ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠨᠢ ᠬᠢᠯᠢ ᠪᠠᠷ ᠣᠷᠣᠵᠤ ᠭᠠᠷᠬᠤ ᠠᠶᠠᠨᠴᠢᠳ ᠤᠨ ᠠᠦ᠋ᠲ᠋ᠤ᠋ ᠪᠠᠷ ᠪᠣᠭᠤᠮᠲᠠ ᠥᠩᠭᠡᠷᠡᠬᠦ ᠰᠢᠰᠲ᠋ᠧᠮ ᠢ ᠡᠬᠢᠯᠡᠵᠦ ᠬᠡᠷᠡᠭᠯᠡᠪᠡ
ᠨᠡᠶᠢᠲᠡᠯᠡᠭᠰᠡᠨ ᠴᠠᠭ᠄
2018/4/8
    ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠠᠶᠠᠨᠴᠢᠳ ᠤᠨ ᠰᠢᠷᠦᠭᠦᠨ ᠨᠡᠮᠡᠭᠳᠡᠬᠦ ᠬᠥᠭᠵᠢᠯᠲᠡ ᠶᠢᠨ ᠪᠠᠶᠢᠳᠠᠯ ᠢ ᠪᠦᠲᠦᠮᠵᠢᠲᠡᠶ  ᠠᠷᠭᠠᠴᠠᠵᠤ᠂ ᠬᠢᠯᠢ ᠶᠢᠨ ᠪᠠᠶᠢᠴᠠᠭᠠᠯᠲᠠ ᠶᠢᠨ ᠮᠡᠳᠡᠭᠡ ᠵᠠᠩᠭᠢᠵᠢᠯᠲᠠ ᠶᠢᠨ ᠪᠥᠳᠥᠭᠡᠨ ᠪᠠᠶᠢᠭᠤᠯᠤᠯᠲᠠ ᠶᠢᠨ ︽ ᠴᠠᠭᠳᠠᠭᠠᠨ ᠤ ᠬᠦᠴᠦᠨ ᠢ ᠴᠢᠯᠦᠭᠡᠯᠡᠨ᠂ ᠪᠣᠳᠠᠲᠤ ᠪᠠᠶᠢᠯᠳᠤᠭᠠᠨ ᠳᠤ ᠦᠢᠯᠡᠴᠢᠯᠡᠬᠦ︾ ᠵᠢᠯᠣᠭᠤᠳᠣᠯᠭ᠎ᠠ ᠶᠢᠨ ᠬᠥᠳᠡᠯᠭᠡᠬᠦ ᠬᠦᠴᠦᠨ ᠢ ᠳᠣᠪᠤᠶᠢᠯᠭᠠᠵᠤ᠂ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠠ ᠳᠤ᠂ ᠮᠠᠨᠵᠤᠤᠷ ᠤᠨ ᠬᠢᠯᠢ ᠶᠢᠨ ᠪᠠᠶᠢᠴᠠᠭᠠᠯᠲᠠ ᠦᠷᠳᠡᠭᠡ ᠶᠢᠨ ᠵᠠᠰᠠᠮᠠᠯ ᠵᠠᠮ ᠤᠨ ᠪᠣᠭᠤᠮᠲᠠ ᠶᠢᠨ ᠡᠭᠦᠷᠭᠡ ᠭᠦᠢᠴᠡᠳᠬᠡᠬᠦ ᠲᠤᠬᠠᠶ ᠶᠢᠨ ᠭᠠᠵᠠᠷ ᠲᠤ ᠠᠦ᠋ᠲ᠋ᠤ᠋ ᠪᠠᠷ ᠪᠠᠶᠢᠴᠠᠭᠠᠨ ᠰᠢᠯᠭᠠᠭᠤᠯᠬᠤ ᠬᠤᠶᠠᠷ ᠵᠠᠮ ᠢ ᠠᠮᠵᠢᠯᠲᠠ ᠲᠠᠢ ᠬᠡᠷᠡᠭᠯᠡᠭᠰᠡᠨ ᠢᠶᠠᠷ᠂ ᠠᠶᠠᠨᠴᠢᠳ ᠪᠣᠭᠤᠮᠲᠠ ᠪᠠᠷ ᠥᠩᠭᠡᠷᠡᠬᠦ ᠳᠡᠭᠡᠨ ᠪᠠᠶᠢᠴᠠᠭᠠᠯᠲᠠ ᠶᠢ ᠬᠦᠯᠢᠶᠡᠬᠦ ᠬᠡᠷᠡᠭ ᠦᠭᠡᠢ ᠠᠮᠠᠷ ᠳᠦᠭᠦᠮ ᠪᠣᠯᠵᠠᠢ᠃  ᠣᠶᠢᠯᠠᠭᠠᠭᠰᠠᠨ ᠢᠶᠠᠷ᠂ ᠠᠦ᠋ᠲ᠋ᠤ᠋ ᠪᠠᠷ ᠪᠣᠭᠤᠮᠲᠠ ᠥᠩᠭᠡᠷᠡᠬᠦ ᠰᠢᠰᠲ᠋ᠧᠮ ᠨᠢ ᠪᠣᠭᠤᠮᠲᠠ ᠪᠠᠷ  ᠥᠩᠭᠡᠷᠡᠭᠴᠢᠳ ᠤᠨ ᠦᠨᠡᠮᠯᠡᠯ᠂ ᠬᠤᠷᠤᠭᠤᠨ ᠤᠷᠤᠮ᠂ ᠳᠦᠷᠢ ᠳᠦᠷᠬᠦ ᠵᠡᠷᠭᠡ ᠮᠡᠳᠡᠭᠡ ᠵᠠᠩᠭᠢ ᠶᠢ ᠤᠷᠢᠳᠴᠢᠯᠠᠨ ᠴᠤᠭᠯᠠᠭᠤᠯᠬᠤ ᠪᠠᠷ ᠳᠠᠮᠵᠢᠨ᠂ ᠬᠥᠮᠦᠰ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠠᠶᠠᠨᠴᠢᠳ ᠤᠨ ᠮᠡᠳᠡᠭᠡ ᠵᠠᠩᠭᠢ ᠶᠢ ᠳᠣᠲᠣᠭᠠᠳᠤ ᠶᠢᠨ ᠲᠤᠰᠬᠠᠶ ᠬᠡᠷᠡᠭᠯᠡᠭᠡᠨ ᠤ ᠲᠣᠣᠷ ᠰᠦᠯᠵᠢᠶ᠎ᠡ ᠪᠠᠷ ᠳᠠᠮᠵᠢᠭᠤᠯᠤᠨ ᠪᠦᠬᠦ ᠤᠯᠤᠰ ᠢᠶᠠᠷ ᠢᠶᠠᠨ ᠬᠠᠮᠲᠤ ᠪᠠᠷ ᠬᠦᠷᠲᠡᠬᠦ ᠶᠢ ᠪᠡᠶᠡᠯᠡᠭᠦᠯᠦᠭᠰᠡᠨ ᠪᠠᠶᠢᠨ᠎ᠠ᠃ ᠪᠣᠭᠤᠮᠲᠠ ᠪᠠᠷ ᠥᠩᠭᠡᠷᠡᠬᠦ ᠦᠶ᠎ᠡ ᠳᠤ᠂ ᠠᠶᠠᠨᠴᠢᠳ ᠵᠥᠪᠬᠡᠨ ᠠᠦ᠋ᠲ᠋ᠤ᠋ ᠪᠠᠷ ᠥᠩᠭᠡᠷᠡᠬᠦ ᠵᠠᠮ  ᠪᠠᠶᠢᠭᠤᠯᠤᠭᠰᠠᠨ ᠪᠣᠭᠤᠮᠲᠠ ᠳᠤ ᠺᠠᠷᠲ ᠤᠩᠰᠢᠭᠤᠯᠬᠤ ᠪᠤᠶᠤ ᠬᠢᠯᠢ ᠪᠠᠷ ᠣᠷᠣᠵᠤ ᠭᠠᠷᠬᠤ ᠪᠤᠰᠤᠳ ᠭᠡᠷᠡᠴᠢ ᠲᠡᠮᠳᠡᠭ ᠢᠶᠠᠨ ᠦᠵᠡᠭᠦᠯᠵᠦ᠂ ᠬᠤᠷᠤᠭᠤᠨ ᠣᠷᠣᠮ᠂ ᠳᠦᠷᠢ ᠳᠦᠷᠬᠦ ᠪᠠᠨ ᠦᠵᠡᠭᠦᠯᠪᠡᠯ᠂ ᠳᠠᠷᠤᠢ  ᠠᠦ᠋ᠲ᠋ᠤ᠋ ᠪᠠᠷ ᠪᠣᠭᠤᠮᠲᠠ ᠶᠢ ᠥᠩᠭᠡᠷᠡᠴᠢᠭᠡᠨ᠎ᠡ᠃ ᠬᠡᠷᠡᠭᠰᠡᠬᠦ ᠴᠠᠭ ᠨᠢ ᠳᠤᠮᠳᠠᠴᠢ ᠪᠠᠷ ᠵᠥᠪᠬᠡᠨ 5᠎ ᠠᠴᠠ10 ᠰᠧᠺᠦ᠋ᠨ᠋ᠳ᠋ ᠪᠠᠶᠢᠵᠤ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠪᠣᠭᠤᠮᠲᠠ ᠪᠠᠷ ᠲᠦᠷᠭᠡᠨ ᠥᠩᠭᠡᠷᠡᠬᠦ ᠬᠡᠷᠡᠭᠴᠡᠭᠡ ᠶᠢ ᠮᠠᠰᠢ ᠲᠦᠷᠭᠡᠨ ᠭᠦᠢᠴᠡᠳᠬᠡᠬᠦ ᠪᠣᠯᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号