ᠥᠪᠥᠷ ᠮᠣᠩᠭᠤᠯ ᠮᠥᠩᠭᠦᠨ ᠭᠦᠢᠯᠭᠡᠭᠡᠨ ᠤ ᠠᠵᠢᠯ ᠤᠨ ᠪᠠᠶᠢᠴᠠᠭᠠᠯᠲᠠ ᠰᠤᠳᠤᠯᠤᠯᠲᠠ ᠶᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2018/4/23
     ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ  ᠤ ᠠᠯᠪᠠᠨ ᠭᠡᠷ ᠤᠯᠠᠨ ᠵᠦᠢᠯ ᠤᠨ ᠠᠷᠭ᠎ᠠ ᠬᠡᠮᠵᠢᠶ᠎ᠡ ᠨᠡᠶᠢᠲᠡᠯᠡᠵᠦ᠂ ᠮᠥᠩᠭᠦᠨ ᠭᠦᠢᠯᠭᠡᠭᠡᠨ ᠤ ᠠᠵᠢᠯ ᠤᠨ ᠪᠠᠶᠢᠴᠠᠭᠠᠯᠲᠠ ᠰᠤᠳᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠥᠪᠰᠢᠨ ᠢ ᠴᠢᠷᠮᠠᠶᠢᠨ ᠳᠡᠭᠡᠭᠰᠢᠯᠡᠭᠦᠯᠵᠦ᠂ ᠠᠵᠤ ᠠᠬᠤᠶ ᠶᠢᠨ  ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠤᠢ᠃      4 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠰᠤᠳᠤᠯᠭᠠᠨ ᠤ ᠲᠥᠪ ᠤᠨ ᠢᠯᠡᠷᠬᠡᠶᠢᠯᠡᠯ ᠰᠡᠬᠦᠬᠦ ᠶᠣᠰᠣᠯᠠᠯ ᠬᠥᠬᠡᠬᠤᠲᠠ ᠳᠤ ᠶᠠᠪᠤᠭᠳᠠᠪᠠ᠃ ᠲᠤᠰ ᠲᠥᠪ ᠨᠢ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠪᠠᠶᠢᠴᠠᠭᠠᠨ ᠰᠤᠳᠤᠯᠤᠯᠲᠠ ᠬᠢᠬᠦ ᠰᠡᠳᠦᠪ ᠪᠣᠯᠣᠨ ᠪᠠᠶᠢᠴᠠᠭᠠᠨ ᠰᠤᠳᠤᠯᠤᠯᠲᠠ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠵᠣᠬᠢᠴᠠᠭᠤᠯᠬᠤ ᠠᠵᠢᠯ ᠢ ᠪᠠᠭᠲᠠᠭᠠᠭᠰᠠᠨ ᠮᠥᠩᠭᠦᠨ ᠭᠦᠢᠯᠭᠡᠭᠡᠨ ᠤ ᠪᠠᠶᠢᠴᠠᠭᠠᠨ ᠰᠤᠳᠤᠯᠤᠯᠲᠠ ᠬᠢᠭᠡᠳ ᠬᠠᠮᠢᠶᠠᠷᠤᠯᠲᠠ ᠶᠢᠨ  ᠠᠵᠢᠯ ᠢ ᠨᠢᠭᠡᠳᠦᠯᠲᠡᠢ ᠲᠥᠯᠥᠪᠯᠡᠬᠦ ᠪᠠ ᠤᠳᠤᠷᠢᠳᠬᠤ ᠶᠢ ᠬᠠᠷᠢᠭᠤᠴᠠᠬᠤ ᠪᠣᠯᠣᠨ᠎ᠠ᠃ ᠰᠤᠳᠤᠯᠭᠠᠨ ᠤ ᠲᠥᠪ ᠤᠨ ᠣᠶᠣᠨᠴᠢ ᠬᠥᠮᠥᠷᠭᠡ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠳᠤ ᠲᠠᠶᠢᠯᠤᠮᠵᠢ ᠬᠢᠵᠦ᠂ ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ ᠰᠡᠳᠦᠪ ᠲᠤ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠣᠷᠣᠨ ᠨᠤᠲᠤᠭ ᠤᠨ ᠰᠢᠶᠳᠪᠦᠷᠢᠲᠦ ᠪᠤᠳᠤᠯᠭ᠎ᠠ ᠲᠣᠭᠲᠠᠭᠠᠬᠤ ᠳᠤ ᠤᠨᠤᠯ ᠤᠨ ᠪᠠ ᠦᠢᠯᠡᠳᠦᠯᠭᠡ ᠶᠢᠨ ᠦᠨᠳᠦᠰᠦᠯᠡᠯ ᠬᠠᠩᠭᠠᠬᠤ ᠶᠢ ᠬᠠᠷᠢᠭᠤᠴᠠᠨ᠎ᠠ᠃ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠠᠯᠪᠠᠨ ᠭᠡᠷ ᠪᠠᠰᠠ ︽ᠮᠥᠩᠭᠦᠨ ᠭᠦᠢᠯᠭᠡᠭᠡᠨ ᠤ ᠠᠵᠢᠯ ᠤᠨ ᠪᠠᠶᠢᠴᠠᠭᠠᠯᠲᠠ ᠰᠤᠳᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ᠮᠥᠩᠭᠦᠨ ᠭᠦᠢᠯᠭᠡᠭᠡᠨ ᠤ ᠠᠵᠢᠯ ᠤᠨ ᠪᠠᠶᠢᠴᠠᠭᠠᠨ ᠰᠤᠳᠤᠯᠤᠯᠲᠠ ᠶᠢᠨ ᠬᠠᠮᠲᠤᠷᠠᠯᠴᠠᠭ᠎ᠠ᠂ ᠦᠷ᠎ᠡ ᠪᠦᠲᠦᠭᠡᠯ ᠢ ᠰᠣᠯᠢᠯᠴᠠᠬᠤ ᠪᠠ ᠤᠯᠠᠷᠢᠭᠤᠯᠤᠨ  ᠰᠢᠯᠵᠢᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠠᠵᠢᠯ ᠤᠨ ᠪᠠᠶᠢᠴᠠᠭᠠᠨ ᠰᠤᠳᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ᠃ 2018 ᠣᠨ ᠤ ᠵᠠᠷᠢᠮ ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ ᠰᠡᠳᠦᠪ ᠪᠣᠯᠣᠨ ᠡᠭᠦᠷᠭᠡᠯᠡᠬᠦ ᠨᠢᠭᠡᠴᠡ ᠶᠢ ᠴᠦ ᠨᠢᠭᠡᠨᠲᠡ ᠲᠣᠭᠲᠠᠭᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号