ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠢ ᠬᠤᠷᠠᠯᠳᠤᠭᠤᠯᠬᠤ ᠪᠠᠷ ᠲᠤᠬᠳᠠᠪᠠ
ᠨᠡᠶᠢᠲᠡᠯᠡᠭᠰᠡᠨ ᠴᠠᠭ᠄
2018/4/23
     4 ᠳ᠋ᠦ᠋ᠭᠡᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠢ ᠬᠤᠷᠠᠯᠳᠤᠭᠤᠯᠬᠤ ᠬᠠᠮᠢᠶ᠎ᠠ ᠪᠦᠬᠦᠢ ᠵᠦᠢᠯᠡᠰ ᠢ ᠰᠤᠳᠤᠯᠵᠠᠢ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠭᠤᠷᠪᠠᠨ ᠰᠢᠪᠲᠤᠯᠤᠯᠲᠠ ᠶᠢ ᠰᠠᠶᠢᠳᠤᠷ ᠬᠢᠭᠦ ᠨᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠶᠢᠨ ᠵᠠᠪᠠᠯ ᠰᠢᠪᠲᠤᠯᠬᠤ ᠪᠤᠭᠤᠮᠳᠠ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠯᠤᠰ ᠲᠦᠷᠦ ᠪᠠ ᠶᠡᠭᠡ ᠲᠠᠯ᠎ᠠ ᠠᠴᠠ ᠭᠤᠷᠪᠠᠨ ᠰᠢᠪᠲᠤᠯᠤᠯᠲᠠ ᠶᠢ ᠰᠠᠶᠢᠳᠤᠷ ᠬᠢᠭᠦ ᠶᠢᠨ ᠲᠦᠢᠯ ᠤᠨ ᠴᠢᠬᠤᠯᠠ ᠴᠢᠨᠠᠷ ᠪᠤᠯᠤᠠ ᠠᠬᠤᠶᠢᠴᠢ ᠲᠤᠯᠭᠠᠮ᠎ᠠ ᠴᠢᠨᠠᠷ ᠢ ᠬᠦᠢᠴᠡᠳ ᠲᠠᠨᠢᠵᠤ᠂ ᠦᠨᠡᠨᠬᠦ ᠪᠦᠬᠦ ᠲᠠᠯ᠎ᠠ ᠶᠢᠨ ᠠᠵᠢᠯ ᠤᠨ ᠭᠤᠤᠯᠳᠠᠯᠭ᠎ᠠ ᠶᠢᠨ ᠳᠣᠳᠣᠷᠠᠬᠢ ᠭᠤᠤᠯᠳᠠᠯᠭ᠎ᠠ ᠶᠢᠨ ᠪᠠᠶᠢᠷᠢᠨ ᠳᠤ ᠲᠠᠯᠪᠢᠵᠤ᠂ ᠠᠰᠠᠭᠤᠳᠠᠯ ᠳᠤ ᠵᠦᠪ ᠬᠠᠨᠳᠤᠨ᠂ ᠵᠦᠷᠢᠴᠡᠯ ᠳᠤ ᠰᠢᠭᠤᠳ ᠬᠠᠨᠳᠤᠵᠤ᠂ ᠬᠤᠷᠴᠠ ᠱᠠᠯᠠᠮᠠᠭᠠᠢ ᠲᠠᠭᠠᠷᠢᠨ᠂ ᠣᠨᠤᠪᠴᠢᠲᠠᠢ ᠬᠦᠴᠦᠯᠡᠵᠤ᠂ ᠨᠢᠭᠡ ᠮᠦᠴᠡ ᠴᠤ ᠲᠠᠰᠤᠯᠳᠠᠭᠤᠯᠤᠯ ᠦᠭᠡᠢ ᠪᠠᠷ ᠠᠵᠢᠯ ᠢᠶᠠᠨ ᠰᠠᠶᠢᠳᠤᠷ ᠬᠢᠵᠤ᠂ ᠳᠣᠰᠣᠯ ᠢ ᠬᠤᠷᠠᠮᠳᠣᠭᠤᠯᠣᠨ ᠳᠠᠯᠠᠢ ᠪᠣᠯᠭᠠᠵᠣ᠂ ᠠᠵᠤ ᠠᠬᠤᠢ ᠶᠢ ᠴᠢᠨᠠᠷ ᠰᠠᠶᠢᠳᠠᠢ ᠬᠦᠭᠵᠢᠭᠦᠯᠬᠦ ᠶᠢ ᠠᠬᠢᠭᠤᠯᠬᠤ ᠬᠡᠷᠡᠭᠳᠡᠢ᠃ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠬᠤ ᠲᠦᠰᠦᠯ ᠢ ᠬᠢᠨᠠᠮᠠᠭᠠᠢ ᠨᠡᠶᠢᠳᠡᠪᠦᠷᠢᠵᠢᠭᠤᠯᠵᠤ᠂ ᠡᠳ᠋ ᠤᠨ ᠵᠠᠰᠠᠭ ᠮᠦᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠵᠤ ᠪᠤᠯᠬᠤ ᠡᠵᠡᠮᠳᠡᠵᠤ ᠪᠣᠯᠬᠤ ᠶᠢ ᠦᠨᠡᠨᠬᠦ ᠪᠠᠳᠤᠯᠠᠬᠤ ᠬᠡᠷᠡᠭᠳᠡᠢ᠃ ᠶᠠᠳᠠᠭᠤ ᠶᠢ ᠲᠡᠳᠭᠦᠵᠦ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠲᠤᠮᠳᠠ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠨᠡᠭᠦ ᠬᠠᠳᠠᠭᠤ ᠲᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ ᠢᠯᠠᠯᠳᠠ ᠣᠯᠬᠤ ᠬᠡᠷᠡᠭᠳᠡᠢ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠠᠵᠢᠯ ᠢ ᠲᠠᠰᠤᠷᠠᠯᠳᠠ ᠦᠭᠡᠢ ᠬᠦᠨᠵᠡᠭᠡᠶᠢᠷᠡᠭᠦᠯᠵᠤ᠂ ᠪᠦᠬᠦ ᠤᠷᠤᠨ ᠤ ᠤᠷᠴᠢᠨ ᠲᠤᠭᠤᠷᠢᠨ ᠤ ᠶᠠᠰᠦ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠳᠡᠢ ᠬᠡᠪᠠ᠃      ᠬᠤᠷᠠᠯ ᠠᠴᠠ ᠦᠵᠡᠭᠰᠡᠨ ᠨᠢ᠂ ᠨᠢᠭᠡᠳᠦᠭᠡᠷ ᠤᠯᠠᠷᠢᠯ ᠳᠤ ᠪᠦᠬᠦ ᠤᠷᠤᠨ ᠤ ᠠᠵᠤ ᠠᠬᠤᠢ ᠶᠢᠨ ᠠᠵᠢᠯᠯᠠᠭᠠᠨ ᠤ ᠬᠢᠯᠡᠰ ᠴᠢᠭ᠋ ᠲᠠᠢ ᠪᠦᠭᠡᠳ ᠢᠳᠡᠪᠬᠢᠳᠠᠢ ᠬᠤᠪᠢᠷᠠᠯᠳᠠ ᠲᠠᠢ ᠪᠣᠯᠪᠠ᠂ ᠬᠡᠪᠡᠴᠤ ᠪᠠᠶᠢᠳᠠᠯ ᠲᠠᠶᠢᠮᠦ ᠰᠠᠶᠢᠨ ᠪᠢᠰᠢ᠂ ᠠᠵᠤ ᠠᠬᠤᠢ ᠣᠷᠣᠭᠤᠳᠠᠬᠤ ᠲᠠᠷᠤᠯᠳᠠ ᠮᠦᠨᠭᠦ ᠮᠠᠰᠢ ᠶᠡᠭᠡ ᠪᠠᠶᠢᠨ᠎ᠠ᠃ ᠡᠯ᠎ᠠ ᠭᠠᠵᠠᠷ ᠤᠷᠤᠨ ᠡᠯ᠎ᠡ ᠰᠠᠯᠠᠭ᠎ᠠ ᠮᠦᠴᠢᠷ ᠬᠦᠭᠵᠢᠯᠳᠡ ᠶᠢ ᠰᠦᠪᠡᠭᠴᠢᠯᠡᠨ ᠬᠦᠭᠵᠢᠯᠳᠡ ᠶᠢ ᠠᠳᠬᠤᠵᠤ ᠬᠦᠭᠵᠢᠯᠳᠡ ᠶᠢ ᠠᠬᠢᠭᠤᠯᠬᠤ ᠲᠡᠤᠭᠡᠨ ᠡᠭᠦᠷᠭᠡᠳᠦ ᠰᠡᠳᠬᠢᠯᠭᠡ ᠪᠤᠯᠤᠨ ᠬᠠᠷᠢᠭᠤᠴᠠᠯᠭᠠᠳᠦ ᠰᠡᠳᠬᠢᠯᠭᠡ ᠪᠠᠨ ᠦᠨᠡᠨᠭᠦ ᠴᠢᠩᠭᠠᠷᠠᠭᠤᠯᠵᠤ᠂ ᠬᠦᠴᠦᠳᠡᠢ ᠠᠷᠭ᠎ᠠ ᠭᠠᠷᠭᠠᠵᠣ᠂ ᠬᠦᠴᠦᠳᠡᠢ ᠠᠷᠭ᠎ᠠ ᠠᠪᠴᠤ᠂ ᠬᠦᠴᠦᠳᠡᠢ ᠠᠷᠭ᠎ᠠ ᠶᠢ ᠬᠡᠷᠡᠭᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠴᠢᠩᠭ᠎ᠠ ᠠᠳᠬᠤᠨ᠂ ᠠᠵᠤ ᠦᠢᠯᠡᠰ ᠤᠨ ᠬᠦᠭᠵᠢᠯᠳᠡ ᠶᠢ ᠴᠢᠩᠭ᠎ᠠ ᠠᠳᠬᠤᠵᠦ᠂ ᠠᠵᠤ ᠠᠬᠤᠶᠢᠯᠠᠯ ᠤᠨ ᠠᠵᠢᠯᠯᠠᠭᠠᠨ ᠢ ᠴᠢᠩᠭ᠎ᠠ ᠠᠳᠬᠤᠨ᠂ ᠤᠷᠤᠨ ᠪᠦᠰᠡ ᠶᠢᠨ ᠠᠵᠤ ᠠᠬᠤᠢ ᠶᠢ ᠴᠢᠩᠭ᠎ᠠ ᠠᠳᠬᠤᠵᠦ᠂ ᠦᠭᠡᠷᠡᠴᠢᠯᠡᠯᠳᠡ ᠨᠡᠭᠡᠭᠡᠯᠳᠡ ᠶᠢ ᠴᠢᠩᠭ᠎ᠠ ᠠᠳᠬᠤᠨ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠣᠳᠠᠭᠠᠰᠢᠷᠠᠬᠤ ᠪᠠᠶᠢᠳᠠᠯ ᠢ ᠪᠦᠬᠦ ᠬᠦᠴᠦᠨ ᠢᠶᠠᠷ ᠢᠶᠠᠨ ᠬᠤᠪᠢᠷᠠᠭᠤᠯᠵᠣ᠂ ᠠᠵᠤ ᠠᠬᠤᠢ ᠶᠢᠨ ᠲᠤᠬᠳᠠᠭᠤᠨ ᠪᠦᠭᠡᠳ ᠡᠷᠡᠭᠦᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠡᠢ᠃ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠣᠳ ᠤᠨᠴᠠᠭᠠᠶᠢᠯᠠᠨ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠦᠭᠡᠳᠡᠯᠡᠨ ᠲᠠᠪᠰᠢᠬᠤ ᠤᠶᠤᠨ ᠰᠠᠨᠠᠭᠠᠨ ᠤ ᠲᠦᠷᠰᠦ ᠪᠠᠶᠢᠳᠠᠯ ᠢᠶᠠᠨ ᠢᠮᠠᠬᠳᠠ ᠪᠠᠳᠣᠯᠠᠵᠣ᠂ ᠠᠯᠤᠰ ᠢ ᠰᠢᠷᠲᠡᠨ᠂ ᠯᠠᠪᠳᠠᠭᠤᠨ ᠪᠠᠳᠤᠳᠠᠢ ᠠᠵᠢᠯᠯᠠᠵᠤ᠂ ᠬᠦᠴᠢᠷ ᠢ ᠳᠣᠭᠤᠯᠣᠨ ᠪᠡᠷᠭᠡ ᠶᠢ ᠲᠠᠪᠠᠵᠤ᠂ ᠰᠢᠪᠲᠤᠯᠤᠯᠲᠠ ᠬᠢᠵᠦ ᠠᠰᠢᠬᠳᠠᠢ ᠪᠠᠶᠢᠳᠠᠯ ᠢ ᠡᠵᠡᠮᠳᠡᠵᠤ᠂ ᠦᠭᠡᠷᠡᠴᠢᠯᠡᠯᠳᠡ ᠬᠦᠭᠵᠢᠯᠳᠡ ᠲᠤᠬᠳᠠᠭᠤᠨ ᠤ ᠡᠯ᠎ᠡ ᠵᠦᠢᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠰᠠᠶᠢᠳᠤᠷ ᠬᠢᠭᠦ ᠬᠡᠷᠡᠭᠳᠡᠢ ᠬᠡᠪᠡ᠃      ᠬᠤᠷᠠᠯ ᠠᠴᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠢ 4 ᠳ᠋ᠦ᠋ᠭᠡᠷ ᠰᠠᠷ᠎ᠠ ᠶᠢᠨ 25 ᠤ ᠡᠳᠦᠷ ᠬᠦᠬᠡᠬᠤᠳᠠ ᠳᠤ ᠬᠤᠷᠠᠯᠳᠤᠭᠤᠯᠬᠤ ᠪᠠᠷ ᠲᠤᠬᠳᠠᠪᠠ᠂ ᠡᠨᠡ ᠣᠳᠠᠭ᠎ᠠ ᠶᠢᠨ ᠬᠤᠷᠠᠯ ᠤᠨ ᠭᠤᠤᠯ ᠡᠭᠦᠷᠭᠡ ᠨᠢ ︽ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠰᠠᠨᠠᠯ︾ ᠢ ᠬᠢᠨᠠᠨ ᠵᠦᠪᠯᠡᠵᠤ ᠪᠠᠳᠤᠯᠠᠨ᠎ᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号