| | 4 ᠳ᠋ᠦ᠋ᠭᠡᠷ ᠰᠠᠷ᠎ᠠ ᠶᠢᠨ 26 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠬᠦᠬᠡᠬᠤᠳᠠ ᠳᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ ᠬᠤᠷᠠᠯ | ᠬᠤᠷᠠᠯᠳᠤᠭᠤᠯᠪᠠ᠃ | ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠢ ᠾᠧᠩ᠂ ᠪᠦ᠋ ᠰᠢᠶᠤᠤ ᠯᠢᠨ᠂ ᠯᠢ ᠵᠢᠶᠠ᠂ ᠽᠧᠩ | ᠢ ᠴᠦᠨ ᠶᠠᠷᠢᠶ᠎ᠠ ᠲᠠᠯᠪᠢᠪᠠ᠃ ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠰᠢᠭᠤ ᠰᠢᠶᠠᠨ ᠬᠦᠷᠳᠡᠯ᠎ᠠ | ᠬᠤᠷᠠᠯᠳᠤᠭᠤᠯᠵᠤ᠂ ᠬᠠᠮᠢᠶ᠎ᠠ ᠪᠦᠬᠦᠢ ᠮᠤᠵᠢ ᠶᠢᠨ ᠲᠡᠰ ᠤᠨ ᠤᠳᠤᠷᠢᠳᠬᠤ ᠨᠦᠬᠦᠳ ᠭᠤᠤᠯ ᠬᠤᠷᠠᠯ ᠤᠨ | ᠲᠠᠯᠠᠪᠠᠢ ᠳᠤ ᠬᠤᠷᠠᠯ ᠳᠤ ᠤᠷᠤᠯᠴᠠᠵᠠᠢ᠃ | ᠯᠢ ᠵᠢᠢ ᠾᠧᠩ ᠵᠢᠭᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠪᠤᠯ ᠵᠠᠪᠠᠯ ᠰᠠᠶᠢᠲᠤᠷ | ᠬᠢᠵᠤ ᠢᠯᠠᠯᠳᠠ ᠤᠯᠬᠤ ᠬᠠᠳᠠᠭᠤ ᠳᠠᠶᠢᠯᠠᠯᠳᠤᠭᠠᠨ ᠮᠦᠨ᠂ ᠦᠪᠦᠷ ᠮᠤᠩᠭᠤᠯ ᠤᠨ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠠᠵᠢᠯ ᠪᠦᠬᠦ ᠲᠠᠯ᠎ᠠ ᠲᠠᠢ ᠬᠤᠯᠪᠤᠬᠳᠠᠨ᠂ ᠠᠯᠤᠰ ᠬᠡᠳᠦ ᠲᠠᠢ ᠬᠤᠯᠪᠤᠬᠳᠠᠵᠤ᠂ ᠦᠨᠳᠦᠰᠦᠨ | ᠵᠦᠢᠯ ᠲᠠᠢ ᠬᠤᠯᠪᠤᠬᠳᠠᠨ᠎ᠠ᠃ ᠡᠯ᠎ᠠ ᠱᠠᠳᠤ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠶᠡᠷᠦᠩᠬᠡᠢ ᠱᠦᠵᠢ | ᠰᠢ ᠶᠢᠨ ᠫᠢᠩ ᠤᠨ ᠶᠠᠳᠠᠭᠤ ᠶᠢ ᠲᠡᠳᠭᠦᠭᠦ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ | ᠲᠦᠷᠦ ᠶᠢᠨ ᠵᠤᠬᠰᠤᠴᠠ ᠪᠠᠨ ᠴᠢᠨᠠᠬᠰᠢᠳᠠ ᠲᠡᠭᠡᠭᠰᠢᠯᠡᠭᠦᠯᠦᠨ ︽ᠲᠦᠷᠪᠡᠨ ᠤᠬᠠᠮᠰᠠᠷ︾ ᠢ ᠪᠠᠳᠤ ᠪᠠᠬᠢ ᠪᠤᠢ | ᠪᠤᠯᠭᠠᠵᠤ᠂ ᠲᠦᠪ ᠤᠨ ᠵᠤᠷᠢᠭ ᠰᠠᠨᠠᠭ᠎ᠠ ᠲᠠᠢ ᠬᠠᠷᠭᠤᠭᠤᠯᠤᠨ ᠬᠦᠨᠵᠡᠭᠡᠢ ᠲᠤᠩᠭᠠᠨ ᠪᠤᠳᠤᠯᠬᠢᠯᠠᠵᠤ᠂ ᠢᠴᠢᠭᠦᠷᠢ ᠶᠢ | ᠮᠡᠳᠡᠨ ᠵᠤᠷᠢᠬᠳᠠᠢ ᠠᠵᠢᠯᠯᠠᠵᠤ ᠵᠤᠷᠢᠭ ᠰᠢᠭᠤᠳᠣᠨ ᠳᠣᠣᠱᠳᠠᠢ ᠴᠢᠷᠮᠠᠶᠢᠵᠤ᠂ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠠᠵᠢᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠬᠦᠨᠵᠡᠭᠡᠢ | ᠦᠷᠨᠢᠭᠦᠯᠵᠤ᠂ ᠤᠷᠤᠰᠢᠵᠤ ᠪᠠᠶᠢᠭ᠎ᠠ ᠠᠰᠠᠭᠤᠳᠠᠯ ᠢᠶᠠᠨ ᠪᠦᠬᠦ ᠲᠠᠯ᠎ᠠ ᠪᠠᠷ ᠡᠷᠢᠵᠤ ᠬᠤᠭᠤᠴᠠᠭ᠎ᠠ ᠲᠤᠬᠳᠠᠭᠠᠨ | ᠴᠡᠭᠴᠡᠯᠡᠨ ᠰᠠᠶᠢᠵᠢᠷᠠᠭᠤᠯᠵᠤ᠂ ᠪᠤᠳᠠᠳᠤ ᠠᠵᠢᠯᠯᠠᠭ᠎ᠠ ᠪᠠ ᠯᠠᠪᠳᠠᠭᠤᠨ ᠪᠠᠳᠤᠳᠠᠢ ᠦᠷ᠎ᠠ ᠪᠦᠳᠦᠮᠵᠢ ᠪᠠᠷ ᠢᠶᠠᠨ | ᠶᠡᠷᠦᠩᠬᠡᠢ ᠱᠦᠵᠢ ᠰᠢ ᠶᠢᠨ ᠫᠢᠩ ᠪᠤᠯᠤᠨ ᠨᠠᠮ ᠤᠨ ᠲᠦᠪ ᠬᠤᠷᠢᠶ᠎ᠠ ᠶᠢᠨ ᠬᠠᠶᠢᠷ᠎ᠠ ᠬᠠᠯᠠᠮᠵᠢ ᠶᠢ ᠬᠠᠷᠢᠭᠤᠯᠠᠬᠤ | ᠬᠡᠷᠡᠭᠲᠡᠢ ᠭᠡᠵᠡᠢ᠃ | ᠯᠢ ᠵᠢᠢ ᠾᠧᠩ ᠱᠠᠭᠠᠷᠳᠠᠭᠰᠠᠨ ᠨᠢ᠂ ᠨᠠᠮ ᠤᠨ ᠲᠦᠪ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠷᠠᠯᠳᠠ ᠪᠠᠷᠢᠮᠵᠢᠶ᠎ᠠ ᠶᠢ ᠪᠠᠷᠢᠮᠳᠠᠯᠠᠨ᠂ ᠤᠨᠤᠪᠴᠢᠳᠠᠢ ᠪᠠᠶᠢᠬᠤ ᠶᠢᠨ ᠴᠢᠬᠤᠯᠠ ᠣᠳᠬ᠎ᠠ ᠶᠢ | ᠡᠵᠡᠮᠰᠢᠵᠤ᠂ ᠤᠨᠴᠠ ᠶᠠᠳᠠᠭᠤ ᠬᠦᠴᠢᠷᠳᠡᠯ ᠳᠤ ᠠᠩᠬᠠᠷᠤᠯ ᠢᠶᠠᠨ ᠲᠦᠪᠯᠡᠷᠡᠭᠦᠯᠵᠦ᠂ ᠠᠵᠤ ᠦᠢᠯᠡᠰ ᠢᠶᠠᠷ ᠶᠠᠳᠠᠭᠤ ᠶᠢ | ᠲᠡᠳᠭᠦᠭᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠭᠦᠭᠦ᠂ ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠲᠡᠳᠭᠦᠭᠦ | ᠵᠡᠷᠭᠡ ᠭᠤᠤᠯᠳᠠᠯᠭ᠎ᠠ ᠲᠠᠢ ᠠᠰᠠᠭᠤᠳᠠᠯ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠭᠦ ᠬᠡᠷᠡᠭᠳᠡᠢ᠃ ᠪᠡᠭᠡᠵᠢᠩ | ᠦᠪᠦᠷ ᠮᠤᠩᠭᠤᠯ ᠤᠨ ᠶᠠᠳᠠᠭᠤ ᠶᠢ ᠲᠡᠳᠭᠦᠭᠦ ᠬᠠᠮᠵᠢᠯᠴᠠᠭ᠎ᠠ ᠶᠢᠨ ᠭᠤᠷᠪᠠᠨ ᠵᠢᠯ ᠤᠨ ᠠᠵᠢᠯᠯᠠᠭᠠᠨ ᠤ ᠪᠦᠳᠦᠭᠦᠪᠴᠢ | ᠵᠦᠪᠳᠡᠯᠴᠡᠭᠡᠷ ᠢ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠭ᠋ ᠲᠤᠬᠳᠠᠭᠠᠨ ᠶᠠᠳᠠᠭᠤ ᠶᠢ ᠲᠡᠳᠭᠦᠭᠦ ᠠᠵᠢᠯ ᠢ ᠰᠠᠶᠢᠲᠤᠷ | ᠬᠢᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠲᠤᠳᠤᠭᠠᠳᠦ ᠬᠦᠳᠡᠯᠭᠡᠬᠦ ᠬᠦᠴᠦᠨ ᠢ ᠬᠦᠭᠵᠢᠭᠡᠵᠦ᠂ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠪᠤᠳᠠᠳᠤ ᠦᠷ᠎ᠠ ᠠᠰᠢᠭ ᠢ ᠲᠡᠭᠡᠭᠰᠢᠯᠡᠭᠦᠯᠭᠦ ᠬᠡᠷᠡᠭᠳᠡᠢ᠃ | ᠶᠠᠳᠠᠭᠤ ᠶᠢ ᠲᠡᠳᠭᠦᠭᠦ ᠪᠡᠯᠡ ᠮᠦᠩᠭᠦ ᠶᠢ ᠤᠷᠤᠭᠤᠯᠬᠤ ᠪᠠ ᠨᠡᠶᠢᠳᠬᠡᠬᠦ ᠡᠷᠴᠢᠮ ᠢᠶᠠᠨ ᠴᠢᠩᠭᠠᠷᠠᠭᠤᠯᠵᠤ᠂ ᠪᠡᠯᠡ | ᠮᠦᠩᠭᠦ ᠶᠢᠨ ᠬᠡᠷᠡᠭᠯᠡᠯᠲᠡ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠡᠢ ᠭᠡᠵᠡᠢ᠃ | ᠯᠢ ᠵᠢᠢ ᠾᠧᠩ ᠴᠢᠬᠤᠯᠠᠴᠢᠯᠠᠭᠰᠠᠨ ᠨᠢ᠂ ᠮᠤᠵᠢ ᠣᠷᠣᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠭᠦ | ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠢᠮᠠᠭ ᠬᠤᠳᠠ᠂ ᠬᠤᠰᠢᠭᠤ ᠰᠢᠶᠠᠨ ᠤ | ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠦ᠂ ᠭᠠᠴᠠᠭ᠎ᠠ | ᠲᠤᠰᠬᠤᠨ ᠤ ᠪᠤᠳᠠᠳᠠᠢ ᠠᠳᠬᠤᠬᠤ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ᠂ ᠱᠠᠳᠤ ᠪᠤᠯᠭᠠᠨ ᠭᠠᠪᠰᠢᠭᠠᠶᠢᠯᠠᠨ | ᠠᠵᠢᠯᠯᠠᠵᠤ᠂ ᠠᠵᠢᠯ ᠢ ᠪᠤᠳᠠᠳᠠᠢ ᠠᠳᠬᠤᠨ ᠨᠠᠷᠢᠯᠢᠭ ᠠᠳᠬᠤᠵᠣ ᠲᠤᠤᠱᠳᠠᠢ ᠠᠳᠬᠤᠬᠤ ᠬᠡᠷᠡᠭᠳᠡᠢ᠃ ᠦᠪᠡᠷᠳᠡᠭᠡᠨ | ᠵᠠᠰᠠᠬᠤ ᠤᠷᠤᠨ ᠠᠴᠠ ᠲᠤᠮᠢᠯᠠᠬᠰᠠᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠢ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠠᠵᠢᠯᠯᠠᠬᠤ ᠠᠩᠬᠢ ᠶᠢᠨ ᠬᠢᠨ ᠦᠢᠯᠡᠳᠦᠯ ᠢᠶᠠᠨ ᠦᠨᠡᠨᠭᠦ ᠪᠠᠳᠠᠷᠠᠭᠤᠯᠵᠤ᠂ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠪᠦᠬᠦ ᠶᠠᠪᠤᠴᠠ ᠳᠤ ᠤᠷᠤᠯᠴᠠᠨ ᠱᠠᠯᠠᠪᠳᠠᠭᠤᠯᠤᠨ ᠵᠢᠯᠤᠭᠤᠳᠬᠤ | ᠬᠡᠷᠡᠭᠳᠡᠢ᠃ ᠬᠠᠮᠤᠭ ᠤᠨ ᠴᠢᠩᠭ᠎ᠠ ᠬᠢᠨᠠᠨ ᠰᠢᠯᠭᠠᠵᠣ ᠦᠨᠡᠯᠡᠬᠦ ᠠᠷᠭ᠎ᠠ ᠶᠢ ᠬᠡᠷᠡᠭᠵᠢᠭᠦᠯᠵᠤ᠂ ᠠᠶᠢᠮᠠᠭ ᠬᠤᠳᠠ᠂ | ᠬᠤᠰᠢᠭᠤ ᠰᠢᠶᠠᠨ ᠢ ᠨᠢᠬᠳᠠ ᠠᠩᠬᠠᠷᠬᠤ ᠮᠦᠷᠳᠡᠭᠡᠨ ᠪᠠᠰᠠ ᠲᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ᠂ ᠡᠭᠦᠷᠭᠡ | ᠴᠢᠳᠠᠪᠬᠢᠳᠦ ᠰᠠᠯᠠᠭ᠎ᠠ ᠮᠦᠴᠢᠷ᠂ ᠠᠵᠢᠯᠯᠠᠬᠤ ᠠᠩᠬᠢ᠂ ᠬᠠᠪᠰᠣᠷᠣᠨ ᠲᠡᠳᠭᠦᠭᠦ ᠺᠠᠳ᠋ᠷᠴᠤᠳ ᠤᠨ ᠬᠠᠷᠢᠭᠤᠴᠠᠯᠭ᠎ᠠ ᠶᠢ | ᠴᠢᠩᠭ᠎ᠠ ᠬᠢᠨᠠᠨ ᠰᠢᠯᠭᠠᠵᠤ᠂ ᠲᠡᠷᠢᠭᠦᠨ ᠤ ᠬᠢ ᠶᠢ ᠨᠢ ᠬᠦᠬᠢᠭᠦᠯᠵᠤ ᠬᠤᠴᠤᠷᠤᠩᠭᠤᠢ ᠶᠢ ᠨᠢ ᠱᠠᠯᠠᠪᠳᠠᠭᠤᠯᠬᠤ | ᠬᠡᠷᠡᠭᠳᠡᠢ᠃ ᠶᠠᠳᠠᠭᠤ ᠶᠢ ᠲᠡᠳᠭᠦᠭᠦ ᠬᠦᠷᠢᠶᠡᠨ ᠳᠠᠬᠢ ᠢᠯᠵᠢᠷᠠᠯ ᠪᠠ ᠰᠤᠷᠳᠠᠯ ᠤᠨ ᠠᠰᠠᠭᠤᠳᠠᠯ ᠢ ᠲᠤᠰᠬᠠᠢ | ᠴᠡᠭᠴᠡᠯᠡᠨ ᠵᠠᠰᠠᠬᠤ ᠠᠵᠢᠯ ᠢ ᠬᠦᠨᠵᠡᠭᠡᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠭᠡᠵᠡᠢ᠃ | ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠦᠨᠳᠦᠷᠴᠡ ᠠᠴᠠ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠬᠠᠨᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠳᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ | ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ | ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ᠂ ᠪᠦᠬᠦ ᠲᠠᠯ᠎ᠠ ᠪᠠᠷ ᠲᠦᠢᠯᠪᠦᠷᠢᠳᠡᠢ ᠴᠡᠭᠴᠡᠯᠡᠨ ᠰᠠᠶᠢᠵᠢᠷᠠᠭᠤᠯᠬᠤ | ᠬᠡᠷᠡᠭᠳᠡᠢ᠃ ᠤᠨᠤᠪᠴᠢᠳᠠᠢ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠠ ᠵᠦᠢᠯ ᠤᠨ ᠶᠠᠳᠠᠭᠤ ᠶᠢ | ᠲᠡᠳᠭᠦᠭᠦ ᠠᠵᠢᠯ ᠳᠤ ︽ᠬᠠᠳᠬᠤᠮᠠᠯ ᠬᠠᠳᠬᠤᠬᠤ︾ ᠬᠦᠴᠦ ᠤᠷᠤᠭᠤᠯᠤᠨ᠂ ᠭᠠᠴᠠᠭ᠎ᠠ ᠲᠤᠰᠬᠤᠨ᠂ ᠡᠷᠦᠭᠡ ᠪᠠ | ᠬᠦᠮᠦᠨ ᠤ ᠬᠢᠨᠢ ᠤᠨᠴᠠᠯᠢᠭ ᠲᠤ ᠲᠤᠬᠢᠷᠠᠭᠤᠯᠤᠨ ᠤᠨᠤᠪᠴᠢᠳᠠᠢ ᠠᠷᠭ᠎ᠠ ᠪᠤᠳᠤᠯᠭ᠎ᠠ ᠶᠢ ᠬᠡᠷᠡᠭᠵᠢᠭᠦᠯᠭᠦ ᠬᠡᠷᠡᠭᠳᠡᠢ᠃ | ᠴᠡᠭᠴᠡᠯᠡᠨ ᠰᠠᠶᠢᠵᠢᠷᠠᠭᠤᠯᠬᠤ ᠠᠵᠢᠯ ᠢ ᠶᠠᠳᠠᠭᠤ ᠶᠢ ᠲᠡᠳᠭᠦᠭᠦ ᠬᠦᠷᠢᠶᠡᠨ ᠳᠠᠬᠢ ᠰᠤᠷᠳᠠᠯ ᠤᠨ ᠠᠰᠠᠭᠤᠳᠠᠯ ᠢ | ᠲᠤᠰᠬᠠᠢ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠬᠦᠴᠦᠨ ᠢᠶᠠᠨ ᠲᠦᠪᠯᠡᠷᠡᠭᠦᠯᠵᠤ ᠪᠠᠶᠢᠭᠠᠳ ︽ᠲᠦᠷᠪᠠᠨ | ᠤᠬᠠᠮᠰᠠᠷ︾ ᠴᠢᠩᠭ᠎ᠠ ᠪᠤᠰᠤ ᠪᠠᠶᠢᠬᠤ ᠵᠡᠷᠭᠡ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠭᠦ ᠬᠡᠷᠡᠭᠳᠡᠢ᠃ | ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠠᠵᠢᠯ ᠢ ᠰᠠᠶᠢᠵᠢᠷᠠᠭᠤᠯᠵᠤ᠂ ᠠᠰᠠᠭᠤᠳᠠᠯ ᠢ ᠴᠠᠭ ᠲᠤᠬᠠᠢ ᠳᠤᠨᠢ | ᠢᠯᠡᠷᠡᠭᠦᠯᠦᠨ ᠰᠢᠢᠳᠪᠦᠷᠢᠯᠡᠭᠦ ᠶᠢ ᠦᠨᠡᠨᠬᠦ ᠪᠠᠳᠤᠯᠠᠬᠤ ᠬᠡᠷᠡᠭᠳᠡᠢ᠃ ᠶᠠᠳᠠᠭᠤ ᠶᠢ ᠲᠡᠳᠭᠦᠭᠦ ᠬᠢᠨᠠᠯᠳᠠ ᠲᠠᠯᠪᠢᠬᠤ | ᠢᠯᠡᠴᠢᠯᠡᠨ ᠮᠡᠳᠡᠭᠦᠯᠭᠦ ᠤᠳᠠᠰᠦ ᠪᠠ ᠬᠢᠨᠠᠯᠳᠠ ᠲᠠᠯᠪᠢᠬᠤ ᠢᠯᠡᠴᠢᠯᠡᠨ ᠮᠡᠳᠡᠭᠦᠯᠭᠦ ᠠᠷᠭ᠎ᠠ ᠵᠠᠮ ᠢ ᠰᠢᠯᠤᠭᠤᠳᠬᠠᠬᠤ | ᠬᠡᠷᠡᠭᠳᠡᠢ ᠭᠡᠵᠡᠢ᠃ | ᠡᠯ᠎ᠠ ᠠᠶᠢᠮᠠᠭ ᠬᠤᠳᠠ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤᠰᠢᠶᠠᠪᠠ᠃ ᠬᠠᠮᠢᠶ᠎ᠠ ᠪᠦᠬᠦᠢ ᠠᠶᠢᠮᠠᠭ ᠬᠤᠳᠠ᠂ ᠬᠤᠰᠢᠭᠤ | ᠰᠢᠶᠠᠨ ᠪᠠ ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠨᠦᠬᠦᠳ ᠬᠤᠷᠠᠯ | ᠲᠡᠭᠡᠷ᠎ᠠ ᠦᠭᠡ ᠬᠡᠯᠡᠵᠡᠢ᠃ |