠦᠯᠬᠦ ᠬᠡᠷᠡᠭᠲᠡᠢ᠃ ᠠᠵᠢᠯᠯᠠᠭᠠᠨ ᠤ ᠦᠷ᠎ᠡ ᠪᠦᠲᠦᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠡᠭᠦᠳᠡᠨ ᠠᠴᠠ ᠪᠣᠳᠣᠯᠬᠢᠯᠠᠨ᠂ ᠤᠭ ᠤᠨ ᠪᠠᠶᠢᠭᠰᠠᠨ ᠰᠠᠭᠤᠷᠢ ᠪᠡᠯᠡᠳᠬᠡᠮᠵᠢ ᠶᠢ ᠬᠠᠮᠢᠶᠠᠷᠬᠤ ᠪᠠ ᠠᠷᠠᠴᠢᠯᠠᠨ ᠬᠠᠮᠠᠭᠠᠯᠠᠬᠤ ᠠᠵᠢᠯ ᠢ ᠬᠦᠴᠦᠯᠡᠨ ᠰᠠᠶᠢᠲᠤᠷ ᠬᠢᠵᠦ᠂ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠮ ᠬᠠᠷᠢᠯᠴᠠᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠵᠠᠰᠠᠮᠠᠯ ᠵᠠᠮ ᠤᠨ ᠪᠠᠶᠢᠭᠤᠯᠤᠯᠲᠠ ᠬᠢᠭᠡᠳ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠵᠠᠮ ᠤᠨ ᠲᠣᠣᠷ ᠢ ᠰᠢᠯᠤᠭᠤᠳᠬᠠᠬᠤ ᠪᠠᠷ ᠳᠠᠮᠵᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ᠠᠵᠤ ᠦᠢᠯᠡᠰ ᠤᠨ ᠬᠥᠭᠵᠢᠯᠲᠡ ᠪᠠᠷ ᠠᠵᠤ ᠠᠬᠤᠢ ᠶᠢᠨ ᠠᠮᠢᠵᠢᠷᠠᠯ ᠢ ᠪᠠᠳᠠᠷᠠᠭᠠᠨ ᠳᠠᠶᠢᠴᠢᠯᠠᠬᠤ ᠶᠢ ᠪᠠᠷᠢᠮᠲᠠᠯᠠᠵᠤ᠂ ᠠᠷᠠᠳ ᠣᠯᠠᠨ ᠢ ᠴᠢᠨᠡᠭᠡᠯᠢᠭᠵᠢᠭᠦᠯᠬᠦ ᠬᠡᠷᠡᠭᠲᠡᠢ᠃ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠶᠢᠭᠤᠯᠤᠯᠲᠠ ᠪᠠ ᠬᠤᠰᠢᠭᠤ ᠰᠢᠶᠠᠨ ᠳᠤ ᠨᠡᠪᠲᠡᠷᠡᠬᠦ ᠤᠯᠤᠰ ᠤᠨ ᠡᠩ ᠤᠨ ᠵᠠᠮ ᠢ ᠳᠡᠰ ᠳᠡᠪᠰᠢᠭᠦᠯᠦᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠭᠤᠣᠯ ᠪᠣᠯᠬᠤ ᠨᠡᠪᠲᠡᠷᠬᠡᠢ ᠵᠠᠮ ᠢ ︽ᠭᠠᠳᠠᠭᠰᠢ ᠨᠡᠪᠲᠡᠷᠡᠭᠦᠯᠦᠨ ᠳᠣᠲᠣᠭᠰᠢ ᠬᠤᠯᠪᠣᠯᠳᠤᠭᠤᠯᠬᠤ︾᠎ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ ᠵᠠᠮ ᠤᠨ ᠠᠮᠤᠷ ᠲᠦᠪᠰᠢᠨ ᠪᠠ ᠠᠮᠢ ᠨᠠᠰᠤ ᠶᠢ ᠰᠡᠷᠭᠡᠶᠢᠯᠡᠨ ᠬᠠᠮᠠᠭᠠᠯᠠᠬᠤ ᠢᠨᠵᠧᠨᠧᠷᠢᠩ ᠤᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠲᠠᠢ ᠬᠥᠭᠦᠷᠭᠡ ᠶᠢ ᠵᠠᠰᠠᠨ ᠪᠠᠶᠢᠭᠤᠯᠬᠤ ᠪᠠ ᠨᠠᠷᠢᠨ ᠵᠠᠮ ᠤᠨ ᠰᠠᠭᠤᠷᠢ ᠪᠠ ᠭᠠᠳᠠᠷᠭᠤ ᠶᠢᠨ ᠬᠡᠰᠡᠭ ᠢ ᠵᠠᠰᠠᠨ ᠪᠠᠶᠢᠭᠤᠯᠬᠤ ᠬᠡᠷᠡᠭᠲᠡᠢ᠃ ︽ ᠦᠨᠡᠨ ᠠᠴᠠ ᠵᠥᠪ ᠢ ᠡᠷᠢᠬᠦ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ︾ ᠵᠠᠷᠴᠢᠮ ᠢ ᠪᠠᠷᠢᠮᠲᠠᠯᠠᠵᠤ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠲᠡᠢ ᠣᠷᠣᠨ ᠪᠠ ᠤᠯᠤᠰ ᠤᠨ ᠥᠮᠴᠢᠯᠡᠯᠲᠦ ᠰᠢᠭᠤᠶᠢᠲᠤ ᠣᠷᠣᠨ ᠤ ᠵᠠᠰᠠᠮᠠᠯ ᠵᠠᠮ ᠢ ᠰᠢᠨᠵᠢᠯᠡᠬᠦ ᠤᠬᠠᠭᠠᠨᠴᠢ ᠮᠥᠷᠲᠡᠭᠡᠨ ᠵᠦᠢ ᠵᠣᠬᠢᠰᠲᠠᠢ ᠲᠥᠯᠥᠪᠵᠢᠭᠦᠯᠦᠨ ᠪᠠᠶᠢᠭᠤᠯᠵᠤ᠂ ᠰᠢᠨ᠎ᠡ ᠡᠬᠢ ᠪᠠᠶᠠᠯᠢᠭ ᠤᠨ ᠵᠠᠮ᠂ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ ᠢ ᠨᠡᠭᠡᠭᠡᠵᠦ᠂ ︽ᠵᠠᠮ ᠬᠠᠷᠢᠯᠴᠠᠭ᠎ᠠ  +   ᠣᠨᠴᠠᠯᠢᠭᠲᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ︾᠂ ︽ᠵᠠᠮ ᠬᠠᠷᠢᠯᠴᠠᠭ᠎ᠠ + ᠲᠦᠷᠭᠡᠨ ᠢᠯᠡᠭᠡᠯᠲᠡ︾ ᠎ ᠶᠢᠨ ᠠᠵᠢᠯᠯᠠᠭ᠎ᠠ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠪᠠᠷ ᠠᠴᠢᠶᠠᠯᠠᠭᠴᠢ ᠪᠣᠯᠭᠠᠵᠤ᠂ ᠰᠢᠶᠠᠩ ᠪᠠᠯᠭᠠᠰᠤ ᠪᠠ ᠪᠠᠶᠢᠭᠤᠯᠤᠯᠲᠠᠲᠤ ᠲᠣᠰᠬᠤᠨ ᠳᠤ ᠠᠶᠠᠨᠴᠢᠨ ᠤ ᠲᠡᠷᠭᠡ ᠨᠡᠪᠲᠡᠷᠡᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠤᠨ ᠤ ᠪᠣᠳᠠᠰ ᠤᠨ ᠭᠦᠢᠯᠭᠡᠭᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ 2020 ᠣᠨ ᠪᠣᠯᠬᠤ ᠳᠤ᠂ ︽ᠭᠠᠳᠠᠭᠰᠢ ᠨᠡᠪᠲᠡᠷᠡᠭᠦᠯᠦᠨ ᠳᠣᠲᠣᠭᠰᠢ ᠬᠤᠯᠪᠣᠯᠳᠤᠭᠤᠯᠤᠭᠰᠠᠨ᠂ ᠬᠥᠳᠡᠭᠡ ᠲᠣᠰᠬᠤᠨ ᠳᠤ ᠰᠠᠭᠠᠳ ᠦᠭᠡᠢ ᠨᠡᠪᠲᠡᠷᠡᠭᠰᠡᠨ᠂ ᠠᠶᠠᠨᠴᠢᠨ ᠤ ᠲᠡᠷᠭᠡ ᠲᠣᠰᠬᠤᠨ ᠪᠦᠬᠦᠨ ᠳᠤ ᠨᠡᠪᠲᠡᠷᠡᠭᠰᠡᠨ᠂ ᠠᠮᠤᠷ ᠲᠦᠪᠰᠢᠨ ᠳᠥᠭᠦᠮ ᠳᠥᠲᠡ︾ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠪᠦᠬᠦ ᠬᠦᠴᠦ ᠪᠠᠷ ᠢᠶᠠᠨ ︽ᠵᠠᠮ ᠬᠠᠷᠢᠯᠴᠠᠭ᠎ᠠ ᠪᠠᠷ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠳᠠᠶᠢᠨ︾᠎ ᠤ ᠢᠯᠠᠯᠲᠠ ᠢ ᠣᠯᠬᠤ ᠬᠡᠷᠡᠭᠲᠡᠢ︔ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠤᠶᠢᠪᠢᠰᠢ ᠦᠭᠡᠢ ᠪᠠᠳᠠᠷᠠᠭᠤᠯᠵᠤ᠂ ᠠᠵᠢᠯ ᠲᠥᠷᠥᠯ ᠤᠨ ᠬᠥᠭᠵᠢᠯᠲᠡ ᠶᠢᠨ ᠶᠠᠰᠤ ᠴᠢᠨᠠᠷ ᠪᠠ ᠭᠤᠣᠯᠯᠠᠬᠤ ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠪᠠᠷ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠠᠶᠢᠭᠤᠯᠬᠤ ᠶᠢᠨ ᠲᠡᠷᠢᠭᠦᠨ ᠤ ᠬᠥᠳᠡᠯᠭᠡᠭᠴᠢ ᠬᠦᠴᠦᠨ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠦᠨ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠨᠡᠮᠡᠭᠳᠡᠭᠦᠯᠬᠦ ᠶᠢ ᠠᠬᠢᠭᠤᠯᠵᠤ᠂ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠪᠠ ᠲᠡᠭᠡᠭᠡᠪᠦᠷᠢᠯᠡᠨ ᠠᠴᠢᠶᠠᠯᠠᠬᠤ ᠪᠠᠭᠠᠵᠢ  ᠬᠡᠷᠡᠭᠰᠡᠯ ᠤᠨ ᠲᠣᠭᠠᠴᠢᠯᠠᠭᠰᠠᠨ᠂ ᠰᠦᠯᠵᠢᠶᠡᠵᠢᠭᠰᠡᠨ᠂ ᠣᠶᠣᠨᠴᠢᠯᠠᠭᠰᠠᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠵᠠᠮ ᠬᠠᠷᠢᠯᠴᠠᠭᠠᠨ ᠤ ᠲᠣᠮᠣ ᠳ᠋ᠠᠶᠢᠲ᠋ᠠ ᠶᠢ ᠰᠢᠨᠡᠴᠢᠯᠡᠨ ᠬᠡᠷᠡᠭᠯᠡᠬᠦ ᠶᠢ ᠠᠬᠢᠭᠤᠯᠤᠨ᠂ ᠢᠨᠲ᠋ᠧᠷ ᠰᠦᠯᠵᠢᠶ᠎ᠡ ᠬᠢᠭᠡᠳ ᠲᠡᠭᠡᠭᠡᠪᠦᠷᠢ ᠶᠢᠨ ᠦᠢᠯᠡᠴᠢᠯᠡᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠢᠲᠡᠭᠡᠮᠵᠢ ᠪᠠᠷ ᠭᠤᠣᠯᠯᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠵᠠᠭᠪᠤᠷ ᠢ ᠲᠦᠷᠭᠡᠬᠡᠨ ᠪᠠᠶᠢᠭᠤᠯᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号