ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠭᠠᠳᠬᠠᠯ ᠳᠤ ᠤᠷᠤᠯᠴᠠᠭᠰᠠᠨ ᠠᠵᠢᠯᠲᠠᠨ ᠠᠵᠢᠯᠴᠢᠨ ᠤ ᠬᠦᠨᠳᠦ | ᠡᠪᠡᠳᠴᠢᠨ ᠤ ᠡᠮ ᠡᠮᠨᠡᠯᠭᠡ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠤᠯᠠᠳᠠ᠂ 2018 ᠤᠨ ᠤ 1 | ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠡᠷᠢᠶᠡᠨ ᠬᠤᠳᠠ ᠬᠦᠨᠳᠦ ᠡᠪᠡᠳᠴᠢᠨ ᠤ ᠬᠠᠷᠢᠯᠴᠠᠨ | ᠲᠤᠰᠠᠯᠠᠯᠴᠠᠬᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠲᠥᠷᠥ ᠶᠢᠨ ᠪᠣᠳᠣᠯᠭ᠎ᠠ ᠳᠤ | ᠲᠣᠬᠢᠷᠠᠭᠤᠯᠤᠯᠲᠠ ᠬᠢᠪᠡ᠄ | ᠨᠢᠭᠡ ᠳᠤ ᠳᠠᠭᠠᠳᠬᠠᠯ ᠳᠤ ᠤᠷᠤᠯᠴᠠᠭᠰᠠᠨ ᠠᠵᠢᠯᠲᠠᠨ ᠠᠵᠢᠯᠴᠢᠨ ᠤ ᠨᠢᠭᠡ ᠵᠢᠯ ᠤᠨ ᠳᠣᠲᠣᠷ᠎ᠠ ᠭᠠᠭᠴᠠ | ᠤᠳᠠᠭ᠎ᠠ ᠪᠤᠶᠤ ᠨᠡᠶᠢᠲᠡ ᠵᠠᠷᠤᠴᠠᠭᠤᠯᠤᠭᠰᠠᠨ ᠡᠮᠨᠡᠯᠭᠡ ᠳᠤ ᠰᠠᠭᠤᠵᠤ ᠡᠮᠨᠡᠭᠦᠯᠦᠭᠰᠡᠨ ᠵᠠᠷᠤᠳᠠᠯ ᠢ ᠬᠤᠲᠠ | ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠠᠴᠠ ᠲᠦᠯᠦᠭᠰᠡᠨ ᠤ ᠳᠠᠷᠠᠭ᠎ᠠ᠂ | ᠲᠥᠷᠥ ᠶᠢᠨ ᠪᠤᠳᠤᠯᠭ᠎ᠠ ᠶᠢᠨ ᠬᠡᠪᠴᠢᠶᠡᠨ ᠳᠤᠲᠤᠷ᠎ᠠ ᠦᠪᠡᠰᠦᠪᠡᠨ ᠲᠤᠰᠢᠶᠠᠭᠰᠠᠨ ᠵᠠᠷᠤᠳᠠᠯ ᠨᠢ 1 ᠲᠦᠮᠡᠨ | ᠲᠥᠭᠦᠷᠢᠭ ᠠᠴᠠ ᠬᠡᠲᠦᠷᠡᠪᠡᠯ᠂ 70% ᠶᠢᠨ ᠬᠠᠷᠢᠴᠠᠯ ᠢᠶᠠᠷ ᠬᠦᠨᠳᠦ ᠡᠪᠡᠳᠴᠢᠨ ᠤ ᠬᠠᠷᠢᠯᠴᠠᠨ ᠲᠤᠰᠠᠯᠠᠯᠴᠠᠬᠤ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠵᠤ ᠦᠭᠭᠦᠨ᠎ᠡ᠃ | ᠬᠤᠶᠠᠷ ᠲᠤ ᠠᠯᠪᠠᠲᠠᠨ ᠤ ᠡᠮᠴᠢᠯᠡᠭᠡ ᠶᠢᠨ ᠨᠥᠬᠦᠪᠥᠷᠢ ᠬᠦᠷᠲᠡᠵᠤ ᠪᠠᠶᠢᠭ᠎ᠠ ᠳᠠᠭᠠᠳᠬᠠᠯ ᠳᠤ ᠤᠷᠤᠯᠴᠠᠭᠰᠠᠨ | ᠠᠵᠢᠯᠲᠠᠨ ᠠᠵᠢᠯᠴᠢᠨ ᠤ ᠨᠢᠭᠡ ᠵᠢᠯ ᠤᠨ ᠳᠣᠲᠣᠷ᠎ᠠ ᠭᠠᠭᠴᠠ ᠤᠳᠠᠭ᠎ᠠ ᠪᠤᠶᠤ ᠨᠡᠶᠢᠲᠡ ᠵᠠᠷᠤᠴᠠᠭᠤᠯᠤᠭᠰᠠᠨ | ᠡᠮᠨᠡᠯᠭᠡ ᠳᠤ ᠰᠠᠭᠤᠵᠤ ᠡᠮᠴᠢᠯᠡᠭᠦᠯᠦᠭᠰᠡᠨ ᠵᠠᠷᠤᠳᠠᠯ ᠢ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠪᠤᠯᠤᠨ ᠠᠯᠪᠠᠲᠠᠨ ᠤ ᠡᠮᠴᠢᠯᠡᠭᠡ ᠶᠢᠨ ᠨᠥᠬᠦᠪᠥᠷᠢ ᠠᠴᠠ ᠲᠦᠯᠦᠭᠰᠡᠨ ᠤ ᠳᠠᠷᠠᠭ᠎ᠠ᠂ | ᠲᠥᠷᠥ ᠶᠢᠨ ᠪᠤᠳᠤᠯᠭ᠎ᠠ ᠶᠢᠨ ᠬᠡᠪᠴᠢᠶᠡᠨ ᠳᠤᠲᠤᠷ᠎ᠠ ᠦᠪᠡᠰᠦᠪᠡᠨ ᠲᠤᠰᠢᠶᠠᠭᠰᠠᠨ ᠵᠠᠷᠤᠳᠠᠯ ᠨᠢ 1 ᠲᠦᠮᠡᠨ | ᠲᠥᠭᠦᠷᠢᠭ ᠠᠴᠠ ᠬᠡᠲᠦᠷᠡᠪᠡᠯ᠂ 70% ᠶᠢᠨ ᠬᠠᠷᠢᠴᠠᠯ ᠢᠶᠠᠷ ᠬᠦᠨᠳᠦ ᠡᠪᠡᠳᠴᠢᠨ ᠤ ᠬᠠᠷᠢᠯᠴᠠᠨ ᠲᠤᠰᠠᠯᠠᠯᠴᠠᠬᠤ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠵᠤ ᠦᠭᠭᠦᠨ᠎ᠡ᠃ | ᠭᠤᠷᠪᠠ ᠳᠤ ᠬᠦᠨᠳᠦ ᠡᠪᠡᠳᠴᠢᠨ ᠤ ᠬᠠᠷᠢᠯᠴᠠᠨ ᠲᠤᠰᠠᠯᠠᠯᠴᠠᠬᠤ ᠡᠮ ᠡᠮᠨᠡᠯᠭᠡ ᠶᠢᠨ ᠳᠠᠭᠠᠳᠬᠠᠯ ᠤᠨ ᠣᠨ ᠤ | ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠶᠢ 10 ᠲᠦᠮᠡᠨ ᠲᠥᠭᠦᠷᠢᠭ ᠪᠠᠶᠢᠭᠰᠠᠨ ᠠᠴᠠ ᠨᠢ 15 ᠲᠦᠮᠡᠨ | ᠲᠥᠭᠦᠷᠢᠭ ᠪᠤᠯᠭᠠᠨ ᠲᠤᠬᠢᠷᠠᠭᠤᠯᠪᠠ᠃ |