2018 ᠣᠨ ᠤ ᠦᠪᠦᠷ ᠮᠣᠩᠭᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2018/4/3
      ᠦᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ︽2018 ᠣᠨ ᠤ ᠠᠩᠬᠠᠳᠤᠭᠠᠷ ᠪᠦᠯᠦᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠬᠦ ᠲᠤᠬᠠᠶ ᠮᠡᠳᠡᠭᠳᠡᠯ︾ ᠲᠠᠷᠬᠠᠭᠠᠵᠤ᠂ ᠮᠠᠨ ᠤ ᠣᠷᠣᠨ ᠤ ᠰᠢᠨ᠎ᠡ ᠨᠢᠭᠡ ᠡᠭᠡᠯᠵᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠪᠠ ᠭᠤᠶᠤᠴᠢᠯᠠᠨ ᠮᠡᠳᠡᠭᠦᠯᠬᠦ ᠠᠵᠢᠯ ᠤᠨ ᠬᠥᠰᠢᠭᠡ ᠶᠢ ᠨᠡᠭᠡᠭᠡᠵᠡᠶ᠃      ︽ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠨ ᠲᠤᠭᠲᠠᠭᠠᠬᠤ ᠬᠠᠮᠢᠶᠠᠷᠤᠯᠲᠠ ᠶᠢᠨ ᠠᠷᠭ᠎ᠠ︾ ᠪᠣᠯᠤᠨ ︽ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠠᠵᠢᠯ ᠤᠨ ᠬᠦᠲᠦᠯᠦᠮᠵᠢ︾᠎ ᠶᠢᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 2018 ᠣᠨ ᠤ ᠠᠩᠬᠠᠳᠤᠭᠠᠷ ᠪᠦᠯᠦᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠨ ᠲᠣᠭᠲᠠᠭᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠬᠦ ᠪᠠᠷ ᠪᠤᠢ᠃ ᠠᠩᠬᠠᠳᠤᠭᠠᠷ ᠪᠦᠯᠦᠭ ᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠴᠠᠭ ᠨᠢ 4 ᠳ᠋ᠤᠭᠡᠷ ᠰᠠᠷ᠎ᠠ ᠶᠢᠨ 30᠎ ᠤ ᠡᠳᠦᠷ ᠪᠤᠯᠲᠠᠯ᠎ᠠ ᠶᠠᠪᠤᠭᠳᠠᠵᠤ᠂ ᠴᠠᠭᠠᠰᠤᠨ ᠬᠡᠪᠯᠡᠯ ᠤᠨ ᠮᠠᠲ᠋ᠧᠷᠢᠶᠠᠯ ᠢ 5 ᠳ᠋ᠤᠭᠠᠷ ᠰᠠᠷ᠎ᠠ ᠶᠢᠨ 15᠎ ᠤ ᠡᠳᠦᠷ ᠪᠤᠯᠲᠠᠯ᠎ᠠ ᠮᠡᠳᠡᠭᠦᠯᠦᠨ ᠲᠤᠰᠢᠶᠠᠨ᠎ᠠ᠂ ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠳ ᠳᠤᠰ ᠭᠠᠵᠠᠷ ᠣᠷᠣᠨ ᠤ ᠪᠠᠨ ᠠᠩᠬᠠᠳᠤᠭᠠᠷ ᠪᠦᠯᠦᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠭᠤᠶᠤᠴᠢᠶ᠋ᠯᠠᠨ ᠮᠡᠳᠡᠭᠦᠯᠬᠦ ᠮᠠᠲ᠋ᠧᠷᠢᠶᠠᠯ ᠵᠢᠴᠢ ᠬᠤᠷᠢᠶᠠᠩᠭᠤᠶ ᠬᠦᠰᠦᠨᠦᠭᠲᠦ ᠶᠢ ᠴᠠᠭᠠᠰᠤᠨ ᠬᠡᠪᠯᠡᠯ ᠢᠶᠠᠷ ᠨᠢᠭᠡ ᠬᠡᠯᠪᠡᠷᠢ ᠶᠢᠨ ᠬᠤᠶᠠᠷ ᠬᠤᠪᠢ ᠪᠡᠯᠡᠳᠭᠡᠵᠤ᠂ ᠥᠪᠡᠷᠲᠡᠭᠡᠨ ᠵᠠᠰᠠᠬᠤ ᠣᠷᠣᠨ ᠤ ᠭᠠᠯ ᠪᠠᠮᠪᠠᠷ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠦᠭᠵᠢᠬᠦᠯᠦᠯᠲᠡ ᠶᠢᠨ ᠲᠦᠪ ᠲᠤ ᠮᠡᠳᠡᠭᠦᠯᠦᠨ ᠬᠦᠷᠭᠡᠬᠦ ᠬᠡᠷᠡᠭᠲᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号