ᠨᠢᠭᠡᠳᠦᠭᠡᠷ ᠤᠯᠠᠷᠢᠯ ᠳᠤ ᠥᠪᠥᠷ ᠮᠣᠩᠭᠤᠯ ᠤᠨ ᠨᠡᠭᠦᠷᠡᠰᠦᠨ ᠤ ᠦᠨ᠎ᠡ ᠪᠠᠭ᠎ᠠ ᠦᠰᠪᠡ
ᠨᠡᠶᠢᠲᠡᠯᠡᠭᠰᠡᠨ ᠴᠠᠭ᠄
2018/4/23
      ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠤᠨ ᠨᠡᠭᠦᠷᠡᠰᠦᠨ ᠤ ᠦᠨ᠎ᠡ ᠦᠷᠭᠦᠯᠵᠢᠯᠡᠨ ᠪᠠᠭ᠎ᠠ ᠦᠰᠴᠦ᠂ ᠪᠦᠬᠦ ᠣᠷᠣᠨ ᠤ ᠬᠥᠳᠡᠯᠭᠡᠭᠴᠢ ᠬᠦᠴᠦᠨ ᠤ ᠨᠡᠭᠦᠷᠡᠰᠦᠨ ᠤ ᠠᠭᠤᠷᠬᠠᠶ ᠶᠢᠨ ᠠᠮᠠᠨ ᠳᠠᠬᠢ ᠳᠤᠮᠳᠠᠴᠢ ᠦᠨ᠎ᠡ ᠨᠢ ᠳᠤᠨ ᠪᠦᠷᠢ 218.56 ᠲᠥᠭᠦᠷᠢᠭ ᠪᠤᠯᠵᠤ᠂ ᠭᠠᠷᠠᠬᠠᠨ ᠬᠠᠷᠢᠴᠠᠯ ᠢᠶᠠᠷ 2.15% ᠦᠰᠴᠦ᠂ ᠠᠳᠠᠯᠢ ᠬᠤᠭᠤᠴᠠᠭᠠᠨ ᠤ ᠬᠢ ᠠᠴᠠ 8.34% ᠦᠰᠪᠡ᠃      ᠨᠢᠭᠡᠳᠦᠭᠡᠷ ᠤᠯᠠᠷᠢᠯ ᠳᠤ᠂ ᠨᠡᠭᠦᠷᠡᠰᠦᠨ ᠤ ᠦᠨ᠎ᠡ ᠤᠷᠢᠳᠠᠪᠠᠷ ᠥᠰᠴᠦ ᠳᠠᠷᠠᠭ᠎ᠠ ᠨᠢ ᠪᠠᠭᠤᠷᠠᠪᠠ᠃ 1 ᠳ᠋ᠤᠭᠡᠷ ᠰᠠᠷ᠎ᠠ ᠳᠤ᠂ ᠴᠠᠬᠢᠯᠭᠠᠨ ᠭᠠᠷᠭᠠᠬᠤ ᠦᠢᠯᠡᠳᠪᠦᠷᠢ ᠶᠢᠨ ᠡᠳᠦᠷ ᠤᠨ ᠥᠨᠳᠥᠷ ᠬᠤᠷᠣᠭᠳᠠᠯ᠂ ᠬᠥᠮᠥᠷᠭᠡ ᠶᠢᠨ ᠬᠠᠳᠠᠭᠠᠯᠠᠮᠵᠢ ᠪᠠᠭ᠎ᠠ ᠵᠢᠴᠢ ᠶᠡᠭᠡ ᠴᠠᠰᠤ ᠤᠷᠤᠭᠰᠠᠨ ᠨᠦᠯᠦᠭᠡᠯᠡᠯ ᠢᠶᠠᠷ᠂ ᠨᠡᠭᠦᠷᠡᠰᠦᠨ ᠤ ᠦᠨ᠎ᠡ ᠬᠠᠩᠰᠢ ᠪᠠᠭ᠎ᠠ ᠦᠰᠪᠡ᠃ 2 ᠳ᠋ᠤᠭᠠᠷ ᠰᠠᠷ᠎ᠠ ᠳᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠡᠷᠡᠭᠴᠡᠭᠡ ᠴᠦᠭᠡᠷᠡᠭᠰᠡᠨ ᠠᠴᠠ᠂ ᠴᠠᠬᠢᠯᠭᠠᠨ  ᠨᠡᠭᠦᠷᠡᠰᠦᠨ ᠤ ᠡᠳᠦᠷ ᠤᠨ ᠬᠤᠷᠣᠭᠳᠠᠯ ᠪᠠᠭᠠᠰᠴᠤ᠂ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ ᠪᠠᠭᠤᠷᠠᠭᠰᠠᠨ ᠪᠠᠶᠢᠨ᠎ᠠ᠃ 3 ᠳ᠋ᠤᠭᠠᠷ ᠰᠠᠷ᠎ᠠ ᠳᠤ᠂ ᠭᠠᠷᠤᠯᠲᠠ ᠶᠢᠨ ᠬᠡᠮᠵᠢᠶ᠎ᠡ᠂ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠡᠮᠡᠭᠳᠡᠭᠰᠡᠨ ᠠᠴᠠ ᠪᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠠᠭᠤᠵᠢᠭᠤ ᠪᠤᠯᠵᠤ᠂ ᠦᠨ᠎ᠡ ᠬᠠᠩᠰᠢ ᠪᠠᠭᠤᠷᠠᠵᠤ ᠡᠬᠢᠯᠡᠪᠡ᠃ ᠠᠳᠠᠯᠢ ᠬᠤᠭᠤᠴᠠᠭᠠᠨ ᠳᠤ᠂ ᠥᠪᠥᠷ ᠮᠣᠩᠭᠤᠯ ᠤᠨ ᠴᠠᠬᠢᠯᠭᠠᠨ ᠨᠡᠬᠦᠷᠡᠰᠦᠨ ᠤ ᠬᠤᠳᠠᠯᠳᠤᠨ ᠠᠪᠬᠤ ᠳᠤᠮᠳᠠᠴᠢ ᠦᠨ᠎ᠡ ᠬᠠᠩᠰᠢ ᠨᠢ ᠳᠤᠨ ᠪᠦᠷᠢ 208.84 ᠲᠥᠭᠦᠷᠢᠭ ᠪᠠᠶᠢᠵᠤ᠂ ᠭᠠᠷᠠᠬᠠᠨ ᠬᠠᠷᠢᠴᠠᠯ ᠢᠶᠠᠷ 0.14% ᠪᠠᠭ᠎ᠠ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 7.63% ᠦᠰᠪᠡ᠃      ᠮᠡᠷᠭᠡᠵᠢᠯ ᠤᠨ ᠬᠥᠮᠦᠰ ᠤᠨ ᠵᠢᠭᠠᠵᠤ ᠭᠠᠷᠭᠠᠭᠰᠠᠨ ᠢᠶᠠᠷ᠂ 2017 ᠣᠨ ᠠᠴᠠ ᠨᠠᠰᠢ᠂ ᠥᠪᠥᠷ ᠮᠣᠩᠭᠤᠯ ᠤᠨ ᠨᠡᠭᠦᠷᠡᠰᠦᠨ ᠤ ᠵᠠᠬ᠎ᠠ ᠳᠡᠯᠭᠡᠭᠦᠷ ᠦᠷᠭᠦᠯᠵᠢᠯᠡᠨ ᠲᠦᠷᠭᠡᠨ ᠢᠶᠠᠷ ᠥᠰᠬᠦ ᠬᠠᠨᠳᠤᠰᠢ ᠡᠴᠦᠰᠯᠡᠵᠤ᠂ ᠤᠷᠤᠨ ᠬᠡᠪᠴᠢᠶᠡᠨ ᠳᠤ ᠪᠠᠭ᠎ᠠ ᠬᠡᠮᠵᠢᠶ᠎ᠡ ᠪᠠᠷ ᠬᠡᠯᠪᠡᠯᠵᠡᠬᠦ ᠬᠠᠨᠳᠤᠰᠢ ᠢᠯᠡᠷᠡᠵᠤ᠂ ᠦᠨ᠎ᠡ ᠬᠠᠩᠰᠢ ᠨᠢ ᠳᠤᠨ ᠪᠦᠷᠢ 195 — 220 ᠲᠥᠭᠦᠷᠢᠭ ᠤᠨ ᠬᠤᠭᠤᠷᠤᠨᠳᠤ ᠬᠡᠯᠪᠡᠯᠵᠡᠵᠤ ᠪᠠᠶᠢᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号