ᠥᠪᠥᠷ ᠮᠣᠩᠭᠤᠯ ᠤᠯᠤᠰ ᠤᠨ ᠳᠣᠲᠣᠭᠠᠳᠤ ᠭᠠᠳᠠᠭᠠᠳᠤ ᠠᠴᠠ ᠰᠣᠶᠣᠯ ᠵᠢᠭᠤᠯᠴᠢᠯᠠᠯ ᠤᠨ ᠪᠦᠲᠦᠭᠡᠯᠴᠢ ᠵᠢᠷᠤᠭ ᠲᠥᠯᠥᠪᠯᠡᠭᠡ ᠶᠢᠨ ᠪᠦᠲᠦᠭᠡᠯ ᠡᠯᠰᠡᠨ ᠴᠤᠭᠯᠠᠭᠤᠯᠵᠤ ᠪᠤᠶ
ᠨᠡᠶᠢᠲᠡᠯᠡᠭᠰᠡᠨ ᠴᠠᠭ᠄
2018/4/20
      ᠥᠪᠥᠷ ᠮᠣᠩᠭᠤᠯ ᠤᠯᠤᠰ ᠤᠨ ᠳᠣᠲᠣᠭᠠᠳᠤ ᠭᠠᠳᠠᠭᠠᠳᠤ ᠠᠴᠠ ᠰᠣᠶᠣᠯ ᠵᠢᠭᠤᠯᠴᠢᠯᠠᠯ ᠤᠨ ᠪᠦᠲᠦᠭᠡᠯᠴᠢ ᠵᠢᠷᠤᠭ ᠲᠥᠯᠥᠪᠯᠡᠭᠡ ᠶᠢᠨ ᠪᠦᠲᠦᠭᠡᠯ ᠡᠯᠰᠡᠨ ᠴᠤᠭᠯᠠᠭᠤᠯᠵᠤ᠂ ᠰᠣᠶᠣᠯ ᠤᠨ ᠡᠭᠦᠳᠦᠨ ᠪᠦᠲᠦᠭᠡᠬᠦ ᠰᠡᠳᠬᠢᠮᠵᠢ ᠶᠢ ᠠᠰᠢᠭᠯᠠᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠯᠳᠠ ᠥᠷᠲᠡᠭ ᠢ ᠬᠥᠭᠵᠢᠭᠡᠬᠦ ᠪᠠᠷ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠨᠢ ︽ᠲᠠᠯ᠎ᠠ ᠨᠤᠲᠤᠭ ᠢᠶᠠᠨ ᠵᠢᠷᠤᠭᠯᠠᠵᠤ · ᠢᠷᠡᠭᠡᠳᠦᠶ ᠶᠢᠨ ᠬᠦᠰᠡᠯᠡᠩ ᠢᠶᠠᠨ ᠲᠡᠷᠭᠡᠯᠰᠢᠭᠦᠯᠦᠶ᠎ᠡ︾ ᠪᠠᠷ ᠭᠤᠣᠯ ᠰᠡᠳᠦᠪ ᠢᠶᠠᠨ ᠪᠣᠯᠭᠠᠪᠠ᠃ 7 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ ᠡᠯᠰᠡᠵᠦ᠂ ᠶᠡᠷᠦᠩᠬᠡᠶ ᠱᠠᠩᠨᠠᠯ ᠤᠨ ᠮᠥᠩᠭᠦ ᠶᠢ 110 ᠲᠦᠮᠡᠨ ᠲᠥᠭᠦᠷᠢᠭ ᠪᠡᠯᠡᠳᠬᠡᠵᠡᠢ᠃ ᠭᠤᠣᠯᠳᠠᠭᠤ ᠰᠣᠶᠣᠯ ᠵᠢᠭᠤᠯᠴᠢᠯᠠᠯ ᠤᠨ ᠲᠦᠷᠢ ᠲᠥᠷᠬᠦ ᠶᠢ ᠳᠡᠯᠭᠡᠷᠡᠭᠦᠯᠬᠦ ᠵᠢᠷᠤᠭ ᠲᠥᠯᠥᠪᠯᠡᠭᠡᠨ ᠤ ᠲᠥᠷᠥᠯ᠂ ᠰᠣᠶᠣᠯ ᠵᠢᠭᠤᠯᠴᠢᠯᠠᠯ ᠤᠨ ᠲᠠᠸᠠᠷ ᠤᠨ ᠵᠢᠷᠤᠭ ᠲᠥᠯᠥᠪᠯᠡᠭᠡᠨ ᠤ ᠲᠦᠷᠦᠯ᠂ ᠰᠣᠶᠣᠯ ᠵᠢᠭᠤᠯᠴᠢᠯᠠᠯ ᠤᠨ ᠤᠯᠠᠨ ᠨᠡᠶᠢᠲᠡ ᠶᠢᠨ ᠣᠷᠣᠨ ᠵᠠᠢ ᠶᠢᠨ ᠵᠢᠷᠤᠭ ᠲᠥᠯᠥᠪᠯᠡᠭᠡᠨ ᠤ ᠲᠥᠷᠥᠯ᠂ ᠣᠨᠴᠠᠭᠠᠶ ᠵᠢᠷᠤᠭ ᠲᠥᠯᠥᠪᠯᠡᠭᠡᠨ ᠤ ᠲᠥᠷᠥᠯ ᠵᠡᠷᠭᠡ ᠶᠢᠨ ᠪᠦᠲᠦᠭᠡᠯ ᠢ ᠡᠯᠰᠡᠨ ᠴᠤᠭᠯᠠᠭᠤᠯᠵᠤ᠂ ᠥᠪᠥᠷ ᠮᠣᠩᠭᠤᠯ ᠤᠨ ᠭᠤᠶᠤ ᠰᠠᠶᠢᠬᠠᠨ ᠲᠡᠨᠢᠭᠡᠷ ᠠᠭᠤᠳᠠᠮ ᠦᠵᠡᠮᠵᠢ᠂ ᠥᠨᠢ ᠤᠳᠠᠭᠠᠨ ᠲᠡᠦᠬᠡ ᠰᠣᠶᠣᠯ᠂ ᠠᠷᠠᠳ ᠲᠦᠮᠡᠨ ᠤ ᠬᠠᠯᠠᠭᠤᠮᠰᠠᠭ ᠵᠣᠴᠢᠨᠰᠠᠭ ᠰᠠᠶᠢᠨ ᠰᠠᠶᠢᠬᠠᠨ ᠳᠦᠷᠢ ᠳᠥᠷᠬᠦ ᠶᠢ ᠨᠡᠶᠢᠲᠡ ᠣᠯᠠᠨ ᠳᠤ ᠨᠡᠩ ᠰᠠᠶᠢᠨ ᠲᠠᠨᠢᠭᠤᠯᠬᠤ ᠪᠠᠷ ᠵᠣᠷᠢᠯᠭ᠎ᠠ ᠪᠣᠯᠭᠠᠵᠠᠢ᠃      ᠲᠤᠰ ᠤᠳᠠᠭᠠᠨ ᠤ ᠠᠵᠢᠯᠯᠠᠭ᠎ᠠ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠵᠢᠷᠤᠭ ᠲᠥᠯᠥᠪᠯᠡᠭᠡᠨ ᠤ ᠪᠠᠶᠢᠭᠤᠯᠤᠮᠵᠢ ᠲᠠᠢ ᠲᠣᠭᠲᠠᠭᠰᠠᠨ ᠴᠢᠭᠯᠡᠯ ᠢᠶᠠᠷ ᠬᠠᠮᠲᠤᠷᠠᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠰᠢᠯᠢᠳᠡᠭ ᠵᠢᠷᠤᠭᠯᠠᠭᠴᠢ ᠶᠢ ᠲᠤᠰᠬᠠᠶᠢᠯᠠᠨ ᠤᠷᠢᠵᠤ ᠥᠪᠥᠷ ᠮᠣᠩᠭᠤᠯ ᠤᠨ ᠦᠵᠡᠮᠵᠢ ᠶᠢᠨ ᠣᠷᠣᠨ᠂ ᠮᠦᠽᠧᠶ  ᠶᠢᠨ ᠵᠢᠭᠤᠯᠴᠢᠯᠠᠯ ᠤᠨ ᠲᠦᠷᠢ ᠲᠥᠷᠬᠦ ᠪᠣᠯᠣᠨ ᠵᠢᠭᠤᠯᠴᠢᠯᠠᠯ ᠤᠨ ᠲᠠᠸᠠᠷ ᠲᠤ ᠪᠦᠲᠦᠭᠡᠯᠴᠢ ᠵᠢᠷᠤᠭ ᠲᠥᠯᠥᠪᠯᠡᠭᠡ ᠬᠢᠯᠭᠡᠵᠦ᠂ ᠰᠢᠯᠢᠳᠡᠭ ᠰᠣᠶᠣᠯ ᠤᠨ ᠪᠦᠲᠦᠭᠡᠯᠴᠢ ᠵᠢᠷᠤᠭᠯᠠᠯ ᠢ ᠠᠵᠤ ᠦᠢᠯᠡᠰᠵᠢᠭᠦᠯᠦᠨ ᠨᠡᠪᠴᠢᠭᠦᠯᠬᠦ ᠶᠢ ᠲᠦᠯᠬᠢᠨ ᠠᠬᠢᠭᠤᠯᠤᠨ᠎ᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠪᠠᠰᠠ ᠰᠣᠶᠣᠯ ᠵᠢᠭᠤᠯᠴᠢᠯᠠᠯ ᠤᠨ ᠪᠦᠲᠦᠭᠡᠯᠴᠢ ᠵᠢᠷᠤᠭ ᠲᠥᠯᠥᠪᠯᠡᠭᠡᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠰᠢᠯᠢᠳᠡᠭ ᠰᠠᠶᠢᠨ ᠪᠦᠲᠦᠭᠡᠯᠴᠢ ᠵᠢᠷᠤᠭᠯᠠᠯ ᠢ ᠰᠠᠭᠤᠷᠢᠰᠢᠭᠤᠯᠤᠨ ᠤᠯᠠᠷᠢᠭᠤᠯᠬᠤ ᠶᠢ ᠠᠬᠢᠭᠤᠯᠵᠤ᠂ ᠰᠣᠶᠣᠯ ᠤᠨ ᠪᠦᠲᠦᠭᠡᠯᠴᠢ ᠰᠡᠳᠬᠢᠮᠵᠢ ᠶᠢ ᠵᠠᠬ᠎ᠠ ᠳᠡᠯᠭᠡᠭᠦᠷ  ᠯᠦᠭᠡ ᠵᠤᠯᠭᠠᠭᠤᠯᠤᠨ᠂ ᠵᠢᠷᠤᠭ ᠲᠥᠯᠥᠪᠯᠡᠭᠡᠨ ᠤ ᠴᠢᠳᠠᠪᠤᠷᠢᠲᠠᠨ ᠢ ᠬᠤᠳᠠᠯᠳᠤᠭᠠᠨ ᠤ ᠲᠣᠬᠢᠶᠠᠯ ᠯᠤᠭ᠎ᠠ ᠵᠤᠯᠭᠠᠭᠤᠯᠵᠤ᠂ ᠦᠷᠡᠭᠡᠨ ᠣᠯᠠᠨ ᠲᠦᠮᠡᠨ ᠳᠤ ᠤᠷᠠᠯᠢᠭ ᠤᠨ ᠷᠢᠳᠢ ᠰᠢᠳᠢ ᠶᠢ ᠬᠦᠷᠲᠡᠭᠡᠨ᠂ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠵᠡᠷᠭᠡ ᠳᠡᠰ ᠳᠡᠪᠰᠢᠭᠦᠯᠬᠦ ᠶᠢ ᠠᠬᠢᠭᠤᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号