ᠬᠢᠨᠭ᠍ᠭᠠᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠤᠷᠢᠶ᠎ᠠ ︽ᠲᠦᠪ ᠰᠤᠷᠲᠠᠯ ᠎ ᠲᠠᠢ ᠺᠠᠳ᠋ᠷ︾᠎ ᠢ ᠦᠨᠡᠯᠡᠨ ᠲᠣᠭᠲᠠᠭᠠᠬᠤ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠬᠦ ᠪᠠᠷ ᠪᠤᠢ
ᠨᠡᠶᠢᠲᠡᠯᠡᠭᠰᠡᠨ ᠴᠠᠭ᠄
2018/4/25
        ᠲᠥᠪ ᠰᠤᠷᠲᠠᠯ ᠴᠢᠭᠡᠴᠢ ᠵᠠᠰᠠᠭ ᠢ ᠤᠷᠢᠶᠠᠯᠠᠨ᠂ ᠤᠯᠤᠰ ᠲᠦᠷᠦ ᠭᠡᠭᠡᠨ ᠰᠠᠷᠠᠭᠤᠯ᠂ ᠵᠠᠰᠠᠭ ᠤᠨ ᠣᠷᠳᠣᠨ ᠠᠷᠢᠭᠤᠨ ᠴᠢᠬᠡᠴᠢ᠂ ᠺᠠᠳ᠋ᠷ ᠲᠥᠪ ᠴᠢᠬᠡᠴᠢ ᠪᠠᠶᠢᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ ᠪᠣᠯᠤᠨ ᠨᠡᠶᠢᠭᠡᠮ ᠤᠨ ᠣᠷᠴᠢᠨ  ᠠᠬᠤᠢ ᠶᠢ ᠪᠦᠬᠦ ᠲᠠᠯ᠎ᠠ ᠪᠠᠷ ᠪᠤᠢ ᠪᠤᠯᠭᠠᠬᠤ ᠶᠢᠨ ᠲᠤᠯᠠᠳᠠ᠂ ᠬᠢᠨᠭ᠍ᠭᠠᠨ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠤᠷᠢᠶ᠎ᠠ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠳᠤ ︽ᠲᠦᠪ ᠰᠤᠷᠲᠠᠯ ᠲᠠᠢ ᠺᠠᠳ᠋ᠷ︾᠎ ᠢ ᠦᠨᠡᠯᠡᠨ ᠲᠣᠭᠲᠠᠭᠠᠬᠤ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠬᠦ ᠪᠠᠷ ᠪᠠᠶᠢᠨ᠎ᠠ᠃      ︽ᠲᠦᠪ ᠰᠤᠷᠲᠠᠯ ᠲᠠᠢ ᠺᠠᠳ᠋ᠷ  ︾᠎ ᠢ ᠦᠨᠡᠯᠡᠨ ᠲᠣᠭᠲᠠᠭᠠᠬᠤ ᠲᠤᠷᠰᠢᠯᠲᠠ ᠶᠢᠨ ᠠᠵᠢᠯ ᠪᠤᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠤᠷᠢᠶ᠎ᠠ ᠠᠴᠠ ᠦᠨᠳᠦᠰᠦᠨ ᠱᠠᠲᠤᠨ ᠤ ᠤᠳᠤᠷᠢᠳᠬᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠰᠢᠨ᠎ᠡ ᠠᠷᠭ᠎ᠠ ᠬᠡᠮᠵᠢᠶ᠎ᠡ ᠪᠤᠯᠤᠨ᠎ᠠ᠃ 2018 ᠤᠨ ᠤ 1 ᠳ᠋ᠤᠭᠡᠷ ᠰᠠᠷ᠎ᠠ ᠠᠴᠠ ᠡᠬᠢᠯᠡᠨ ᠲᠦᠴᠢᠦᠸᠠᠨ ᠰᠢᠶᠠᠨ ᠤᠷᠢᠳᠠᠪᠠᠷ ᠲᠤᠷᠰᠢᠯᠲᠠ ᠬᠢᠵᠦ ᠮᠠᠰᠢ ᠰᠠᠶᠢᠨ ᠦᠷ᠎ᠡ ᠪᠦᠲᠦᠮᠵᠢ ᠣᠯᠵᠠᠶ ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ ︽ᠲᠦᠪ ᠰᠤᠷᠲᠠᠯ ᠲᠠᠢ ᠺᠠᠳ᠋ᠷ  ︾᠎ ᠢ ᠦᠨᠡᠯᠡᠨ ᠲᠣᠭᠲᠠᠭᠠᠬᠤ ᠲᠤᠷᠰᠢᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠯᠠᠳᠠ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠤᠷᠢᠶ᠎ᠠ ᠵᠢᠯᠣᠭᠤᠳᠬᠤ ᠰᠠᠨᠠᠯ ᠲᠣᠭᠲᠠᠭᠠᠵᠤ᠂ ︽ᠲᠦᠪ ᠰᠤᠷᠲᠠᠯ ᠲᠠᠢ ᠺᠠᠳ᠋ᠷ  ︾᠎ ᠢ ᠦᠨᠡᠯᠡᠨ ᠲᠣᠭᠲᠠᠭᠠᠬᠤ ᠲᠤᠷᠰᠢᠯᠲᠠ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ᠂ ᠦᠨᠡᠯᠡᠨ ᠲᠣᠭᠲᠠᠭᠠᠬᠤ ᠬᠦᠷᠢᠶ᠎ᠡ ᠬᠡᠪᠴᠢᠶ᠎ᠡ᠂ ᠦᠨᠡᠯᠡᠨ ᠲᠣᠭᠲᠠᠭᠠᠬᠤ ᠪᠠᠷᠢᠮᠵᠢᠶ᠎ᠠ᠂ ᠦᠨᠳᠦᠰᠦᠨ ᠵᠠᠷᠴᠢᠮ᠂ ᠬᠡᠷᠡᠭᠵᠢᠭᠦᠯᠬᠦ ᠠᠯᠬᠤᠮ ᠲᠠᠷᠠᠭ᠎ᠠ ᠶᠢᠨ ᠲᠠᠯ᠎ᠠ ᠪᠠᠷ ᠲᠣᠳᠣᠷᠬᠠᠶ ᠮᠦᠷᠲᠡᠭᠡᠨ ᠪᠣᠳᠠᠲᠠᠶ ᠲᠣᠭᠲᠠᠭᠠᠯ ᠭᠠᠷᠭᠠᠭᠰᠠᠨ ᠪᠠᠶᠢᠨ᠎ᠠ᠃      ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ ︽ᠲᠦᠪ ᠰᠤᠷᠲᠠᠯ ᠲᠠᠢ ᠺᠠᠳ᠋ᠷ  ︾᠎ ᠢ ᠦᠨᠡᠯᠡᠨ ᠲᠣᠭᠲᠠᠭᠠᠬᠤ ᠬᠦᠷᠢᠶ᠎ᠡ ᠬᠡᠪᠴᠢᠶ᠎ᠡ ᠳᠤ᠄ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠬᠤᠰᠢᠭᠤ ︵ᠰᠢᠶᠠᠨ ᠬᠤᠲᠠ︶᠎ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠪᠦᠷᠢᠯᠳᠦᠬᠦᠨ ︵ᠳᠡᠳ᠋ ᠰᠠᠯᠠᠭᠠᠨ ᠳᠡᠰ ᠠᠴᠠ ᠳᠡᠭᠡᠭᠰᠢᠬᠢ ᠤᠳᠤᠷᠢᠳᠬᠤ ᠪᠤᠰᠤ ᠲᠤᠰᠢᠶᠠᠯ ᠲᠠᠢ ᠺᠠᠳ᠋ᠷ ᠪᠠᠭᠲᠠᠨ᠎ᠠ︶ ᠵᠢᠴᠢ ᠲᠡᠭᠦᠨ ᠤ ᠬᠠᠷᠢᠶᠠᠨ ᠳᠠᠬᠢ ᠥᠷᠲᠡᠭᠡ ᠠᠯᠪᠠᠨ ᠬᠡᠷ ᠰᠠᠯᠠᠭ᠎ᠠ ᠲᠠᠰᠤᠬ ᠵᠡᠷᠭᠡ ᠨᠢᠭᠡᠴᠡ ᠶᠢᠨ ᠲᠠᠰᠤᠭ ᠤᠨ ᠲᠡᠰ ᠠᠴᠠ ᠳᠡᠭᠡᠭᠰᠢᠬᠢ ᠺᠠᠳ᠋ᠷ᠂ ᠭᠠᠴᠠᠭ᠎ᠠ ᠲᠣᠰᠬᠤᠨ ᠤ ᠨᠠᠮ ᠤᠨ ᠡᠭᠦᠷ᠂ ᠭᠠᠴᠠᠭᠠᠨ ᠤ ᠵᠥᠪᠯᠡᠯ᠂ ᠬᠢᠨᠠᠯᠲᠠ ᠲᠠᠯᠪᠢᠬᠤ ᠵᠦᠪᠯᠡᠯ ᠵᠡᠷᠭᠡ ︽ᠭᠤᠷᠪᠠᠨ ᠵᠥᠪᠯᠡᠯ︾᠎ ᠤᠨ ᠪᠦᠷᠢᠯᠳᠦᠬᠦᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠰᠤᠷᠭᠠᠨ ᠬᠥᠮᠦᠵᠢᠯ ᠤᠨ ᠪᠠᠶᠢᠭᠤᠯᠤᠮᠵᠢ᠂ ᠡᠮ ᠡᠮᠨᠡᠯᠭᠡ ᠶᠢᠨ ᠪᠠᠶᠢᠭᠤᠯᠤᠮᠵᠢ ᠵᠡᠷᠭᠡ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠᠭᠲᠠᠨ᠎ᠠ᠃ ᠦᠨᠡᠯᠡᠨ ᠲᠣᠭᠲᠠᠭᠠᠬᠤ ᠠᠵᠢᠯ ᠨᠢ ᠲᠠᠭᠯᠠᠨ ᠮᠡᠳᠡᠭᠦᠯᠬᠦ᠂ ᠬᠢᠨᠠᠨ ᠬᠠᠷᠭᠤᠭᠤᠯᠵᠤ ᠪᠣᠭᠤᠮᠲᠠ ᠶᠢ ᠠᠳᠬᠤᠬᠤ᠂ ᠢᠯᠡ ᠪᠠᠷ ᠨᠡᠶᠢᠲᠡᠯᠡᠬᠦ  ᠂ ᠠᠯᠪᠠᠨ ᠵᠠᠷ ᠨᠡᠶᠢᠲᠡᠯᠡᠬᠦ᠂ ᠦᠷ᠎ᠡ ᠳ᠋ᠦᠡᠭ ᠤᠨ ᠠᠵᠢᠯᠯᠠᠭ᠎ᠠ ᠶᠢ ᠴᠢᠩᠭᠠᠷᠠᠭᠤᠯᠬᠤ ᠵᠡᠷᠭᠡ ᠠᠯᠬᠤᠮ ᠳᠠᠷᠠᠭ᠎ᠠ ᠪᠠᠷ ᠳᠠᠮᠵᠢᠨ᠂ ᠴᠢᠩᠭ᠎ᠠ ᠪᠠᠷᠢᠮᠵᠢᠶ᠎ᠠ ᠪᠤᠯᠤᠨ ᠳᠡᠰ ᠳᠠᠷᠠᠭᠠᠯᠠᠯ ᠲᠠᠢ ᠵᠤᠬᠢᠶᠠᠨ ᠪᠠᠶᠢᠭᠤᠯᠤᠨ᠎ᠠ᠃ ︽ᠲᠦᠪ ᠰᠤᠷᠲᠠᠯ ᠲᠠᠢ ᠺᠠᠳ᠋ᠷ  ︾᠎ ᠢ ᠣᠨ ᠢᠶᠠᠷ ᠦᠨᠡᠯᠡᠨ ᠲᠤᠭᠲᠠᠭᠠᠵᠤ᠂ 2017 ᠣᠨ ᠤ ︽ᠲᠦᠪ ᠰᠤᠷᠲᠠᠯ ᠲᠠᠢ ᠺᠠᠳ᠋ᠷ  ︾᠎ ᠢ ᠦᠨᠡᠯᠡᠨ ᠲᠣᠭᠲᠠᠭᠠᠬᠤ ᠲᠤᠷᠰᠢᠯᠲᠠ ᠶᠢᠨ ᠠᠵᠢᠯ ᠢ ᠡᠨᠡ ᠵᠢᠯ ᠤᠨ 5 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠳᠠᠭᠤᠰᠬᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号