ᠨᠢᠭᠡᠳᠦᠭᠡᠷ ᠤᠯᠠᠷᠢᠯ ᠳᠤ ᠪᠦᠬᠦ ᠣᠷᠣᠨ ᠤ 6000 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 18.39% ᠨᠡᠮᠡᠭᠳᠡᠪᠡ
ᠨᠡᠶᠢᠲᠡᠯᠡᠭᠰᠡᠨ ᠴᠠᠭ᠄
2018/4/24
      ᠨᠢᠭᠡᠳᠦᠭᠡᠷ ᠤᠯᠠᠷᠢᠯ ᠳᠤ ᠪᠦᠬᠦ ᠣᠷᠣᠨ ᠤ 6000 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠭᠠᠷᠭᠠᠬᠤ ᠦᠢᠯᠡᠳᠪᠦᠷᠢ ᠨᠡᠶᠢᠲᠡ 1175.04 ᠳ᠋ᠥᠩᠰᠢᠭᠤᠷ ᠺᠢᠯᠣᠸᠠᠲ ᠴᠠᠬᠢᠯᠭᠠᠨ ᠭᠠᠷᠭᠠᠵᠦ᠂ ᠠᠳᠠᠯᠢ ᠬᠤᠭᠤᠴᠠᠭᠠᠨ ᠤ ᠬᠢ ᠠᠴᠠ 18.39% ᠨᠡᠮᠡᠭᠳᠡᠵᠡᠶ᠃ ᠡᠭᠦᠨ ᠳᠤ᠄ ᠢᠯᠴᠢ ᠶᠢᠨ ᠴᠠᠬᠢᠯᠭᠠᠨ ᠨᠢ 974.02 ᠳ᠋ᠥᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.04% ᠨᠡᠮᠡᠭᠳᠡᠵᠡᠶ︔ ᠰᠠᠯᠬᠢᠨ ᠬᠦᠴᠦᠨ ᠤ ᠴᠠᠬᠢᠯᠭᠠᠨ ᠨᠢ 165.82 ᠳ᠋ᠥᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.92% ᠨᠡᠮᠡᠭᠳᠡᠵᠡᠢ︔ ᠨᠡᠷᠡᠨ ᠡᠨᠧᠷᠭᠢ ᠶᠢᠨ ᠴᠠᠬᠢᠯᠭᠠᠨ ᠨᠢ 28.53 ᠳ᠋ᠥᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 17.93% ᠨᠡᠮᠡᠭᠳᠡᠵᠡᠶ︔ ᠤᠰᠤᠨ ᠴᠠᠬᠢᠯᠭᠠᠨ ᠨᠢ 6.68 ᠳ᠋ᠥᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 30.26% ᠨᠡᠮᠡᠭᠳᠡᠵᠡᠢ᠃ ᠴᠠᠬᠢᠯᠭᠠᠨ ᠭᠠᠷᠭᠠᠭᠰᠠᠨ ᠶᠡᠷᠦᠩᠬᠡᠢ ᠬᠡᠮᠵᠢᠶ᠎ᠡ ᠳᠣᠲᠣᠷ᠎ᠠ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ 859.05 ᠳ᠋ᠥᠩᠰᠢᠭᠤᠷ ᠺᠢᠯᠣᠸᠠᠲ ᠴᠠᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.43% ᠨᠡᠮᠡᠭᠳᠡᠵᠡᠢ︔ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ 315.99% ᠳ᠋ᠥᠩᠰᠢᠭᠤᠷ ᠺᠢᠯᠣᠸᠠᠲ ᠴᠠᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.66% ᠨᠡᠮᠡᠭᠳᠡᠵᠡᠢ᠃      ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠪᠦᠭᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ ᠨᠢ 789.46 ᠳ᠋ᠥᠩᠰᠢᠭᠤᠷ ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.82% ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ 3.82 ᠳ᠋ᠥᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 26.83% ᠨᠡᠮᠡᠭᠳᠡᠵᠡᠶ︔ ᠬᠤᠶᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ 690.87 ᠳ᠋ᠥᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.64% ᠨᠡᠮᠡᠭᠳᠡᠵᠡᠶ︔ ᠭᠤᠷᠪᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠢ 54.09 ᠳ᠋ᠥᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 36.91% ᠨᠡᠮᠡᠭᠳᠡᠵᠡᠶ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠠᠭᠠᠨ ᠬᠡᠷᠡᠭᠯᠡᠭᠰᠡᠨ ᠴᠠᠬᠢᠯᠭᠠᠨ ᠤ ᠬᠡᠮᠵᠢᠶ᠎ᠡ ᠨᠢ 40.67 ᠳ᠋ᠥᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 13.34% ᠨᠡᠮᠡᠭᠳᠡᠪᠡ᠃ ᠪᠦᠬᠦ ᠣᠷᠣᠨ ᠤ ᠭᠠᠳᠠᠭᠰᠢ ᠬᠦᠷᠭᠡᠭᠰᠡᠨ ᠴᠠᠬᠢᠯᠭᠠᠨ ᠤ ᠶᠡᠷᠦᠩᠬᠡᠢ ᠬᠡᠮᠵᠢᠶ᠎ᠡ 424.17 ᠳ᠋ᠥᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 31.55% ᠨᠡᠮᠡᠭᠳᠡᠵᠡᠢ᠃ ᠡᠭᠦᠨ ᠳᠤ᠄ ᠤᠮᠠᠷᠠᠲᠤ ᠣᠷᠣᠨ ᠤ ᠴᠠᠬᠢᠯᠭᠠᠨ ᠲᠣᠣᠷ ᠲᠤ 254.03 ᠳ᠋ᠥᠩᠰᠢᠭᠤᠷ ᠺᠢᠯᠣᠸᠠᠲ ᠴᠠᠭ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 34.71% ᠨᠡᠮᠡᠭᠳᠡᠵᠡᠶ︔ ᠵᠡᠭᠦᠨ ᠬᠤᠶᠢᠲᠤ ᠣᠷᠣᠨ ᠤ ᠴᠠᠬᠢᠯᠭᠠᠨ ᠲᠣᠣᠷ ᠲᠤ 152.7 ᠳ᠋ᠥᠩᠰᠢᠭᠤᠷ ᠺᠢᠯᠣᠸᠠᠲ ᠴᠠᠭ  ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 20.51% ᠨᠡᠮᠡᠭᠳᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号