ᠦᠪᠠᠷᠲᠠᠬᠡᠨ ᠵᠠᠰᠠᠬᠤ ᠤᠷᠤᠨ ᠤ ᠵᠠᠰᠠᠭ ᠤᠨ ᠤᠷᠲᠤᠨ ᠪᠦᠬᠦ ᠤᠷᠤᠨ ᠤ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠣᠯᠳᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠲᠤᠭᠤᠯᠪᠠ
ᠨᠡᠶᠢᠲᠡᠯᠡᠭᠰᠡᠨ ᠴᠠᠭ᠄
2018-04-26
     4 ᠳ᠋ᠦ᠋ᠭᠡᠷ ᠰᠠᠷ᠎ᠠ ᠶᠢᠨ 20᠎ ᠤ ᠡᠳᠦᠷ᠂ ᠦᠪᠠᠷᠲᠠᠬᠡᠨ ᠵᠠᠰᠠᠬᠤ ᠤᠷᠤᠨ ᠤ ᠵᠠᠰᠠᠭ ᠤᠨ ᠤᠷᠲᠤᠨ ᠪᠦᠬᠦ ᠤᠷᠤᠨ ᠤ ᠬᠠᠤᠯᠢᠵᠢᠯ ᠤᠨ  ᠵᠠᠰᠠᠭ ᠤᠨ ᠤᠷᠲᠤᠨ ᠤ ᠪᠠᠶᠢᠭᠤᠯᠣᠯᠳᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠲᠤᠭᠤᠯᠵᠤ᠂ ᠵᠠᠰᠠᠭ ᠤᠨ ᠤᠷᠲᠤᠨ ᠤ ᠬᠠᠤᠯᠢ ᠲᠦᠷᠢᠮ ᠪᠠ ᠬᠠᠤᠯᠢ ᠶᠤᠰᠤᠭᠠᠷ ᠵᠠᠰᠠᠭ ᠶᠠᠪᠤᠭᠤᠯᠬᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠲᠠᠷᠠᠭᠠᠴᠢ ᠶᠢᠨ ᠱᠠᠳᠣᠨ ᠤ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠠᠢ᠃      ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠦᠪᠠᠷᠲᠠᠬᠡᠨ ᠵᠠᠰᠠᠬᠤ ᠤᠷᠤᠨ ᠤ ᠪᠠᠶᠢᠡᠭᠭᠤ ᠶᠢᠨ ᠲᠠᠳ᠋ ᠲᠠᠷᠢᠬᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠬᠤ ᠶᠢᠨ ᠬᠠᠮᠲᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠦᠡᠭᠬᠡᠷᠡᠭᠰᠠᠨ ᠲᠠᠪᠤᠨ ᠵᠢᠯ ᠳᠤ ᠪᠦᠬᠦ ᠤᠷᠤᠨ ᠤ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠤᠯᠲᠠ ᠢᠯᠡᠷᠬᠡᠢ ᠦᠷ᠎ᠠ ᠪᠦᠲᠦᠮᠵᠢ ᠣᠯᠵᠣ᠂ ᠡᠯ᠎ᠠ ᠵᠤᠶᠢᠯ ᠤᠨ ᠠᠵᠢᠯ ᠤᠯᠠᠨ ᠳᠠᠯ᠎ᠠ ᠪᠠᠷ ᠰᠢᠪᠳᠣᠯᠣᠯᠳᠠ ᠲᠠᠢ ᠪᠣᠯᠵᠣ᠂ ᠬᠢᠯᠡᠰ ᠴᠡᠭ ᠣᠯᠠᠨ ᠢᠯᠠᠷᠠᠵᠤ᠂ ᠦᠪᠠᠷᠲᠠᠬᠡᠨ ᠵᠠᠰᠠᠬᠤ ᠤᠷᠤᠨ ᠤ ᠠᠵᠤ ᠠᠬᠤᠢ ᠨᠠᠶᠢᠬᠡᠮ ᠤᠨ ᠬᠦᠭᠵᠢᠯᠲᠠ ᠳᠤ ᠡᠷᠡᠰ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠨᠭ᠍ᠭᠠᠪᠠ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠤᠭᠰᠤᠴᠠ ᠪᠠᠨ ᠦᠨᠡᠨᠬᠦ ᠦᠨᠳᠦᠷᠵᠢᠭᠦᠯᠵᠦ᠂ ᠨᠠᠮ ᠤᠨ ᠠᠷᠪᠠ ᠶᠢᠰᠤᠲᠤᠬᠡᠷ ᠶᠡᠭᠡ ᠬᠤᠷᠠᠯ ᠪᠠ ᠦᠨᠲᠤᠰᠤᠨ ᠬᠠᠤᠯᠢ ᠪᠠᠷ ᠵᠠᠰᠠᠭ ᠶᠠᠪᠤᠭᠤᠯᠬᠤ᠂ ᠦᠬᠡᠷᠠᠴᠢᠯᠠᠯᠲᠠ ᠬᠦᠭᠵᠢᠯᠲᠠ ᠠᠴᠠ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠤᠯᠲᠠ ᠳᠤ ᠲᠤᠷᠠᠲᠤᠭᠰᠠᠨ ᠰᠢᠨ᠎ᠠ ᠱᠠᠭᠠᠷᠲᠠᠯᠭ᠎ᠠ ᠶᠢ ᠬᠦᠨᠵᠡᠬᠡᠢ ᠲᠠᠨᠢᠵᠤ᠂ ᠨᠠᠩ ᠴᠢᠩᠭ᠎ᠠ ᠪᠠᠴᠢᠮ ᠳᠣᠯᠭᠠᠮ᠎ᠠ ᠰᠡᠳᠬᠢᠯᠬᠡ ᠪᠠᠷ ᠬᠠᠤᠯᠢᠵᠢᠯ ᠤᠨ ᠵᠠᠰᠠᠭ ᠎ ᠤᠨ ᠤᠷᠲᠤᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠠᠢ︔ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ᠂ ᠲᠦᠷᠢᠮ ᠎ ᠤᠨ ᠪᠠᠶᠢᠭᠤᠯᠤᠯᠲᠠ᠂ ᠰᠢᠢᠳᠪᠤᠷᠢᠲᠤ ᠪᠤᠲᠤᠯᠭ᠎ᠠ ᠶᠢ ᠵᠢᠷᠤᠮᠵᠢᠭᠤᠯᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠬᠢᠨᠠᠯᠳᠠ ᠶᠢ ᠴᠢᠩᠭᠠᠷᠠᠭᠤᠯᠬᠤ᠂ ᠵᠦᠷᠢᠴᠠᠯ ᠢ ᠠᠷᠢᠯᠭᠠᠬᠤ ᠲᠠᠬᠡᠷ᠎ᠠ ᠬᠦᠴᠤ ᠲᠠᠯᠪᠢᠵᠤ᠂ ᠬᠠᠤᠯᠢᠵᠢᠯ ᠤᠨ ᠰᠡᠳᠬᠢᠬᠦᠢ ᠲᠠᠢ ᠪᠠᠶᠢᠬᠤ᠂ ᠰᠠᠬᠢᠬᠤ ᠠᠴᠠ ᠬᠠᠤᠯᠢ ᠲᠠᠢ ᠪᠠᠶᠢᠬᠤ᠂ ᠵᠠᠰᠠᠭ ᠤᠨ ᠤᠷᠲᠤᠨ ᠬᠠᠤᠯᠢ ᠶᠢ ᠰᠠᠬᠢᠬᠤ᠂ ᠬᠠᠤᠯᠢ ᠶᠢ ᠴᠢᠩᠭ᠎ᠠ ᠲᠤᠲᠤᠷᠬᠠᠢ ᠬᠡᠷᠡᠭᠵᠢᠭᠦᠯᠬᠦ᠂ ᠬᠠᠤᠯᠢ ᠶᠢ ᠳᠠᠭᠠᠵᠣ ᠬᠠᠤᠯᠢ ᠶᠢ ᠬᠠᠮᠠᠭᠠᠯᠠᠬᠤ᠂ ᠡᠷᠬᠡ ᠲᠡᠭᠰᠢ ᠰᠢᠳᠣᠷᠭᠤ ᠶᠣᠰᠣ ᠲᠠᠢ ᠪᠠᠶᠢᠬᠤ ᠠᠰᠠᠭᠤᠲᠠᠯ ᠢ ᠰᠠᠶᠢᠲᠤᠷ ᠰᠢᠢᠳᠪᠤᠷᠢᠯᠡᠵᠤ᠂ ᠨᠠᠩ ᠨᠠᠷᠢᠯᠢᠭ ᠤᠨᠤᠪᠴᠢᠲᠠᠢ ᠠᠷᠭ᠎ᠠ ᠬᠡᠮᠵᠢᠶ᠎ᠠ ᠪᠠᠷ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠣᠯᠳᠠ ᠶᠢ ᠰᠠᠶᠢᠳᠣᠷ ᠠᠳᠬᠤᠵᠣ᠂ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠣᠯᠳᠠ ᠶᠢᠨ ᠡᠯ᠎ᠠ ᠵᠤᠶᠢᠯ ᠤᠨ ᠡᠬᠦᠷᠬᠡ ᠶᠢ ᠲᠤᠭᠲᠠᠭᠰᠠᠨ ᠬᠤᠭᠤᠴᠠᠭᠠᠨ ᠳᠤ ᠪᠠᠶᠠᠯᠡᠬᠦᠯᠬᠦ ᠬᠡᠷᠡᠭᠲᠠᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠵᠠᠰᠠᠭ ᠤᠨ ᠤᠷᠲᠤᠨ ᠎ ᠤ ᠬᠠᠤᠯᠢ ᠲᠦᠷᠢᠮ ᠤᠨ ᠠᠵᠢᠯ ᠳᠠᠬᠢ ᠤᠲᠤᠷᠢᠲᠤᠯᠭ᠎ᠠ ᠪᠠᠨ ᠦᠨᠡᠨᠬᠦ ᠴᠢᠩᠭᠠᠳᠬᠠᠨ᠂ ᠨᠢᠬᠡᠲᠤᠬᠡᠷ ᠬᠠᠷᠢᠭᠤᠴᠠᠯᠭᠠᠲᠤ ᠬᠦᠮᠤᠨ ᠤ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠤ᠂ ᠰᠢᠮᠳᠠᠭᠤᠯᠤᠯᠲᠠ ᠵᠢᠯᠤᠭᠤᠲᠤᠯᠭ᠎ᠠ ᠪᠠᠨ ᠴᠢᠩᠭᠠᠳᠬᠠᠵᠣ᠂ ᠵᠠᠰᠠᠭ ᠤᠨ ᠤᠷᠲᠤᠨ ᠤ ᠬᠠᠤᠯᠢ ᠲᠦᠷᠢᠮ ᠤᠨ ᠪᠠᠶᠢᠭᠤᠯᠤᠮᠵᠢ ᠶᠢᠨ ᠲᠤᠰ ᠪᠠᠶ᠎ᠠ ᠶᠢᠨ ᠪᠤᠯᠪᠠᠰᠤᠷᠠᠯ ᠎ ᠢᠶᠠᠨ ᠪᠦᠬᠦ ᠲᠠᠯ᠎ᠠ ᠪᠠᠷ ᠲᠠᠬᠡᠭᠰᠢᠯᠡᠬᠦᠯᠤᠨ᠂ ᠨᠠᠩ ᠴᠢᠩᠭ᠎ᠠ ᠡᠷᠴᠢᠮ ᠢᠶᠠᠷ ᠬᠠᠤᠯᠢᠵᠢᠯ ᠤᠨ ᠵᠠᠰᠠᠭ ᠤᠨ ᠤᠷᠲᠤᠨ ᠤ ᠪᠠᠶᠢᠭᠤᠯᠤᠯᠲᠠ ᠶᠢ ᠠᠬᠢᠭᠤᠯᠵᠤ᠂ ᠡᠯ᠎ᠠ ᠵᠤᠶᠢᠯ ᠤᠨ ᠠᠵᠢᠯ  ᠢᠶᠠᠨ ᠲᠠᠬᠢᠨ ᠰᠢᠨ᠎ᠠ ᠲᠡᠭᠲᠠᠷ ᠲᠤ ᠭᠠᠷᠭᠠᠬᠤ ᠶᠢ ᠠᠬᠢᠭᠤᠯᠬᠤ ᠬᠡᠷᠡᠭᠲᠠᠢ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号