ᠥᠪᠥᠷ ᠮᠣᠩᠭᠤᠯ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠲᠣᠭᠲᠠᠭᠠᠵᠦ ᠣᠷᠣᠨ ᠨᠤᠲᠤᠭ ᠤᠨ ᠠᠶᠢᠮᠠᠭ | ᠬᠤᠲᠠ᠂ ᠬᠤᠰᠢᠭᠤ ᠰᠢᠶᠠᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠤᠰᠬᠠᠶ ᠵᠦᠢᠯ ᠤᠨ ᠪᠥᠳᠥᠭᠡᠨ | ᠪᠠᠶᠢᠭᠤᠯᠤᠯᠲᠠ ᠶᠢᠨ ᠰᠠᠭᠤᠷᠢ ᠮᠥᠩᠭᠦ ᠪᠠ ᠤᠷᠲᠤ ᠬᠤᠭᠤᠴᠠᠭᠠᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ | ᠵᠢᠭᠡᠯᠡᠯᠭᠡ ᠶᠢᠨ ᠵᠢᠭᠡᠯᠡᠯᠭᠡ ᠪᠤᠴᠠᠭᠠᠬᠤ ᠬᠠᠷᠢᠭᠤᠴᠠᠯᠭ᠎ᠠ ᠶᠢ ᠳᠠᠬᠢᠨ ᠡᠭᠦᠷᠭᠡᠯᠡᠬᠦ ᠦᠭᠡᠢ ᠪᠣᠯᠭᠠᠪᠠ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠤᠰᠬᠠᠶ | ᠵᠦᠢᠯ ᠤᠨ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠪᠠ ᠤᠷᠳᠤ ᠬᠤᠭᠤᠴᠠᠭᠠᠨ ᠤ ᠲᠦᠷᠦ ᠶᠢᠨ ᠪᠤᠳᠤᠯᠭ᠎ᠠ | ᠶᠢᠨ ᠴᠢᠨᠠᠷᠲᠠᠶ ᠵᠢᠭᠡᠯᠡᠯᠭᠡ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ | ᠱᠠᠲᠤᠨ ᠤ ᠡᠳ᠋ ᠤᠨ ᠵᠠᠰᠠᠭ 5 :1: 4 ᠶᠢᠨ ᠬᠠᠷᠢᠴᠠᠯ ᠢᠶᠠᠷ ᠵᠢᠭᠡᠯᠡᠯᠭᠡ ᠪᠤᠴᠠᠭᠠᠵᠦ ᠪᠠᠶᠢᠭᠰᠠᠨ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ | ᠳᠠᠮᠵᠢᠭᠤᠯᠤᠨ᠂ ᠥᠪᠥᠷ ᠮᠣᠩᠭᠤᠯ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠡᠯᠡ ᠣᠷᠣᠭᠤᠯᠤᠯᠲᠠ ᠶᠢᠨ | ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠨᠢᠭᠡᠳᠦᠯᠲᠡᠶ ᠵᠢᠭᠡᠯᠡᠯᠭᠡ ᠠᠪᠴᠤ ᠨᠢᠭᠡᠳᠦᠯᠲᠡᠶ | ᠲᠥᠯᠥᠬᠦ ᠪᠣᠯᠭᠠᠵᠤ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠵᠢᠭᠡᠯᠡᠯᠭᠡ ᠪᠤᠴᠠᠭᠠᠬᠤ | ᠬᠠᠷᠢᠭᠤᠴᠠᠯᠭ᠎ᠠ ᠶᠢ ᠳᠠᠬᠢᠵᠤ ᠡᠭᠦᠷᠭᠡᠯᠡᠬᠦ ᠦᠭᠡᠢ ᠪᠣᠯᠭᠠᠨ ᠲᠣᠬᠢᠷᠠᠭᠤᠯᠵᠠᠢ᠃ ᠵᠢᠭᠡᠯᠡᠯᠭᠡ ᠪᠤᠴᠠᠭᠠᠬᠤ ᠪᠡᠯᠡ ᠮᠥᠩᠭᠦᠨ | ᠤ ᠢᠷᠡᠯᠳᠡ ᠪᠣᠯ ᠥᠪᠡᠷᠲᠡᠭᠡᠨ ᠵᠠᠰᠠᠬᠤ ᠣᠷᠣᠨ ᠤ ᠵᠢᠯ ᠪᠦᠷᠢ ᠶᠢᠨ ᠲᠥᠰᠦᠪ ᠲᠤ ᠲᠣᠬᠢᠷᠠᠭᠤᠯᠤᠭᠰᠠᠨ ᠠᠮᠢ ᠠᠬᠤᠶ | ᠬᠡᠪᠡᠷᠡᠭ ᠭᠠᠵᠠᠷ ᠣᠷᠣᠨ ᠤ ᠠᠷᠠᠳ ᠢ ᠨᠡᠭᠦᠯᠭᠡᠨ ᠶᠠᠳᠠᠭᠤ ᠶᠢ ᠲᠡᠳᠬᠦᠬᠦ 6.1 ᠳ᠋ᠦᠩᠰᠢᠭᠤᠷ ᠲᠥᠭᠦᠷᠢᠭ ᠤᠨ | ᠲᠤᠰᠬᠠᠶ ᠪᠡᠯᠡ ᠮᠥᠩᠭᠦ ᠪᠣᠯᠣᠨ᠎ᠠ᠃ | ᠥᠪᠥᠷ ᠮᠣᠩᠭᠤᠯ ᠲᠣᠳᠣᠷᠬᠠᠶ ᠲᠣᠭᠲᠠᠭᠠᠭᠰᠠᠨ ᠨᠢ᠄ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ | ᠨᠡᠭᠦᠯᠭᠡᠨ ᠰᠢᠯᠵᠢᠭᠦᠯᠬᠦ ᠶᠠᠳᠠᠭᠤ ᠬᠦᠴᠢᠷᠳᠡᠯ ᠲᠠᠢ ᠡᠷᠦᠬᠡ ᠶᠢᠨ ᠣᠷᠣᠨ ᠰᠠᠭᠤᠴᠠ ᠶᠢᠨ ᠪᠥᠳᠥᠭᠡᠨ | ᠪᠠᠶᠢᠭᠤᠯᠤᠯᠲᠠ ᠶᠢᠨ ᠲᠠᠯᠠᠪᠠᠢ ᠶᠢ ᠬᠥᠮᠦᠨ ᠪᠦᠷᠢ 25 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ᠂ | ᠥᠪᠡᠰᠦᠪᠡᠨ ᠴᠤᠭᠯᠠᠭᠤᠯᠬᠤ ᠪᠡᠯᠡ ᠮᠥᠩᠭᠦ ᠶᠢ ᠡᠷᠦᠬᠡ ᠳᠤᠮᠳᠠᠴᠢ ᠪᠠᠷ 1 ᠲᠦᠮᠡᠨ ᠲᠥᠭᠦᠷᠢᠭ ᠠᠴᠠ ᠬᠡᠲᠦᠷᠡᠭᠦᠯᠬᠦ | ᠦᠭᠡᠢ ᠪᠣᠯᠭᠠᠵᠠᠢ᠃ ᠡᠨᠡ ᠬᠦ ᠰᠠᠭᠤᠷᠢᠨ ᠳᠡᠭᠡᠷ᠎ᠡ᠂ ᠬᠥᠮᠦᠨ ᠪᠦᠷᠢ ᠳᠤᠮᠳᠠᠴᠢ ᠪᠠᠷ 6 ᠲᠦᠮᠡᠨ ᠲᠥᠭᠦᠷᠢᠭ ᠤᠨ | ᠪᠠᠷᠢᠮᠵᠢᠶ᠎ᠠ ᠪᠠᠷ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠨᠡᠭᠦᠯᠭᠡᠨ ᠰᠢᠯᠵᠢᠭᠦᠯᠬᠦ ᠡᠷᠦᠭᠡ ᠳᠤ ᠬᠥᠮᠦᠨ | ᠪᠦᠷᠢ 2 ᠲᠦᠮᠡᠨ ᠲᠥᠭᠦᠷᠢᠭ ᠤᠨ ᠬᠠᠮᠤᠭ ᠤᠨ ᠳᠣᠣᠷ᠎ᠠ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠵᠤ᠂ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠶᠢ ᠡᠷᠬᠡᠪᠰᠢ | ᠣᠷᠣᠨ ᠰᠠᠭᠤᠴᠠ ᠶᠢᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠠᠴᠠ ᠭᠠᠳᠠᠨ᠎ᠠ᠂ ᠲᠤᠰᠬᠠᠶ ᠪᠦᠳᠤᠭᠡᠨ | ᠪᠠᠶᠢᠭᠤᠯᠤᠯᠲᠠ ᠶᠢᠨ ᠰᠠᠭᠤᠷᠢ ᠮᠥᠩᠭᠦ᠂ ᠤᠷᠳᠤ ᠬᠤᠭᠤᠴᠠᠭᠠᠨ ᠤ ᠲᠦᠷᠦ ᠶᠢᠨ ᠪᠤᠳᠤᠯᠭ᠎ᠠ ᠶᠢᠨ ᠴᠢᠨᠠᠷᠲᠠᠶ | ᠵᠢᠭᠡᠯᠡᠯᠭᠡ ᠶᠢ ᠡᠩ ᠲᠡᠷᠢᠭᠦᠨ ᠳᠤ ᠨᠡᠭᠦᠯᠭᠡᠨ ᠰᠢᠯᠵᠢᠭᠦᠯᠬᠦ ᠶᠠᠳᠠᠭᠤ ᠬᠦᠴᠢᠷᠳᠡᠯ ᠲᠠᠢ ᠡᠷᠦᠬᠡ ᠶᠢᠨ ᠣᠷᠣᠨ | ᠰᠠᠭᠤᠴᠠ ᠵᠢᠴᠢ ᠰᠠᠭᠤᠷᠢ ᠪᠡᠯᠡᠳᠬᠡᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠪᠣᠯᠭᠠᠵᠠᠢ᠃ ᠨᠡᠭᠦᠯᠭᠡᠨ ᠰᠢᠯᠵᠢᠭᠦᠯᠬᠦ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ | ᠶᠠᠳᠠᠭᠤ ᠬᠦᠴᠢᠷᠳᠡᠯ ᠲᠠᠢ ᠭᠠᠭᠴᠠ ᠡᠷᠦᠬᠡ ᠭᠠᠭᠴᠠ ᠬᠥᠮᠦᠨ ᠪᠣᠯ᠂ ᠥᠪᠥᠷ ᠮᠣᠩᠭᠤᠯ ᠣᠷᠣᠨ ᠨᠤᠲᠤᠭ ᠤᠨ | ᠵᠠᠰᠠᠭ ᠤᠨ ᠣᠷᠳᠣᠨ ᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠬᠠᠷᠢᠯᠴᠠᠨ ᠬᠠᠪᠰᠤᠷᠤᠯᠴᠠᠬᠤ | ᠵᠣᠯ ᠵᠢᠷᠭᠠᠯ ᠤᠨ ᠬᠦᠷᠢᠶᠡᠯᠡᠩ ᠢ ᠠᠰᠢᠭᠯᠠᠨ ᠲᠥᠪᠬᠢᠨᠡᠭᠦᠯᠬᠦ ᠪᠣᠯᠭᠠᠵᠠᠢ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠢ ᠭᠠᠵᠠᠷ | ᠰᠢᠷᠣᠶ ᠶᠢᠨ ᠨᠡᠮᠡᠭᠳᠡᠯ ᠬᠠᠰᠤᠭᠳᠠᠯ ᠲᠠᠢ ᠬᠤᠯᠪᠣᠭᠳᠠᠭᠤᠯᠬᠤ ᠶᠢ ᠨᠢᠭᠡᠨᠲᠡ ᠡᠬᠢᠯᠡᠭᠦᠯᠵᠦ᠂ ᠬᠠᠮᠢᠶ᠎ᠠ ᠪᠦᠬᠦᠢ ᠲᠥᠷᠥᠯ | ᠵᠦᠢᠯ ᠠᠴᠠ ᠡᠭᠦᠰᠦᠭᠰᠡᠨ ᠠᠰᠢᠭ ᠢ ᠨᠡᠭᠦᠯᠭᠡᠨ ᠰᠢᠯᠵᠢᠭᠦᠯᠬᠦ ᠠᠷᠠᠳ ᠤᠨ ᠬᠠᠭᠤᠴᠢᠨ ᠣᠷᠣᠨ ᠰᠠᠭᠤᠴᠠ ᠶᠢ | ᠨᠤᠷᠠᠭᠠᠭᠰᠠᠨ ᠪᠠ ᠭᠠᠵᠠᠷ ᠰᠢᠷᠣᠶ ᠶᠢ ᠰᠡᠷᠭᠦᠭᠡᠨ ᠬᠠᠭᠠᠯᠪᠤᠷᠢᠯᠠᠭᠰᠠᠨ ᠨᠥᠬᠦᠪᠥᠷᠢ ᠥᠭᠬᠦ ᠵᠢᠴᠢ ᠱᠠᠩᠨᠠᠯ ᠥᠭᠬᠦ ᠳᠤ | ᠬᠡᠷᠡᠭᠯᠡᠬᠦ ᠠᠴᠠ ᠭᠠᠷᠭᠠᠪᠠᠯ᠂ ᠦᠯᠡᠳᠡᠪᠦᠷᠢ ᠪᠡᠯᠡ ᠮᠥᠩᠭᠦ ᠶᠢ ᠨᠡᠭᠦᠯᠭᠡᠨ ᠰᠢᠯᠵᠢᠭᠦᠯᠦᠭᠰᠡᠨ ᠠᠷᠠᠳ ᠤᠨ ᠵᠠᠯᠭᠠᠮᠵᠢ | ᠠᠵᠤ ᠦᠢᠯᠡᠰ ᠢ ᠬᠥᠭᠵᠢᠭᠦᠯᠬᠦ ᠪᠠ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠶᠢ ᠲᠡᠳᠬᠦᠨ ᠳᠡᠮᠵᠢᠬᠦ ᠳᠤ | ᠬᠡᠷᠡᠭᠯᠡᠬᠦ ᠪᠣᠯᠭᠠᠵᠠᠢ᠃ |