ᠪᠦᠬᠦ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠦᠪᠦᠷ ᠮᠤᠩᠭᠤᠯ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2018/4/23
     4 ᠳ᠋ᠦ᠋ᠭᠡᠷ ᠰᠠᠷ᠎ᠠ ᠶᠢᠨ 21 ᠤ ᠡᠳᠦᠷ᠂ ︽ᠰᠤᠶᠤᠯ ᠤᠨ ᠰᠢᠨ᠎ᠡ ᠡᠬᠦᠳᠦᠯᠳᠡ ᠶᠢ ᠰᠠᠨᠠᠭᠠᠴᠢᠯᠠᠵᠤ᠂ ᠮᠡᠳᠡᠯᠬᠡ ᠶᠢᠨ ᠦᠮᠴᠢᠯᠡᠯ ᠤᠨ ᠡᠷᠬᠡ ᠶᠢ ᠬᠦᠨᠳᠦᠳᠬᠡᠬᠦ︾ 2018 ᠤᠨ ᠤ ᠪᠦᠬᠦ ᠤᠯᠤᠰ ᠤᠨ ᠮᠡᠳᠡᠯᠬᠡ ᠶᠢᠨ ᠦᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠦᠪᠦᠷ ᠮᠤᠩᠭᠤᠯ ᠤᠷᠤᠨ ᠤ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠬᠦᠬᠡᠬᠤᠳᠠ ᠳᠤ ᠶᠠᠪᠤᠭᠳᠠᠪᠠ᠃      ᠡᠬᠢᠯᠡᠯᠳᠡ ᠶᠢᠨ ᠶᠤᠰᠤᠯᠠᠯ ᠳᠤ᠂ ᠮᠠᠨ ᠤ ᠤᠷᠤᠨ ᠤ ᠠᠩᠬᠠᠳᠠᠭᠴᠢ ︽ᠬᠡᠪᠯᠡᠯ ᠤᠨ ᠡᠷᠬᠡ ᠶᠢᠨ ᠦᠢᠯᠡᠴᠢᠯᠡᠬᠡᠨ ᠤ ᠦᠷᠳᠡᠭᠡ︾ ᠶᠢᠨ ᠢᠯᠡᠷᠬᠡᠶᠢᠯᠡᠯ ᠢ ᠡᠯᠭᠦᠵᠤ᠂ ᠪᠦᠬᠦ ᠤᠯᠤᠰ ᠵᠢᠴᠢ ᠦᠪᠡᠷᠳᠡᠬᠡᠨ ᠵᠠᠰᠠᠬᠤ ᠤᠷᠤᠨ  ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠬᠡ ᠶᠢᠨ ᠦᠮᠴᠢᠯᠡᠯ ᠤᠨ ᠡᠷᠬᠡ ᠶᠢᠨ ᠰᠤᠷᠭᠠᠨ ᠬᠦᠮᠦᠵᠢᠯ ᠤᠨ ᠳᠤᠷᠰᠢᠯᠳᠠ ᠶᠢᠨ ᠰᠤᠷᠭᠠᠭᠤᠯᠢ ᠶᠢᠨ ᠲᠦᠯᠦᠬᠡᠯᠡᠭᠴᠢ ᠳᠤ ᠫᠠᠶᠢᠰᠠ ᠭᠠᠷᠳᠠᠭᠤᠯᠵᠤ᠂ ᠦᠪᠡᠷᠳᠡᠬᠡᠨ ᠵᠠᠰᠬᠠᠤ ᠤᠷᠤᠨ ᠤ ᠶᠡᠭᠡ ᠳᠡᠬᠡᠳᠤ ᠰᠤᠷᠭᠠᠭᠤᠯᠢ ᠶᠢᠨ 120 ᠭᠠᠷᠤᠢ ᠰᠠᠶᠢᠨ ᠳᠤᠷᠠᠴᠤᠤᠯ ᠤᠨ ᠲᠦᠯᠦᠬᠡᠯᠡᠭᠴᠢ ᠪᠠ ᠦᠪᠡᠷᠳᠡᠬᠡᠨ ᠵᠠᠰᠠᠬᠤ ᠤᠷᠤᠨ ᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠲᠦᠯᠦᠬᠡᠯᠡᠭᠴᠢ ᠳᠤᠬᠠᠢ ᠶᠢᠨ ᠳᠠᠯᠠᠪᠠᠢ ᠳᠤ ᠳᠠᠩᠭᠠᠷᠢᠭᠯᠠᠵᠤ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠦᠯᠳᠡ ᠶᠢ ᠠᠬᠢᠭᠤᠯᠵᠤ᠂ ᠪᠦᠬᠦ ᠨᠡᠶᠢᠭᠡᠮ ᠤᠨ ᠮᠡᠳᠡᠯᠬᠡ ᠶᠢᠨ ᠦᠮᠴᠢᠯᠡᠯ ᠤᠨ ᠡᠷᠬᠡ ᠶᠢᠨ ᠳᠠᠨᠢᠯᠳᠠ ᠶᠢ ᠳᠡᠬᠡᠭᠰᠢᠯᠡᠬᠦᠯᠵᠦ᠂ ᠮᠡᠳᠡᠯᠬᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠳᠤ ᠦᠪᠡᠷ ᠤᠨ ᠬᠤᠪᠢ ᠨᠡᠮᠡᠷᠢ ᠪᠠᠨ ᠦᠵᠡᠭᠦᠯᠬᠦ ᠪᠠᠷ ᠪᠠᠶᠢᠨ᠎ᠠ᠃      ᠡᠬᠢᠯᠡᠯᠳᠡ ᠶᠢᠨ ᠶᠤᠰᠤᠯᠠᠯ ᠤᠨ ᠠᠬᠤᠢ ᠳᠠᠯᠠᠪᠠᠢ ᠳᠤ᠂ ᠮᠡᠳᠡᠯᠬᠡ ᠶᠢᠨ ᠦᠮᠴᠢᠯᠡᠯ ᠤᠨ ᠡᠷᠬᠡ ᠲᠠᠢ ᠬᠤᠯᠪᠤᠭᠳᠠᠭᠰᠠᠨ ᠬᠠᠮᠢᠶ᠎ᠠ ᠪᠦᠬᠦᠢ ᠠᠵᠤ ᠠᠬᠤᠶᠢᠯᠠᠯ ᠨᠢᠬᠡᠴᠡ ᠠᠴᠠ ᠳᠤᠬᠠᠢ ᠶᠢᠨ ᠳᠠᠯᠠᠪᠠᠢ ᠳᠤ ᠲᠦᠪᠯᠡᠷᠡᠬᠦᠯᠦᠨ ᠤᠬᠠᠭᠤᠯᠬᠤ ᠪᠠ ᠠᠰᠠᠭᠤᠨ ᠯᠠᠪᠯᠠᠭ᠎ᠠ ᠦᠭᠬᠦ ᠬᠡᠯᠪᠡᠷᠢ ᠶᠢᠨ ᠠᠵᠢᠯᠯᠠᠭ᠎ᠠ ᠶᠢ ᠦᠷᠨᠢᠬᠦᠯᠵᠦ᠂ ᠦᠵᠡᠭᠦᠯᠦᠯᠬᠡ ᠶᠢᠨ ᠰᠠᠮᠪᠠᠷ᠎ᠠ᠂ ᠪᠤᠳᠠᠳᠠᠢ ᠪᠤᠳᠠᠰ ᠢ ᠦᠵᠡᠬᠦᠯᠬᠦ ᠬᠡᠯᠪᠡᠷᠢ ᠪᠠᠷ ᠨᠡᠶᠢᠭᠡᠮ ᠨᠡᠶᠢᠲᠡ ᠳᠤ ᠮᠡᠳᠡᠯᠬᠡ ᠶᠢᠨ ᠦᠮᠴᠢᠯᠡᠯ ᠤᠨ ᠡᠷᠬᠡ ᠶᠢᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠮᠡᠳᠡᠯᠬᠡ ᠶᠢ ᠲᠦᠬᠡᠮᠡᠯᠵᠢᠬᠦᠯᠵᠦ᠂ ᠨᠡᠶᠢᠭᠡᠮ ᠤᠨ ᠠᠩᠬᠠᠷᠴᠤ ᠪᠠᠶᠢᠭ᠎ᠠ ᠬᠠᠯᠠᠮᠰᠢᠯ ᠳᠤ ᠬᠠᠷᠢᠭᠤᠯᠳᠠ ᠦᠭᠬᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号