ᠦᠢᠷ᠎ᠠ ᠳᠤ᠂ ᠠᠯᠠᠱᠠ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠭᠤᠯᠤᠭᠠᠳ᠂ | ᠠᠶᠢᠮᠠᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ | ᠳᠤᠭᠤᠶᠢᠯᠠᠩ ᠤᠨ ᠠᠷᠪᠠᠨ ᠳᠣᠯᠣᠳᠤᠭᠠᠷ ᠬᠤᠷᠠᠯᠳᠤᠭᠠᠨ ᠢᠶᠠᠷ ︽ᠠᠯᠠᠱᠠᠨ ᠠᠶᠢᠮᠠᠭ ᠤᠨ ᠦᠨᠳᠦᠰᠦᠲᠡᠨ ᠤ ᠰᠤᠷᠭᠠᠨ | ᠬᠥᠮᠦᠵᠢᠯ ᠤᠨ ᠬᠥᠭᠵᠢᠯᠲᠡ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ 3 | ᠳ᠋ᠤᠭᠠᠷ ᠰᠠᠷ᠎ᠠ ᠶᠢᠨ 30 ᠤ ᠡᠳᠦᠷ᠂ ᠠᠯᠠᠱᠠ ᠠᠶᠢᠮᠠᠭ ︽ᠠᠯᠠᠱᠠ ᠠᠶᠢᠮᠠᠭ ᠤᠨ ᠦᠨᠳᠦᠰᠦᠲᠡᠨ ᠤ ᠰᠤᠷᠭᠠᠨ | ᠬᠥᠮᠦᠵᠢᠯ ᠤᠨ ᠬᠥᠭᠵᠢᠯᠲᠡ ᠶᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ︾ ᠢ ᠠᠯᠪᠠᠨ ᠶᠣᠰᠣᠭᠠᠷ | ᠨᠡᠶᠢᠲᠡᠯᠡᠵᠡᠶ᠃ | ︽ᠠᠯᠠᠱᠠᠨ ᠠᠶᠢᠮᠠᠭ ᠤᠨ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠲᠦᠷᠭᠡᠳᠬᠡᠬᠦ ᠲᠤᠬᠠᠶ | ᠬᠡᠷᠡᠭᠵᠢᠭᠦᠯᠬᠦ ᠰᠠᠨᠠᠯ︾ ᠨᠢ ᠵᠢᠯᠣᠭᠤᠳᠬᠤ ᠦᠵᠡᠯ ᠰᠠᠨᠠᠭ᠎ᠠ᠂ ᠬᠥᠭᠵᠢᠯᠲᠡ ᠶᠢᠨ ᠬᠠᠷᠠᠯᠲᠠ᠂ ᠪᠠᠲᠤᠯᠠᠭ᠎ᠠ ᠶᠢᠨ | ᠲᠣᠭᠲᠠᠴᠠ ᠶᠢ ᠪᠦᠷᠢᠨᠰᠢᠭᠦᠯᠬᠦ᠂ ᠰᠤᠷᠭᠠᠭᠤᠯᠢ ᠡᠷᠬᠢᠯᠡᠬᠦ ᠨᠥᠬᠦᠴᠡᠯ ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨᠴᠢ | ᠬᠠᠮᠢᠶᠠᠷᠤᠯᠲᠠ ᠶᠢ ᠴᠢᠩᠭᠠᠳᠬᠠᠬᠤ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠ | ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ ᠲᠠᠪᠤᠨ ᠬᠡᠰᠡᠭ ᠢᠶᠠᠷ ᠪᠦᠷᠢᠯᠳᠦᠵᠡᠢ᠃ ᠦᠨᠳᠦᠰᠦᠲᠡᠨ ᠤ ᠰᠤᠷᠭᠠᠨ | ᠬᠥᠮᠦᠵᠢᠯ ᠤᠨ ᠪᠡᠯᠡ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠬᠦ ᠲᠠᠯ᠎ᠠ ᠪᠠᠷ᠂ ᠨᠢᠭᠡ ᠳᠤ ᠠᠶᠢᠮᠠᠭ ᠤᠨ | ᠲᠤᠰ ᠱᠠᠲᠤᠨ ᠳᠤ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠬᠠᠶ ᠨᠥᠬᠦᠪᠦᠷᠢ ᠶᠢᠨ ᠪᠡᠯᠡ ᠮᠥᠩᠭᠦ ᠶᠢ ᠵᠢᠯ | ᠪᠦᠷᠢ 100 ᠲᠦᠮᠡᠨ ᠲᠥᠭᠦᠷᠢᠭ ᠲᠣᠬᠢᠷᠠᠭᠤᠯᠵᠤ᠂ ᠡᠯ᠎ᠡ ᠬᠤᠰᠢᠭᠤ ᠲᠣᠭᠤᠷᠢᠭ ᠨᠢ ᠴᠦ ᠲᠤᠰ ᠲᠦᠷᠦᠯ ᠤᠨ ᠪᠡᠯᠡ | ᠮᠥᠩᠭᠦ ᠲᠣᠬᠢᠷᠠᠭᠤᠯᠤᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠲᠤᠯᠭᠠᠷᠠᠵᠤ | ᠪᠠᠶᠢᠭ᠎ᠠ ᠣᠨᠴᠠᠭᠠᠶ ᠬᠦᠴᠢᠷᠳᠡᠯ ᠪᠣᠯᠣᠨ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠨ᠎ᠡ᠃ ᠬᠤᠶᠠᠷ ᠲᠤ | ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠠᠯᠪᠠᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ | ᠳᠡᠭᠡᠭᠰᠢᠯᠡᠭᠦᠯᠵᠦ᠂ ᠪᠠᠭ᠎ᠠ ᠰᠤᠷᠭᠠᠭᠤᠯᠢ ᠪᠣᠯᠣᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠯᠪᠠᠨ | ᠬᠡᠷᠡᠭᠯᠡᠭᠡᠨ ᠤ ᠵᠠᠷᠤᠳᠠᠯ ᠤᠨ ᠬᠢᠨᠠᠨ ᠲᠣᠭᠲᠠᠭᠠᠭᠰᠠᠨ ᠰᠠᠭᠤᠷᠢ ᠪᠠᠷᠢᠮᠵᠢᠶ᠎ᠠ ᠶᠢ ᠲᠤᠰ ᠲᠤᠰ ᠰᠤᠷᠤᠭᠴᠢ ᠨᠢᠭᠡᠪᠦᠷᠢ ᠵᠢᠯ | ᠪᠦᠷᠢ 1800 ᠲᠥᠭᠦᠷᠢᠭ᠂ 2000 ᠲᠥᠭᠦᠷᠢᠭ ᠪᠣᠯᠭᠠᠨ ᠳᠡᠭᠡᠭᠰᠢᠯᠡᠭᠦᠯᠵᠦ᠂ ᠦᠨᠳᠦᠰᠦᠲᠡᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢ ᠶᠢᠨ ᠢᠷᠡᠯᠲᠡ ᠨᠢ ᠴᠥᠭᠡᠨ ᠠᠯᠪᠠᠨ ᠬᠡᠷᠡᠭᠯᠡᠭᠡᠨ ᠤ ᠵᠠᠷᠤᠳᠠᠯ ᠲᠤᠲᠠᠮᠠᠭ ᠪᠠᠶᠢᠭ᠎ᠠ | ᠠᠰᠠᠭᠤᠳᠠᠯ ᠢ ᠰᠢᠢᠳᠪᠦᠷᠢᠯᠡᠨ᠎ᠡ︔ ᠪᠠᠭᠰᠢ ᠶᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠪᠠᠶᠢᠭᠤᠯᠬᠤ | ᠲᠠᠯ᠎ᠠ ᠪᠠᠷ᠂ ᠪᠠᠭᠰᠢ ᠶᠢ ᠵᠣᠷᠢᠭᠵᠢᠭᠤᠯᠵᠤ ᠪᠠᠶᠢᠭᠠᠳ ᠠᠵᠢᠯ ᠤᠨ ᠪᠠᠶᠢᠷᠢ ᠳᠡᠭᠡᠷ᠎ᠡ ᠪᠠᠨ ᠴᠠᠯᠢᠩ ᠲᠠᠢ ᠪᠠᠷ | ᠰᠤᠷᠤᠯᠴᠠᠭᠤᠯᠵᠤ ᠰᠤᠷᠤᠯᠭ᠎ᠠ ᠶᠢᠨ ᠨᠠᠮᠲᠠᠷ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ᠠᠵᠢᠯ ᠠᠴᠠ ᠪᠠᠨ | ᠰᠠᠯᠵᠤ ᠰᠤᠷᠤᠯᠴᠠᠨ ᠡᠷᠳᠡᠮ ᠤᠨ ᠴᠣᠯᠠ ᠣᠯᠣᠭᠰᠠᠨ ᠪᠦᠭᠡᠳ ᠠᠶᠢᠮᠠᠭ ᠲᠠᠭᠠᠨ ᠪᠤᠴᠠᠵᠤ ᠠᠵᠢᠯᠯᠠᠪᠠᠯ᠂ | ᠰᠤᠷᠤᠯᠴᠠᠭᠰᠠᠨ ᠬᠤᠭᠤᠴᠠᠭᠠᠨ ᠤ ᠴᠠᠯᠢᠩ ᠠᠰᠠᠷᠠᠮᠵᠢ ᠶᠢᠨ ᠬᠠᠷᠠᠭᠠᠯᠵᠠᠯ ᠢ ᠨᠢ ᠬᠤᠪᠢᠷᠠᠭᠤᠯᠬᠤ ᠦᠭᠡᠢ᠂ ᠲᠤᠰᠬᠠᠶ | ᠮᠡᠷᠭᠡᠵᠢᠯ ᠤᠨ ᠲᠤᠰᠢᠶᠠᠯ ᠢ ᠬᠢᠨᠠᠨ ᠲᠣᠭᠲᠠᠭᠠᠬᠤ ᠳᠤ ᠴᠣ᠋ ᠨᠥᠯᠥᠭᠡᠯᠡᠭᠳᠡᠬᠦ ᠦᠭᠡᠢ ᠪᠣᠯᠭᠠᠨ᠎ᠠ᠃ ᠮᠠᠰᠲ᠋ᠧᠷ ᠴᠣᠯᠠ | ᠲᠠᠢ ᠳᠤᠨᠢ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ 2 ᠲᠦᠮᠡᠨ ᠲᠥᠭᠦᠷᠢᠭ ᠣᠯᠭᠤᠵᠤ᠂ ᠳ᠋ᠣᠺᠲ᠋ᠣᠷ ᠴᠣᠯᠠ | ᠲᠠᠢ ᠳᠤᠨᠢ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ 4 ᠲᠦᠮᠡᠨ ᠲᠥᠭᠦᠷᠢᠭ ᠣᠯᠭᠤᠨ᠂ ᠳᠡᠭᠡᠳᠦ ᠬᠡᠪ | ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠴᠢᠷᠮᠠᠶᠢᠨ ᠪᠠᠶᠢᠭᠤᠯᠤᠨ᠎ᠠ︔ ᠴᠥᠭᠡᠨ ᠲᠣᠭᠠᠲᠤ ᠦᠨᠳᠦᠰᠦᠲᠡᠨ ᠤ | ᠴᠢᠳᠠᠪᠤᠷᠢᠲᠠᠨ ᠢ ᠬᠥᠮᠦᠵᠢᠭᠦᠯᠬᠦ ᠶᠢ ᠪᠦᠷᠢᠨᠰᠢᠭᠦᠯᠬᠦ ᠲᠠᠯ᠎ᠠ ᠪᠠᠷ᠂ ᠨᠢᠭᠡ ᠳᠤ ᠮᠣᠩᠭᠤᠯ ᠢᠶᠠᠷ ᠬᠢᠴᠢᠶᠡᠯᠯᠡᠬᠦ ᠪᠠᠭᠰᠢ ᠶᠢ | ᠢᠯᠡ ᠪᠠᠷ ᠡᠯᠰᠡᠵᠦ ᠬᠡᠷᠡᠭᠯᠡᠬᠦ ᠠᠷᠭ᠎ᠠ ᠵᠠᠮ ᠢ ᠥᠷᠭᠡᠳᠬᠡᠵᠦ᠂ ᠠᠵᠢᠯ ᠤᠨ ᠪᠠᠶᠢᠷᠢ ᠶᠢᠨ ᠨᠥᠬᠦᠴᠡᠯ ᠢ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠤᠨ᠂ ᠪᠠᠴᠢᠮ ᠱᠠᠭᠠᠷᠳᠠᠵᠤ ᠪᠠᠶᠢᠭ᠎ᠠ ᠰᠢᠯᠢᠳᠡᠭ ᠴᠢᠳᠠᠪᠤᠷᠢᠲᠠᠳ ᠢ ᠴᠠᠭ ᠲᠤᠬᠠᠶ ᠳᠤᠨᠢ | ᠨᠥᠬᠦᠪᠦᠷᠢᠯᠡᠨ᠎ᠡ᠃ ᠬᠤᠶᠠᠷ ᠲᠤ ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠮᠡᠷᠭᠡᠵᠢᠯ ᠤᠨ | ᠲᠥᠷᠥᠯ ᠤᠨ ᠶᠡᠭᠡ ᠳᠡᠭᠡᠳᠦ ᠰᠤᠷᠭᠠᠭᠤᠯᠢ ᠨᠤᠭᠤᠳ ᠮᠠᠨ ᠤ ᠠᠶᠢᠮᠠᠭ ᠠᠴᠠ ᠮᠣᠩᠭᠤᠯ ᠢᠶᠠᠷ ᠬᠢᠴᠢᠶᠡᠯᠯᠡᠬᠦ ᠰᠦᠢᠳᠬᠡᠯ | ᠣᠶᠢᠯᠤ ᠬᠤᠷᠢᠶᠠᠬᠤ ᠪᠠᠭᠰᠢ ᠶᠢᠨ ᠮᠡᠷᠭᠡᠵᠢᠯ ᠤᠨ ᠰᠤᠷᠤᠭᠴᠢ ᠶᠢ ᠴᠢᠭᠯᠡᠯ ᠲᠠᠢ ᠪᠠᠷ ᠡᠯᠰᠡᠬᠦ ᠭᠦᠢᠴᠡᠳᠬᠡᠬᠦ ᠲᠤᠭ᠎ᠠ ᠶᠢ | ᠰᠦᠪᠡᠭᠴᠢᠯᠡᠨ ᠣᠯᠵᠤ᠂ ᠰᠤᠷᠤᠯᠭ᠎ᠠ ᠲᠡᠭᠦᠰᠦᠭᠰᠡᠨ ᠤ ᠲᠠᠷᠠᠭ᠎ᠠ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ | ᠶᠣᠰᠣᠭᠠᠷ ᠮᠣᠩᠭᠤᠯ ᠢᠶᠠᠷ ᠬᠢᠴᠢᠶᠡᠯᠯᠡᠬᠦ ᠰᠤᠷᠭᠠᠭᠤᠯᠢ ᠳᠤ ᠪᠠᠭᠰᠢᠯᠠᠭᠤᠯᠤᠨ᠎ᠠ᠃ ᠭᠤᠷᠪᠠ ᠳᠤ ᠦᠨᠳᠦᠰᠦᠲᠡᠨ ᠤ | ᠰᠤᠷᠭᠠᠨ ᠬᠥᠮᠦᠵᠢᠯ ᠤᠨ ᠵᠢᠭᠠᠨ ᠰᠤᠳᠤᠯᠬᠤ ᠠᠵᠢᠯ ᠢ ᠴᠢᠩᠭᠠᠳᠬᠠᠵᠤ᠂ ᠰᠤᠷᠭᠠᠭᠤᠯᠢ ᠶᠢᠨ ᠵᠢᠭᠠᠨ ᠰᠤᠳᠤᠯᠬᠤ | ᠠᠵᠢᠯᠯᠠᠭ᠎ᠠ ᠶᠢ ᠢᠳᠡᠪᠬᠢᠲᠡᠶ ᠦᠷᠨᠢᠭᠦᠯᠦᠨ᠂ ᠦᠨᠳᠦᠰᠦᠲᠡᠨ ᠤ ᠰᠤᠷᠭᠠᠭᠤᠯᠢ ᠶᠢᠨ ᠪᠠᠭᠰᠢ ᠨᠠᠷ ᠤᠨ ᠵᠢᠭᠠᠨ | ᠰᠤᠷᠭᠠᠬᠤ ᠰᠤᠳᠤᠯᠭᠠᠨ ᠤ ᠴᠢᠳᠠᠪᠤᠷᠢ ᠪᠣᠯᠣᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠲᠦᠷᠪᠡ ᠳᠤ ᠨᠢᠭᠡᠨᠲᠡ | ᠭᠦᠯᠢᠶᠡᠨ ᠠᠪᠤᠭᠰᠠᠨ ᠮᠣᠩᠭᠤᠯ ᠤᠯᠤᠰ ᠤᠨ ᠰᠤᠷᠤᠭᠴᠢᠳ ᠢ ᠬᠠᠷᠢᠶ᠎ᠠ ᠭᠠᠵᠠᠷ ᠲᠠᠭᠠᠨ ᠬᠠᠮᠢᠶᠠᠷᠬᠤ ᠵᠠᠷᠴᠢᠮ ᠤᠨ | ᠶᠣᠰᠣᠭᠠᠷ᠂ ᠰᠤᠷᠤᠭᠴᠢ ᠨᠢᠭᠡᠪᠦᠷᠢ ᠵᠢᠯ ᠪᠦᠷᠢ 1 ᠲᠦᠮᠡᠨ ᠲᠥᠭᠦᠷᠢᠭ ᠤᠨ ᠰᠤᠷᠤᠯᠭ᠎ᠠ ᠶᠢᠨ ᠨᠥᠬᠦᠪᠥᠷᠢ ᠵᠠᠷᠤᠳᠠᠯ | ᠣᠯᠭᠤᠨ᠎ᠠ︔ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢ | ᠵᠣᠷᠢᠭᠵᠢᠭᠤᠯᠬᠤ ᠲᠠᠯ᠎ᠠ ᠪᠠᠷ᠂ ᠨᠢᠭᠡ ᠳᠤ ᠮᠣᠩᠭᠤᠯ ᠢᠶᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢ᠂ ᠬᠡᠦᠬᠡᠳ ᠤᠨ ᠴᠡᠴᠡᠷᠯᠢᠭ ᠲᠤ ᠨᠢᠭᠡᠨ ᠢᠵᠢ ᠰᠢᠯᠢᠳᠡᠭ ᠵᠢᠭᠠᠨ ᠰᠤᠷᠭᠠᠯᠲᠠ ᠶᠢᠨ ᠬᠠᠪᠰᠤᠷᠤᠮᠵᠢ | ᠮᠠᠲ᠋ᠧᠷᠢᠶᠠᠯ ᠢ ᠦᠨ᠎ᠡ ᠲᠥᠯᠥᠪᠦᠷᠢ ᠦᠭᠡᠢ ᠪᠠᠷ ᠣᠯᠭᠤᠵᠤ᠂ ᠲᠤᠰ ᠲᠤᠰ ᠬᠡᠦᠬᠡᠳ ᠤᠨ ᠴᠡᠴᠡᠷᠯᠢᠭ᠂ ᠪᠠᠭ᠎ᠠ | ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠣᠷᠣᠭᠴᠢ ᠨᠢᠭᠡᠪᠦᠷᠢ ᠵᠢᠯ ᠪᠦᠷᠢ 100 ᠲᠥᠭᠦᠷᠢᠭ᠂ 150 ᠲᠥᠭᠦᠷᠢᠭ᠂ 200 ᠲᠥᠭᠦᠷᠢᠭ᠂ 280 | ᠲᠥᠭᠦᠷᠢᠭ ᠤᠨ ᠨᠥᠬᠦᠪᠥᠷᠢ ᠣᠯᠭᠤᠨ᠎ᠠ︔ ᠬᠤᠶᠠᠷ ᠲᠤ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠥᠭᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠂ | ᠲᠣᠬᠠᠶᠢᠯᠠᠪᠠᠯ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠰᠠᠷ᠎ᠠ ᠪᠣᠯᠭᠠᠨ 30 ᠲᠥᠭᠦᠷᠢᠭ᠂ ᠳᠤᠮᠳᠠᠳᠤ | ᠰᠤᠷᠭᠠᠭᠤᠯᠢ ᠶᠢᠨ ᠰᠤᠷᠤᠭᠴᠢ ᠰᠤᠷᠤᠭᠴᠢ ᠨᠢᠭᠡᠪᠦᠷᠢ ᠰᠠᠷ᠎ᠠ ᠪᠣᠯᠭᠠᠨ 150 ᠲᠥᠭᠦᠷᠢᠭ ᠤᠨ ᠪᠠᠷᠢᠮᠵᠢᠶ᠎ᠠ ᠪᠠᠷ | ᠣᠯᠭᠤᠨ᠎ᠠ︔ ᠮᠣᠩᠭᠤᠯ ᠢᠶᠠᠷ ᠬᠢᠴᠢᠶᠡᠯᠯᠡᠬᠦ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠴᠢᠩᠭᠠᠳᠬᠠᠬᠤ ᠲᠠᠯ᠎ᠠ ᠪᠠᠷ᠂ ᠠᠶᠢᠮᠠᠭ ᠬᠤᠰᠢᠭᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠲᠤ ᠮᠣᠩᠭᠤᠯ ᠢᠶᠠᠷ | ᠬᠢᠴᠢᠶᠡᠯᠯᠡᠬᠦ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠡᠷᠬᠡᠪᠰᠢ ᠲᠤᠰᠬᠠᠶᠢᠯᠠᠨ ᠪᠠᠶᠢᠭᠤᠯᠵᠤ᠂ | ᠮᠣᠩᠭᠤᠯ ᠦᠨᠳᠦᠰᠦᠲᠡᠨ ᠤ ᠬᠥᠮᠦᠨ ᠠᠮᠠ ᠨᠡᠯᠢᠶᠡᠳ ᠠᠷᠪᠢᠨ ᠪᠠᠶᠢᠭ᠎ᠠ ᠨᠡᠭᠡᠭᠡᠨ ᠬᠥᠭᠵᠢᠭᠦᠯᠬᠦ ᠲᠣᠭᠤᠷᠢᠭ᠂ ᠰᠤᠮᠤ | ᠪᠠᠯᠭᠠᠰᠤ ᠶᠢᠨ ᠪᠠᠶᠢᠭ᠎ᠠ ᠭᠠᠵᠠᠷ ᠲᠤ᠂ ᠮᠠᠯᠴᠢᠨ ᠲᠠᠷᠢᠶᠠᠴᠢᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠵᠦ᠂ ᠦᠨᠳᠦᠰᠦᠲᠡᠨ ᠤ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠶᠢ ᠵᠦᠢ ᠵᠣᠬᠢᠰᠲᠠᠶ | ᠲᠥᠯᠥᠪᠵᠢᠭᠦᠯᠦᠨ ᠲᠣᠬᠢᠷᠠᠭᠤᠯᠵᠤ ᠂ ᠴᠡᠴᠡᠷᠯᠢᠭ ᠲᠤ ᠰᠠᠭᠤᠬᠤ ᠨᠠᠰᠤᠨ ᠤ ᠮᠣᠩᠭᠤᠯ ᠬᠡᠦᠬᠡᠳ ᠤᠨ | ᠴᠡᠴᠡᠷᠯᠢᠭ ᠲᠤ ᠰᠠᠭᠤᠬᠤ ᠬᠡᠷᠡᠭᠴᠡᠭᠡ ᠶᠢ ᠬᠠᠩᠭᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ | ᠲᠦᠭᠡᠮᠡᠯᠵᠢᠯᠲᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ | | |