ᠳᠤᠮᠳᠠᠳᠤ ᠤᠯᠤᠰ ᠤᠨ ᠫᠢᠡᠭ ᠠᠨ ᠪᠦᠯᠦᠭᠯᠡᠯ ᠤᠨ ︽ᠭᠤᠷᠪᠠᠨ ᠲᠤᠰᠬᠤᠨ ᠤ ᠢᠨᠵᠧᠨᠧᠷᠢᠩ︾᠎ ᠤᠨ ᠠᠩᠬᠠᠳᠠᠭᠴᠢ ᠥᠷᠲᠡᠭᠡ ᠤᠯᠠᠭᠠᠨᠴᠠᠪ ᠬᠤᠲᠠ ᠳᠤ ᠰᠠᠭᠤᠷᠢᠰᠢᠪᠠ
ᠨᠡᠶᠢᠲᠡᠯᠡᠭᠰᠡᠨ ᠴᠠᠭ᠄
2018/4/3
     3 ᠳ᠋ᠤᠭᠠᠷ ᠰᠠᠷ᠎ᠠ ᠶᠢᠨ 29᠎ ᠤ ᠡᠳᠤᠷ᠂ ᠲᠤᠮᠳᠠᠳᠤ ᠤᠯᠤᠰ ᠤᠨ ᠫᠢᠡᠭ ᠠᠨ ᠲᠠᠭᠠᠳᠬᠠᠯ ᠤᠨ ︵ᠪᠦᠯᠦᠭᠯᠡᠯ︶ ᠬᠤᠪᠢ ᠣᠷᠣᠭᠤᠯᠤᠯᠲᠠ ᠶᠢᠨ ᠬᠢᠵᠠᠭᠠᠷᠲᠤ ᠺᠤᠮᠫᠠᠨᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ  ᠎ ᠤᠨ ᠤᠷᠳᠤᠨ ᠲᠠᠢ ︽ᠭᠤᠷᠪᠠᠨ ᠲᠤᠰᠬᠤᠨ ᠤ ᠢᠨᠵᠧᠨᠧᠷᠢᠩ︾᠎ ᠤᠨ ᠶᠠᠳᠠᠭᠤ ᠶᠢ ᠲᠡᠳᠭᠦᠬᠦ ᠪᠠᠶᠢᠯᠳᠤᠬᠤ ᠪᠤᠳᠤᠯᠭ᠎ᠠ ᠶᠢᠨ ᠪᠤᠷᠤ ᠲᠦᠯᠦᠪ ᠤᠨ ᠵᠥᠪᠳᠡᠯᠴᠡᠭᠡᠷ ᠲᠤᠭᠳᠠᠪᠠ᠃ ᠡᠨᠡ ᠨᠢ ᠲᠤᠮᠳᠠᠲᠤ ᠤᠯᠤᠰ ᠤᠨ ᠫᠢᠡᠭ ᠠᠨ ᠪᠦᠯᠦᠭᠯᠡᠯ ᠤᠨ ︽ᠭᠤᠷᠪᠠᠨ ᠲᠤᠰᠬᠤᠨ ᠤ ᠢᠨᠵᠧᠨᠧᠷᠢᠩ︾ ᠤᠯᠠᠭᠠᠨᠴᠠᠪ ᠬᠤᠳᠠ ᠳᠤ ᠰᠠᠭᠤᠷᠢᠰᠢᠭᠰᠠᠨ ᠢ ᠬᠠᠷᠠᠭᠤᠯᠵᠦ ᠪᠤᠢ᠃      ︽ᠭᠤᠷᠪᠠᠨ ᠲᠤᠰᠬᠤᠨ ᠤ ᠢᠨᠵᠧᠨᠧᠷᠢᠩ︾ ᠪᠤᠯ ᠲᠤᠮᠳᠠᠲᠤ ᠤᠯᠤᠰ ᠤᠨ ᠫᠢᠡᠭ ᠠᠨ ᠪᠦᠯᠦᠭᠯᠠᠯ ᠪᠠᠶᠢᠭᠤᠯᠤᠭᠳᠠᠭᠰᠠᠨ 30 ᠵᠢᠯ ᠤᠨ ᠤᠢ ᠳᠤ ᠲᠤᠬᠢᠶᠠᠯᠳᠤᠭᠤᠯᠤᠨ ᠡᠬᠢᠯᠡᠭᠦᠯᠦᠭᠰᠡᠨ ᠶᠠᠷᠤᠩᠬᠡᠢ ᠪᠡᠯᠡ ᠤᠷᠤᠭᠤᠯᠤᠯᠲᠠ ᠎ ᠨᠢ 100 ᠳ᠋ᠦᠩᠰᠢᠭᠤᠷ ᠲᠦᠭᠦᠷᠢᠭ ᠪᠦᠬᠦᠢ ᠶᠠᠳᠠᠭᠤ ᠶᠢ ᠲᠡᠳᠭᠦᠬᠦ ᠲᠦᠯᠦᠪᠵᠢᠭᠦᠯᠭᠡ ᠪᠤᠯᠤᠨ᠎ᠠ᠃ ᠪᠦᠬᠦ ᠤᠯᠤᠰ ᠤᠨ ᠶᠠᠳᠠᠭᠤ ᠬᠦᠴᠢᠷᠳᠠᠯᠲᠠᠢ ᠭᠠᠵᠠᠷ ᠤᠷᠤᠨ ᠳᠤ ᠬᠠᠨᠲᠤᠭᠤᠯᠤᠨ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ ᠪᠠ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠵᠤ᠂ ᠶᠠᠳᠠᠭᠤ ᠬᠦᠴᠢᠷᠳᠠᠯᠲᠠᠢ ᠭᠠᠵᠠᠷ ᠤᠷᠤᠨ ᠳᠤ 1000 ᠳ᠋ᠦᠩᠰᠢᠭᠤᠷ ᠲᠦᠭᠦᠷᠢᠭ ᠤᠨ ᠬᠦᠤ ᠮᠦᠡᠭᠬᠦ ᠦᠭᠡᠢ ᠵᠢᠭᠡᠯᠡᠯᠭᠡ ᠣᠯᠭᠤᠵᠤ᠂ ᠬᠦᠳᠡᠭᠡ ᠲᠤᠰᠬᠤᠨ ᠤ ᠮᠢᠩᠭᠠᠨ ᠡᠮᠨᠡᠯᠭᠡ ᠶᠢᠨ ᠭᠠᠵᠠᠷ ᠢ ᠲᠡᠰ ᠲᠠᠪᠰᠢᠬᠦᠯᠵᠤ᠂ ᠲᠦᠮᠡᠨ ᠲᠤᠰᠬᠤᠨ ᠤ ᠡᠮᠴᠢ ᠳᠤ ᠪᠤᠯᠪᠠᠰᠤᠷᠠᠯ ᠬᠦᠷᠲᠡᠭᠡᠨ᠂ ᠬᠦᠳᠡᠭᠡ ᠲᠤᠰᠬᠤᠨ ᠤ ᠮᠢᠩᠭᠠᠨ ᠰᠤᠷᠭᠠᠭᠤᠯᠢ ᠶᠢ ᠲᠡᠰ ᠲᠠᠪᠰᠢᠭᠦᠯᠦᠨ᠂ ᠲᠦᠮᠡᠨ ᠬᠦᠳᠡᠭᠡ ᠲᠤᠰᠬᠤᠨ ᠤ ᠪᠠᠭᠰᠢ ᠳᠤ ᠪᠤᠯᠪᠠᠰᠤᠷᠠᠯ ᠬᠦᠷᠲᠡᠭᠡᠬᠦ ᠪᠠᠷ ᠵᠣᠷᠢᠯᠭ᠎ᠠ ᠪᠠᠨ ᠪᠣᠯᠭᠠᠵᠠᠢ᠃      ᠲᠤᠮᠳᠠᠲᠤ ᠤᠯᠤᠰ ᠤᠨ ᠫᠢᠡᠭ ᠠᠨ ᠪᠦᠯᠦᠭᠯᠡᠯ ᠤᠨ ᠬᠡᠷᠡᠭ ᠮᠡᠳᠡᠭᠴᠢᠳ ᠤᠨ ᠵᠦᠪᠯᠠᠯ ᠤᠨ ᠨᠠᠷᠢᠨ ᠪᠢᠴᠢᠭ ᠎ ᠤᠨ ᠲᠠᠷᠤᠭ᠎ᠠ᠂ ᠲᠦᠷᠤᠯ ᠲᠡᠮᠳᠡᠭ ᠤᠨ ᠶᠡᠷᠤᠩᠬᠡᠢ ᠪᠠᠶᠢᠴᠠᠭᠠᠭᠴᠢ ᠱᠸᠡᠭ ᠷᠦᠢ ᠱᠸᠡᠭ᠂ ᠵᠥᠪᠳᠡᠯᠴᠡᠭᠡᠷ ᠲᠤᠭᠳᠠᠬᠤ ᠶᠤᠰᠤᠯᠠᠯ ᠲᠡᠭᠡᠷ᠎ᠡ᠂ ᠫᠢᠡᠭ ᠠᠨ ︽ᠭᠤᠷᠪᠠᠨ ᠲᠤᠰᠬᠤᠨ ᠤ ᠢᠨᠵᠧᠨᠧᠷᠢᠩ︾ ᠤᠯᠠᠭᠠᠨᠴᠠᠪ ᠲᠤ ᠨᠤᠲᠤᠭᠰᠢᠨ᠂ ᠭᠤᠷᠪᠠ ᠠᠴᠠ ᠲᠠᠪᠤᠨ ᠵᠢᠯ ᠳᠤ᠂ ᠤᠯᠠᠭᠠᠨᠴᠠᠪ ᠬᠤᠲᠠ ᠶᠢᠨ ᠠᠵᠤ ᠠᠬᠤᠢ ᠶᠢᠨ ᠬᠦᠭᠵᠢᠯᠲᠡ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠰᠤᠷᠭᠠᠨ ᠬᠦᠮᠦᠵᠢᠯ ᠤᠨ ᠬᠦᠭᠵᠢᠯᠲᠡ ᠶᠢᠨ ᠬᠢᠷᠢ ᠲᠦᠪᠰᠢᠨ ᠢ ᠶᠠᠭᠡᠪᠡᠷ ᠲᠡᠭᠡᠭᠰᠢᠯᠡᠭᠦᠯᠦᠨ᠂ ᠤᠯᠠᠭᠠᠨᠴᠠᠪ ᠬᠤᠲᠠ ᠶᠢ ︽ᠭᠤᠷᠪᠠᠨ ᠲᠤᠰᠬᠤᠨ ᠤ ᠢᠨᠵᠧᠨᠧᠷᠢᠩ︾᠎ ᠤᠨ ᠶᠠᠳᠠᠭᠤ ᠶᠢ ᠲᠡᠳᠬᠦᠬᠦ ᠦᠯᠢᠭᠡᠷ ᠲᠠᠭᠤᠷᠢᠶᠠᠯ ᠪᠠ ᠲᠠᠭᠠᠳᠬᠠᠯ ᠢᠶᠠᠷ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ ᠨᠡᠶᠢᠲᠡᠯᠢᠭ ᠵᠢᠱᠢᠶ᠎ᠠ ᠪᠤᠯᠭᠠᠨ᠎ᠠ ᠬᠡᠵᠤ ᠬᠡᠯᠡᠵᠡᠢ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号