ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠨᠢ ᠪᠦᠬᠦ ᠣᠷᠣᠨ ᠤ ᠮᠠᠯᠴᠢᠨ ᠲᠠᠷᠢᠶᠠᠴᠢᠳ ᠤᠨ ᠣᠷᠣᠯᠭ᠎ᠠ ᠶᠢ ᠳᠠᠶᠢᠴᠢᠯᠠᠵᠤ 5 ᠵᠢᠯ ᠳᠤ ᠨᠡᠶᠢᠲᠡ 52%᠎ ᠪᠠᠷ ᠢᠯᠡᠭᠦᠦ ᠨᠡᠮᠡᠭᠳᠡᠪᠡ
ᠨᠡᠶᠢᠲᠡᠯᠡᠭᠰᠡᠨ ᠴᠠᠭ᠄
2018/4/24
     2017 ᠣᠨ ᠳᠤ᠂ ᠮᠠᠨ ᠤ ᠣᠷᠣᠨ ᠳᠤ 214 ᠲᠦᠮᠡᠨ ᠮᠠᠯᠵᠢᠬᠤ ᠲᠠᠷᠢᠶᠠᠯᠠᠬᠤ ᠡᠷᠦᠬᠡ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠬᠡᠯᠬᠢᠶ᠎ᠡ ᠳᠤ ᠣᠷᠣᠵᠤ᠂ ᠨᠡᠩ ᠤᠯᠠᠨ ᠮᠠᠯᠴᠢᠨ ᠲᠠᠷᠢᠶᠠᠴᠢᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠥᠷᠲᠡᠭ ᠨᠡᠮᠡᠭᠳᠡᠯ ᠤᠨ ᠦᠷ᠎ᠡ ᠠᠰᠢᠭ ᠢ ᠬᠦᠷᠲᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠨᠢ 5 ᠵᠢᠯ ᠳᠤ ᠨᠡᠶᠢᠲᠡ 52% ᠨᠡᠮᠡᠭᠳᠡᠵᠦ᠂ ᠪᠠᠷᠠᠭᠤᠨ ᠣᠷᠣᠨ ᠤ 12 ᠮᠤᠵᠢ ᠣᠷᠣᠨ ᠳᠤ ᠤᠷᠤᠶᠢᠯᠠᠪᠠ᠃      ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠬᠦᠭᠵᠢᠯᠲᠡ ᠶᠢ ᠠᠬᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠣᠯᠣᠭᠠᠶᠢᠯᠠᠭᠴᠢ ᠠᠵᠤ ᠠᠬᠤᠶᠢᠯᠠᠯ ᠢ ᠮᠠᠯᠴᠢᠨ ᠲᠠᠷᠢᠶᠠᠴᠢᠨ ᠤ ᠠᠰᠢᠭ ᠲᠤᠰᠠ ᠯᠤᠭ᠎ᠠ ᠬᠤᠯᠪᠤᠭᠳᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠲᠣᠯᠣᠭᠠᠶᠢᠯᠠᠭᠴᠢ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ᠂ ᠨᠡᠷᠡᠳᠥ ᠳᠡᠮᠳᠡᠭᠲᠦ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠵᠡᠷᠭᠡ ᠲᠠᠯ᠎ᠠ ᠪᠠᠷ ᠠᠯᠢ ᠤᠯᠠᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠬᠦᠭᠵᠢᠯᠲᠡ ᠶᠡᠬᠡᠬᠡᠨ ᠲᠠᠪᠰᠢᠯᠳᠠ ᠲᠠᠢ ᠪᠤᠯᠵᠤ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠢᠯᠡᠷᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠨᠢᠭᠡᠨᠲᠡ ᠮᠠᠨ ᠤ ᠣᠷᠣᠨ ᠤ ᠡᠨᠧᠷᠭᠢ᠂ ᠲᠡᠮᠦᠷᠯᠢᠭ ᠪᠣᠯᠪᠠᠰᠤᠷᠠᠭᠤᠯᠬᠤ ᠦᠢᠯᠡᠰ ᠤᠨ ᠳᠠᠷᠠᠭᠠᠬᠢ ᠭᠤᠷᠪᠠᠳᠤᠭᠠᠷ ᠲᠤᠮᠤ ᠠᠵᠤ ᠦᠢᠯᠡᠳᠪᠦᠷᠢ ᠶᠢᠨ ᠲᠤᠯᠭᠠᠭᠤᠷᠢ ᠠᠵᠤ ᠦᠢᠯᠡᠰ ᠪᠤᠯᠪᠠ᠃ 2017 ᠣᠨ ᠪᠤᠯᠬᠤ ᠳᠤ᠂ ᠪᠦᠬᠦ ᠣᠷᠣᠨ ᠤ ᠪᠣᠷᠣᠯᠠᠭᠤᠯᠭ᠎ᠠ ᠶᠢᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠠᠵᠤ ᠠᠬᠤᠶᠢᠯᠠᠯ 1802 ᠡᠷᠦᠬᠡ ᠪᠤᠯᠵᠤ᠂ ᠪᠣᠷᠣᠯᠠᠭᠤᠯᠭ᠎ᠠ ᠶᠢᠨ ᠣᠷᠣᠯᠭ᠎ᠠ ᠶᠢ 3052 ᠳ᠋ᠦᠩᠰᠢᠭᠤᠷ ᠲᠦᠬᠦᠷᠢᠭ ᠪᠡᠶᠡᠯᠡᠭᠦᠯᠵᠦ᠂ 7.2% ᠨᠡᠮᠡᠭᠳᠡᠪᠡ᠃      ᠤᠶᠢᠯᠠᠭᠠᠭᠰᠠᠨ ᠢᠶᠠᠷ᠂ ᠣᠳᠣᠬᠠᠨ ᠳᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠯᠳᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠨᠡᠶᠢᠭᠡᠮᠯᠢᠭ ᠤᠨ ᠭᠡᠰᠢᠭᠦᠨ ᠨᠢᠭᠡᠴᠡ ᠨᠢᠭᠡᠨᠲᠡ 571 ᠡᠷᠦᠬᠡ ᠪᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠲᠤᠰᠬᠠᠶᠢᠵᠢᠭᠰᠠᠨ ᠦᠢᠯᠡᠴᠢᠯᠡᠭᠡ ᠪᠠᠷ ᠳᠠᠮᠵᠢᠭᠤᠯᠤᠨ᠂ ᠨᠢᠭᠡᠳᠦᠯᠲᠡᠶ ᠬᠠᠮᠢᠶᠠᠷᠴᠤ᠂ ᠮᠠᠯᠴᠢᠨ ᠲᠠᠷᠢᠶᠠᠴᠢᠨ ᠳᠤ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠮᠵᠢᠯᠴᠠᠨ ᠠᠵᠢᠯᠯᠠᠬᠤ ᠦᠢᠯᠡᠴᠢᠯᠡᠭᠡᠨ ᠤ ᠶᠠᠪᠤᠴᠠ ᠳᠤ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠢᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号