ᠪᠦᠬᠦ ᠤᠷᠤᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠠᠴᠢᠯᠠᠯᠲᠠ ᠶᠢᠨ ᠲᠤᠰᠬᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-04-26
      4 ᠳ᠋ᠦ᠋ᠭᠡᠷ ᠰᠠᠷ᠎ᠠ ᠶᠢᠨ 19᠎ ᠤ ᠡᠳᠦᠷ ᠤᠨ ᠦᠲᠠ ᠶᠢᠨ ᠬᠤᠶᠢᠨ᠎ᠠ᠂ ᠦᠪᠠᠷᠲᠠᠬᠡᠨ ᠵᠠᠰᠠᠬᠤ ᠤᠷᠤᠨ ᠤ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠤᠯᠲᠠ ᠶᠢᠨ ᠤᠲᠤᠷᠢᠳᠬᠤ ᠲᠤᠭᠤᠶᠢᠯᠠᠩ ᠤᠨ ᠡᠬᠦᠷᠬᠡ ᠴᠢᠲᠠᠪᠬᠢ ᠎ ᠶᠢ ᠬᠤᠪᠢᠷᠠᠭᠤᠯᠬᠤ ᠲᠤᠰᠬᠠᠢ ᠠᠵᠢᠯ ᠢ ᠵᠤᠬᠢᠴᠠᠭᠤᠯᠬᠤ ᠠᠯᠪᠠᠨ ᠬᠡᠷ ᠪᠦᠬᠦ ᠤᠷᠤᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠠᠴᠢᠯᠠᠯᠲᠠ ᠶᠢᠨ ᠲᠤᠰᠬᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠂ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠦᠪᠠᠷᠲᠠᠬᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠪᠠᠶᠢᠡᠭᠭᠤ ᠶᠢᠨ ᠲᠠᠳ᠋ ᠲᠠᠷᠢᠬᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠬᠤ ᠶᠢᠨ ᠬᠠᠮᠲᠤ ᠶᠠᠷᠢᠶ᠎ᠠ ᠲᠠᠯᠪᠢᠵᠠᠢ᠃      ᠵᠠᠩ ᠵᠢᠶᠠᠨ ᠮᠢᠨ ᠵᠢᠭᠠᠵᠤ ᠭᠠᠷᠭᠠᠭᠰᠠᠨ ᠨᠢ᠂ ᠬᠡᠲᠤᠨ ᠵᠢᠯ ᠤᠨ ᠴᠢᠷᠮᠠᠶᠢᠯᠭ᠎ᠠ ᠪᠠᠷ ᠲᠠᠮᠵᠢᠨ᠂ ᠪᠦᠬᠦ ᠤᠷᠤᠨ ᠎ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠠᠴᠢᠯᠠᠯᠲᠠ ᠢᠳᠡᠪᠬᠢ ᠦᠷ᠎ᠠ ᠪᠦᠲᠦᠮᠵᠢ ᠤᠯᠪᠠ᠃ ᠤᠲᠤᠬᠠᠨ ᠳᠤ᠂ ᠪᠦᠬᠦ ᠤᠯᠤᠰ ᠤᠨ ᠡᠯ᠎ᠠ ᠮᠣᠵᠢ ᠣᠷᠣᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠠᠴᠢᠯᠠᠯᠲᠠ ᠪᠠᠷ ᠭᠠᠷᠳᠠᠴᠠ ᠪᠤᠯᠭᠠᠨ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ ᠢ ᠰᠠᠶᠢᠵᠢᠷᠠᠭᠤᠯᠬᠤ ᠶᠢ ᠬᠦᠴᠤᠳᠡᠢ ᠠᠬᠢᠭᠤᠯᠵᠤ ᠪᠣᠢ᠂ ᠮᠠᠨ ᠤ ᠤᠷᠤᠨ ᠦᠬᠡᠷᠠᠴᠢᠯᠠᠯᠲᠠ ᠶᠢ ᠠᠬᠢᠭᠤᠯᠬᠤ ᠳᠠᠯ᠎ᠠ ᠪᠠᠷ ᠪᠠᠰᠠ ᠵᠤᠬᠢᠬᠤ ᠵᠦᠷᠢᠶ᠎ᠠ ᠲᠠᠢ ᠪᠠᠶᠢᠵᠤ᠂ ᠭᠤᠤᠯᠲᠠᠯᠭ᠎ᠠ ᠲᠠᠢ ᠠᠰᠠᠭᠤᠲᠠᠯ ᠳᠤ ᠠᠩᠬᠠᠷᠣᠯ ᠢᠶᠠᠨ ᠲᠦᠪᠯᠠᠷᠠᠬᠦᠯᠤᠨ᠂ ᠨᠠᠷᠢᠯᠢᠭ ᠣᠨᠤᠪᠴᠢᠲᠠᠢ ᠠᠷᠭ᠎ᠠ ᠪᠤᠲᠤᠯᠭ᠎ᠠ ᠬᠡᠷᠡᠭᠵᠢᠬᠦᠯᠵᠦ᠂ ᠦᠷᠬᠦᠯᠵᠢᠯᠠᠨ ᠬᠦᠨᠵᠡᠬᠡᠢ ᠠᠬᠢᠭᠤᠯᠬᠤ ᠴᠢᠬᠤᠯᠠ ᠲᠠᠢ ᠪᠠᠶᠢᠨ᠎ᠠ ᠬᠡᠪᠠ᠃      ᠵᠠᠩ ᠵᠢᠶᠠᠨ ᠮᠢᠨ ᠴᠢᠬᠤᠯᠠᠴᠢᠯᠠᠭᠰᠠᠨ ᠨᠢ᠂ ᠨᠠᠩ ᠶᠡᠭᠡ ᠡᠷᠴᠢᠮ ᠢᠶᠠᠷ ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ ᠶᠢ ᠬᠦᠨᠵᠡᠬᠡᠶᠢᠷᠠᠬᠦᠯᠵᠦ᠂ ᠡᠯ᠎ᠠ ᠵᠦᠢᠯ ᠤᠨ ᠨᠠᠷᠢᠨ ᠲᠠᠩᠰᠠ ᠶᠢ ᠪᠠᠷᠢᠮᠵᠢᠶᠠᠵᠢᠭᠤᠯᠬᠤ᠂ ᠬᠢᠨᠠᠨ ᠵᠦᠪᠰᠢᠶᠠᠷᠠᠬᠦ ᠴᠣᠪᠤᠷᠠᠯ ᠢ ᠵᠢᠷᠤᠮᠵᠢᠭᠤᠯᠬᠤ᠂ ᠬᠢᠨᠠᠨ ᠵᠦᠪᠰᠢᠶᠠᠷᠠᠬᠦ ᠵᠤᠶᠢᠯᠡᠰ ᠢ ᠬᠠᠮᠵᠢᠯᠴᠠᠭᠤᠯᠬᠤ ᠬᠡᠷᠡᠭᠲᠠᠢ︔ ᠨᠠᠩ ᠶᠡᠭᠡ ᠡᠷᠴᠢᠮ ᠢᠶᠠᠷ ︽ᠢᠨᠲ᠋ᠧᠷ ᠰᠦᠯᠵᠢᠶ᠎ᠠ + ᠵᠠᠰᠠᠭ ᠤᠨ ᠶᠠᠪᠤᠲᠠᠯ ᠤᠨ ᠦᠢᠯᠡᠴᠢᠯᠡᠭᠡ︾᠎ ᠶᠢ ᠠᠬᠢᠭᠤᠯᠵᠣ᠂ ᠰᠦᠯᠵᠢᠶᠠᠨ ᠲᠠᠬᠡᠷ᠎ᠠ ᠠᠵᠢᠯ ᠡᠷᠬᠢᠯᠡᠭᠦ ᠶᠢ ᠲᠦᠬᠦᠮᠴᠢᠯᠡᠵᠦ᠂ ᠪᠠᠶᠢᠡᠭᠭᠤᠵᠢᠭᠤᠯᠬᠤ ᠶᠢ ᠲᠦᠷᠬᠡᠨ ᠪᠠᠶᠠᠯᠡᠬᠦᠯᠬᠦ ᠬᠡᠷᠡᠭᠲᠠᠢ︔ ᠨᠠᠩ ᠶᠡᠭᠡ ᠡᠷᠴᠢᠮ ᠢᠶᠠᠷ ᠵᠠᠰᠠᠭ ᠤᠨ ᠶᠠᠪᠤᠲᠠᠯ ᠤᠨ ᠮᠠᠲᠡᠭᠡ ᠵᠠᠩᠬᠢ ᠶᠢᠨ ᠡᠬᠢ ᠪᠠᠶᠠᠯᠢᠭ ᠢ ᠨᠡᠶᠢᠯᠡᠭᠦᠯᠵᠦ ᠬᠠᠮᠲᠤᠪᠠᠷ ᠬᠦᠷᠲᠡᠬᠦ ᠶᠢ ᠠᠬᠢᠭᠤᠯᠵᠣ᠂ ᠮᠠᠲᠡᠭᠡ ᠵᠠᠩᠬᠢ ᠶᠢ ᠢᠯᠡᠬᠦᠤ ᠬᠦᠶᠤᠯᠬᠡᠵᠤ᠂ ᠤᠯᠠᠨ ᠲᠦᠮᠠᠨ ᠢ ᠲᠤᠲᠠᠭᠤ ᠬᠦᠶᠤᠯᠬᠡᠬᠦ ᠬᠡᠷᠡᠭᠲᠠᠢ︔ ᠨᠠᠩ ᠶᠡᠭᠡ ᠡᠷᠴᠢᠮ ᠢᠶᠠᠷ ᠬᠤᠲᠠᠯᠲᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠢ ᠠᠬᠢᠭᠤᠯᠵᠤ᠂ ᠬᠢᠨᠠᠨ ᠵᠦᠪᠰᠢᠶᠠᠷᠠᠬᠦ ᠭᠤᠭᠴᠤᠭ᠎ᠠ ᠶᠢ ᠴᠢᠨᠠᠭᠰᠢᠲᠠ ᠴᠣᠮᠬᠠᠳᠬᠠᠵᠣ᠂ ᠭᠦᠢᠴᠡᠳᠬᠡᠬᠦ ᠴᠠᠭ ᠢ ᠪᠤᠭᠤᠨᠢᠰᠬᠠᠵᠤ᠂ ᠠᠵᠤ ᠠᠬᠤᠶᠢᠯᠠᠯ ᠳᠤ ᠬᠤᠯᠪᠤᠭᠲᠠᠬᠤ ᠵᠠᠷᠤᠲᠠᠯ ᠢ ᠪᠠᠭᠠᠰᠠᠬᠠᠬᠤ ᠬᠡᠷᠡᠭᠲᠠᠢ ᠬᠡᠪᠠ᠃      ᠵᠠᠩ ᠵᠢᠶᠠᠨ ᠮᠢᠨ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠲᠦᠪ ᠤᠨ ᠪᠠ ᠦᠪᠠᠷᠲᠠᠬᠡᠨ ᠵᠠᠰᠠᠬᠤ ᠤᠷᠤᠨ ᠤ ᠦᠬᠡᠷᠠᠴᠢᠯᠠᠯᠲᠠ ᠶᠢᠨ ᠪᠠᠶᠢᠷᠢᠯᠠᠭᠤᠯᠤᠯᠲᠠ ᠶᠢᠨ ᠰᠢᠨ᠎ᠠ ᠱᠠᠭᠠᠷᠲᠠᠯᠭ᠎ᠠ ᠶᠢ ᠤᠨᠤᠪᠴᠢᠲᠠᠢ ᠡᠵᠡᠮᠰᠢᠵᠤ᠂ ᠴᠢᠨᠠᠷ ᠰᠠᠶᠢᠳᠠᠢ ᠬᠦᠭᠵᠢᠯᠲᠠ ᠶᠢ ᠠᠬᠢᠭᠤᠯᠬᠤ ᠬᠠᠷᠠᠭᠠᠰᠤ ᠠᠴᠠ᠂ ᠬᠠᠷᠢᠭᠤᠴᠠᠯᠭ᠎ᠠ ᠶᠢ ᠴᠢᠨᠠᠭᠰᠢᠲᠠ ᠪᠤᠲᠠᠲᠠᠶᠢᠵᠢᠭᠤᠯᠵᠤ᠂ ᠬᠦᠴᠤ ᠪᠠᠨ ᠬᠠᠮᠳᠤᠤᠨᠬᠠᠨ ᠰᠢᠪᠲᠤᠯᠤᠯᠲᠠ ᠬᠢᠵᠦ᠂ ᠠᠵᠢᠯ ᠤᠨ ᠨᠠᠶᠢᠲᠠᠪᠤᠷᠢᠵᠢᠭᠤᠯᠤᠯᠳᠠ ᠶᠢ ᠴᠢᠩᠭ᠎ᠠ ᠠᠳᠬᠤᠬᠤ ᠬᠡᠷᠡᠭᠲᠠᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号