2017 ᠤᠨ ᠤ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠯᠭᠠᠷᠠᠬᠰᠠᠨ ᠴᠢᠳᠠᠪᠤᠷᠢᠳᠠᠨ ᠤ ᠱᠠᠩᠨᠠᠯ︾ ᠬᠦᠷᠳᠡᠭᠰᠡᠳ ᠢ ᠱᠠᠩᠨᠠᠨ ᠬᠦᠬᠢᠬᠦᠯᠬᠦ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠨᠡᠪᠲᠡᠷᠡᠭᠦᠯᠭᠡ
ᠨᠡᠶᠢᠲᠡᠯᠡᠭᠰᠡᠨ ᠴᠠᠭ᠄
2018/4/8
                               ᠥᠪᠥᠷ ᠵᠠᠰᠠᠭ ᠥᠰᠥᠭ ﹇2017﹈ 276 ᠳ᠋ᠤᠭᠠᠷ ᠲᠤᠭᠠᠳᠤ                                  2017 ᠣᠨ ᠤ 11 ᠳ᠋ᠣᠭᠡᠷ ᠰᠡᠷ᠎ᠠ ᠶᠢᠨ 30᠎ ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠴᠢᠳᠠᠪᠤᠷᠢᠳᠠᠨ ᠪᠤᠯ ᠦᠨᠳᠦᠰᠦᠳᠡᠨ ᠢᠶᠠᠨ ᠮᠠᠨᠳᠤᠭᠤᠯᠬᠤ ᠶᠢ ᠪᠡᠶᠡᠯᠡᠬᠦᠯᠵᠦ᠂ ᠲᠡᠯᠡᠬᠡᠢ ᠶᠢᠨ ᠦᠷᠢᠰᠦᠯᠳᠦᠬᠡᠨ ᠢ ᠢᠯᠠᠬᠤ ᠶᠢᠨ ᠰᠠᠨᠠᠭᠠᠴᠢᠯᠠᠭᠠᠳᠤ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠪᠤᠯᠤᠨ᠎ᠠ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢᠨ ᠴᠢᠬᠤᠯᠠ ᠬᠦᠴᠦᠨ ᠵᠦᠢᠯ᠂ ᠦᠷᠢᠰᠦᠯᠳᠦᠨ ᠢᠯᠠᠯᠳᠠ ᠤᠯᠬᠤ ᠶᠢᠨ ᠦᠨᠳᠦᠰᠦ᠂ ᠠᠷᠠᠳ ᠢᠶᠠᠨ ᠪᠠᠶᠠᠵᠢᠭᠤᠯᠤᠨ ᠤᠷᠤᠨ ᠢᠶᠠᠨ ᠬᠦᠴᠦᠷᠬᠡᠭᠵᠢᠬᠦᠯᠬᠦ ᠶᠢᠨ ᠰᠠᠭᠤᠷᠢ ᠪᠤᠯᠤᠨ᠎ᠠ᠂ ᠮᠠᠨ ᠤ ᠤᠷᠤᠨ ᠤ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠨᠠᠶᠢᠳᠠᠪᠤᠷᠢᠵᠢᠭᠤᠯᠬᠤ ᠪᠠ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢ ᠪᠤᠢ ᠪᠤᠯᠭᠠᠬᠤ ᠶᠢᠨ ᠴᠢᠬᠤᠯᠠ ᠲᠤᠯᠭᠠᠭᠤᠷᠢᠯᠠᠯ ᠪᠤᠯᠤᠨ᠎ᠠ᠃ ᠤᠶᠢᠷ᠎ᠠ ᠶᠢᠨ ᠵᠢᠯ ᠠᠴᠠ ᠨᠠᠰᠢ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠳ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠭᠰᠠᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠲᠠᠢ ᠨᠢᠬᠳᠠ ᠤᠶᠠᠯᠳᠤᠭᠤᠯᠤᠨ᠂ ᠴᠢᠳᠠᠪᠤᠷᠢᠳᠠᠨ ᠤ ᠬᠦᠭᠵᠢᠯᠳᠡ ᠶᠢᠨ ᠲᠤᠬᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ︽ᠴᠢᠳᠠᠪᠤᠷᠢᠳᠠᠨ ᠢᠶᠠᠷ ᠤᠷᠤᠨ ᠢᠶᠠᠨ ᠬᠦᠴᠦᠷᠬᠡᠭᠵᠢᠬᠦᠯᠬᠦ ᠢᠨᠵᠧᠨᠧᠷᠢᠩ︾᠎ ᠢ ᠬᠦᠨᠵᠡᠬᠡᠢ ᠠᠬᠢᠭᠤᠯᠤᠭᠠᠳ᠂ ᠪᠦᠬᠦ ᠤᠷᠤᠨ ᠳᠤ ᠦᠯᠠᠮᠵᠢ ᠤᠯᠠᠨ ᠰᠢᠯᠢᠳᠡᠭ ᠴᠢᠳᠠᠪᠤᠷᠢᠳᠠᠨ ᠴᠤᠯᠭᠤᠷᠠᠨ ᠭᠠᠷᠪᠠ᠃ ᠬᠦᠳᠡᠯᠮᠦᠷᠢ ᠶᠢ ᠬᠦᠨᠳᠦᠳᠬᠡᠬᠦ᠂ ᠮᠡᠳᠡᠯᠬᠡ ᠶᠢ ᠬᠦᠨᠳᠦᠳᠬᠡᠬᠦ᠂ ᠴᠢᠳᠠᠪᠤᠷᠢᠳᠠᠨ ᠢ ᠬᠦᠨᠳᠦᠳᠬᠡᠬᠦ᠂ ᠡᠬᠦᠳᠦᠨ ᠪᠦᠳᠦᠬᠡᠯᠳᠡ ᠶᠢ ᠬᠦᠨᠳᠦᠳᠬᠡᠬᠦ ᠨᠡᠶᠢᠬᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠬᠡ ᠪᠤᠢ ᠪᠤᠯᠭᠠᠵᠦ᠂ ᠡᠯ᠎ᠠ ᠲᠦᠷᠦᠯ ᠤᠨ ᠴᠢᠳᠠᠪᠤᠷᠢᠳᠠᠨ ᠤ ᠰᠢᠨ᠎ᠠ ᠶᠢ ᠡᠬᠦᠳᠴᠤ ᠡᠬᠦᠳᠦᠨ ᠪᠦᠳᠦᠬᠡᠯᠳᠡ ᠬᠢᠬᠦ ᠠᠮᠢᠵᠢᠷᠠᠯ ᠤᠨ ᠬᠦᠴᠦᠨ ᠢ ᠬᠦᠭᠵᠢᠬᠡᠬᠦ ᠶᠢᠨ ᠲᠤᠰᠠᠳᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠡᠷᠳᠡᠨᠢᠪᠠᠶᠠᠷ ᠵᠡᠷᠬᠡ 10 ᠬᠦᠮᠦᠨ ᠳᠤ 2017 ᠤᠨ ᠤ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠯᠭᠠᠷᠠᠭᠰᠠᠨ ᠴᠢᠳᠠᠪᠤᠷᠢᠳᠠᠨ ᠤ ᠱᠠᠩᠨᠠᠯ︾ ᠤᠯᠭᠤᠬᠤ ᠪᠠᠷ ᠲᠤᠭᠳᠠᠪᠠ᠃      ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠯᠭᠠᠷᠠᠭᠰᠠᠨ ᠴᠢᠳᠠᠪᠤᠷᠢᠳᠠᠨ ᠤ ᠱᠠᠩᠨᠠᠯ︾ ᠪᠤᠯ ᠮᠠᠨ ᠤ ᠤᠷᠤᠨ ᠤ ᠴᠢᠳᠠᠪᠤᠷᠢᠳᠠᠨ ᠤ ᠱᠠᠩᠨᠠᠯ ᠤᠨ ᠬᠠᠮᠤᠭ ᠲᠡᠬᠡᠳᠤ ᠱᠠᠩᠨᠠᠯ ᠤᠨ ᠲᠦᠷᠦᠯ ᠵᠦᠢᠯ ᠪᠤᠯᠤᠨ᠎ᠠ᠃ ᠰᠠᠶᠢᠰᠢᠶᠠᠨ ᠬᠦᠬᠢᠬᠦᠯᠦᠭᠳᠡᠭᠰᠡᠨ ᠢᠷᠠᠭᠤ ᠠᠯᠳᠠᠷ ᠢᠶᠠᠨ ᠨᠠᠨᠳᠢᠩᠨᠠᠨ᠂ ᠲᠠᠷᠤᠤ ᠬᠢᠴᠢᠶᠡᠩᠬᠦᠢ ᠪᠠᠶᠢᠵᠦ᠂ ᠲᠠᠬᠢᠨᠳᠠ ᠰᠤᠳᠤᠨ ᠠᠮᠵᠢᠯᠳᠠ ᠪᠦᠳᠦᠮᠵᠢ ᠭᠠᠷᠭᠠᠬᠤ ᠶᠢ ᠬᠦᠰᠡᠵᠦ ᠪᠠᠶᠢᠨ᠎ᠠ᠃ ᠪᠦᠬᠦ ᠤᠷᠤᠨ ᠤ ᠡᠯ᠎ᠠ ᠲᠦᠷᠦᠯ ᠤᠨ ᠴᠢᠳᠠᠪᠤᠷᠢᠳᠠᠨ ᠨᠠᠷ ᠲᠠᠳᠠᠨ ᠢᠶᠠᠷ ᠲᠠᠭᠤᠷᠢᠶᠠᠯ ᠪᠤᠯᠭᠠᠵᠦ᠂ ᠲᠤᠬᠠᠶᠢᠯᠠᠬᠰᠠᠨ ᠠᠵᠢᠯ ᠳᠠᠭᠠᠨ ᠰᠠᠭᠤᠷᠢᠯᠠᠨ᠂ ᠡᠷᠡᠮᠡᠬᠡᠶᠢᠯᠡᠨ ᠤᠷᠤᠬᠰᠢᠯᠠᠨ ᠲᠠᠪᠰᠢᠵᠦ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠡᠬᠦᠳᠦᠯᠳᠡ ᠶᠢᠨ ᠵᠠᠮ ᠨᠡᠬᠡᠬᠡᠭᠴᠢ᠂ ᠲᠡᠷᠢᠬᠦᠨ ᠤ ᠰᠤᠶᠤᠯ ᠤᠨ ᠬᠦᠳᠦᠯᠦᠨ ᠲᠠᠭᠠᠭᠤᠯᠤᠬᠴᠢ᠂ ᠰᠢᠨᠵᠢᠯᠡᠬᠦ ᠤᠬᠠᠭᠠᠨᠴᠢ ᠵᠤᠷᠢᠭ ᠰᠠᠨᠠᠭᠠᠨ ᠤ ᠤᠯᠠᠮᠵᠢᠯᠠᠨ ᠵᠠᠯᠭᠠᠮᠵᠢᠯᠠᠬᠴᠢ ᠪᠤᠯᠬᠤ ᠪᠠᠷ ᠴᠢᠷᠮᠠᠶᠢᠵᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠤᠶᠤᠨ ᠤᠬᠠᠭᠠᠨ ᠬᠦᠴᠦᠨ ᠴᠢᠳᠠᠯ ᠢᠶᠠᠨ ᠢᠳᠡᠪᠬᠢᠳᠡᠢ ᠡᠷᠬᠦᠬᠦ ᠬᠡᠷᠡᠭᠳᠡᠢ᠃      ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠳ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠴᠢᠳᠠᠪᠤᠷᠢᠳᠠᠨ ᠤ ᠠᠵᠢᠯ ᠤᠨ ᠲᠤᠬᠠᠢ ᠰᠢᠨ᠎ᠠ ᠪᠠᠶᠢᠷᠢᠯᠠᠭᠤᠯᠤᠯᠳᠠ᠂ ᠰᠢᠨ᠎ᠠ ᠱᠠᠭᠠᠷᠳᠠᠯᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠴᠢᠳᠠᠪᠤᠷᠢᠳᠠᠨ ᠤ ᠡᠬᠢ ᠪᠠᠶᠠᠯᠢᠭ ᠪᠤᠯ ᠲᠡᠷᠢᠬᠦᠨ ᠴᠢᠬᠤᠯᠠ ᠡᠬᠢ ᠪᠠᠶᠠᠯᠢᠭ ᠪᠤᠯᠬᠤ ᠤᠨᠤᠯᠵᠢᠬᠤᠨ ᠢ ᠪᠠᠳᠤ ᠪᠠᠬᠢ ᠪᠤᠢ ᠪᠤᠯᠭᠠᠵᠦ᠂ ᠴᠢᠳᠠᠪᠤᠷᠢᠳᠠᠨ ᠢᠶᠠᠷ ᠤᠷᠤᠨ ᠢᠶᠠᠨ ᠬᠦᠴᠦᠷᠬᠡᠭᠵᠢᠬᠦᠯᠬᠦ ᠪᠠᠶᠢᠯᠳᠤᠬᠤ ᠪᠤᠳᠤᠯᠭ᠎ᠠ ᠪᠠ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠭᠰᠠᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ᠂ ᠤᠳᠤᠬᠢᠴᠢᠯᠠᠬᠰᠠᠨ ᠠᠵᠦ ᠠᠬᠤᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠰᠠᠨᠠᠭᠠᠴᠢᠯᠠᠭ᠎ᠠ ᠠᠴᠠ ᠪᠠᠨ ᠲᠠᠭᠠᠬᠤ ᠪᠠ ᠵᠤᠯᠭᠠᠭᠤᠯᠵᠦ᠂ ᠴᠢᠳᠠᠪᠤᠷᠢᠳᠠᠨ ᠤ ᠠᠵᠢᠯ ᠤᠨ ᠦᠢᠯᠡᠴᠢᠯᠡᠬᠡᠨ ᠪᠠ ᠬᠦᠭᠵᠢᠯᠳᠡ ᠶᠢᠨ ᠠᠭᠤᠰᠤᠯᠴᠠᠯ ᠤᠨ ᠴᠢᠬ᠂ ᠤᠶᠠᠯᠳᠤᠯ ᠴᠢᠬ ᠢ ᠤᠨᠤᠪᠴᠢᠳᠠᠢ ᠪᠠᠷ ᠡᠷᠢᠨ ᠤᠯᠵᠦ᠂ ᠡᠯ᠎ᠠ ᠲᠦᠷᠦᠯ ᠤᠨ ᠴᠢᠳᠠᠪᠤᠷᠢᠳᠠᠨ ᠤ ᠢᠳᠡᠪᠬᠢ ᠴᠢᠨᠠᠷ᠂ ᠰᠠᠨᠠᠭᠠᠴᠢᠯᠠᠭᠠᠳᠤ ᠴᠢᠨᠠᠷ ᠪᠠ ᠪᠦᠳᠦᠬᠡᠯᠴᠢ ᠴᠢᠨᠠᠷ ᠢ ᠬᠦᠢᠴᠡᠳ ᠲᠠᠶᠢᠴᠢᠯᠠᠨ᠂ ᠦᠬᠡᠷᠡᠴᠢᠯᠠᠯᠳᠠ ᠶᠢ ᠲᠠᠰᠤᠷᠠᠯᠳᠠ ᠦᠬᠡᠢ ᠬᠦᠨᠵᠡᠬᠡᠶᠢᠷᠡᠬᠦᠯᠵᠦ᠂ ᠲᠤᠬᠳᠠᠴᠠ ᠶᠢᠨ ᠰᠢᠨ᠎ᠠ ᠶᠢ ᠡᠬᠦᠳᠦᠨ᠂ ᠤᠷᠴᠢᠨ ᠨᠦᠬᠦᠴᠡᠯ ᠢ ᠪᠤᠢ ᠪᠤᠯᠭᠠᠵᠦ᠂ ᠴᠢᠳᠠᠪᠤᠷᠢᠳᠠᠨ ᠤ ᠠᠵᠢᠯ ᠤᠨ ᠰᠢᠨ᠎ᠠ ᠪᠠᠶᠢᠳᠠᠯ ᠢ ᠴᠢᠷᠮᠠᠶᠢᠨ ᠡᠬᠦᠳᠴᠤ᠂ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠳᠤ ᠰᠢᠨ᠎ᠠ ᠬᠦᠳᠡᠯᠬᠡᠬᠦ ᠬᠦᠴᠦᠨ ᠪᠠ ᠠᠮᠢᠵᠢᠷᠠᠯ ᠤᠨ ᠬᠦᠴᠦᠨ ᠢ ᠤᠯᠭᠤᠰᠤᠭᠠᠢ︕      ᠳᠠᠭᠠᠯᠳᠣᠭᠤᠯᠥᠯ᠄ 2017 ᠤᠨ ᠤ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠯᠭᠠᠷᠠᠭᠰᠠᠨ ᠴᠢᠳᠠᠪᠤᠷᠢᠳᠠᠨ ᠤ ᠱᠠᠩᠨᠠᠯ︾ ᠬᠦᠷᠳᠡᠭᠰᠡᠳ ᠤᠨ ᠨᠡᠷᠡᠰ                                      ︵ᠲᠣᠰ ᠪᠢᠴᠢᠭ ᠮᠠᠲ᠋ᠧᠷᠢᠶᠡᠯ ᠢ ᠢᠯᠡ ᠨᠡᠶᠢᠳᠡᠯᠡᠨ᠎ᠠ︶ ᠳᠠᠭᠠᠯᠳᠣᠭᠤᠯᠥᠯ      2017 ᠤᠨ ᠤ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ      ᠰᠢᠯᠭᠠᠷᠠᠭᠰᠠᠨ ᠴᠢᠳᠠᠪᠤᠷᠢᠳᠠᠨ ᠤ ᠱᠠᠩᠨᠠᠯ︾ ᠬᠦᠷᠳᠡᠭᠰᠡᠳ ᠤᠨ ᠨᠡᠷᠡᠰ                            ︵10 ᠨᠡᠷᠡᠰ︶      ᠡᠷᠳᠡᠨᠢᠪᠠᠶᠠᠷ   ᠮᠤᠩᠭᠤᠯ ᠤᠨ ᠶᠡᠭᠡ ᠰᠤᠷᠭᠠᠭᠤᠯᠢ ᠶᠢᠨ ᠫᠷᠣᠹᠧᠰᠰᠣᠷ      ᠽᠠᠨᠳᠠᠨ   ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶ᠎ᠠ ᠶᠢᠨ ᠲᠡᠬᠡᠳᠤ ᠲᠡᠰ ᠤᠨ ᠨᠠᠶᠢᠷᠠᠭᠤᠯᠤᠬᠴᠢ      ᠱᠢ ᡁᠢ ᠮᠢᠩ   ᠥᠪᠥᠷ ᠮᠤᠩᠭᠤᠯ ᠤᠨ ᠠᠵᠦ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠣᠹᠧᠰᠰᠣᠷ      ᠵᠠᠩ ᡁᠢ ᠭᠧᠩ   ᠥᠪᠥᠷ ᠮᠤᠩᠭᠤᠯ ᠤᠨ ᠵᠠᠮ ᠬᠠᠷᠢᠯᠴᠠᠭ᠎ᠠ ᠶᠢᠨ ᠵᠢᠷᠤᠭ ᠲᠦᠯᠦᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠲᠡᠬᠡᠳᠤ ᠲᠡᠰ ᠤᠨ ᠢᠨᠵᠧᠨᠧᠷ      ᠬᠠᠨ ᠵᠢᠶᠠ ᠲᠥᠩ   ᠬᠥᠬᠡᠬᠤᠲᠠ ᠶᠢᠨ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠵᠢᠷᠤᠭ ᠲᠦᠯᠦᠪᠯᠡᠭᠡ ᠶᠢᠨ ᠬᠦᠷᠢᠶᠡᠯᠡᠩ ᠤᠨ ᠲᠡᠬᠡᠳᠤ ᠲᠡᠰ ᠤᠨ ᠢᠨᠵᠧᠨᠧᠷ      ᠪᠠᠢ ᠴᠢᠤᠸᠠᠨ ᠵᠢᠶᠠᠩ   ᠥᠪᠥᠷ ᠮᠤᠩᠭᠤᠯ ᠤᠨ ᠲᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠬᠴᠢ      ᠫᠠᠩ ᠵᠥᠸᠧ   ᠬᠥᠬᠡᠬᠤᠲᠠ ᠶᠢᠨ ᠬᠦᠷᠦᠰᠤ ᠰᠢᠷᠤᠢ ᠪᠤᠷᠳᠤᠭᠤᠷ ᠤᠨ ᠠᠵᠢᠯ ᠤᠨ ᠦᠷᠳᠡᠭᠡ ᠶᠢᠨ ᠲᠡᠯᠬᠡᠷᠡᠬᠦᠯᠬᠦ ᠰᠤᠳᠤᠯᠤᠬᠴᠢ      ᠯᠢᠤ ᠸᠠᠨ ᠯᠢᠨ   ᠥᠪᠥᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶ᠎ᠠ ᠡᠮᠨᠡᠯᠬᠡ ᠶᠢᠨ ᠬᠤᠷᠢᠶ᠎ᠠ ᠶᠢᠨ ᠡᠷᠬᠢᠯᠡᠭᠴᠢ ᠡᠮᠴᠢ᠂ ᠫᠷᠣᠹᠧᠰᠰᠣᠷ      ᠤ ᠦᠯᠵᠡᠢ   ᠥᠪᠥᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠫᠷᠣᠹᠧᠰᠰᠣᠷ      ᠸᠠᠩ ᠽᠠᠢ ᠯᠢ   ᠪᠣᠭᠤᠳᠣ ᠶᠢᠨ ᠡᠮᠨᠡᠯᠬᠡ ᠶᠢᠨ ᠲᠡᠬᠡᠳᠤ ᠰᠤᠷᠭᠠᠭᠤᠯᠢ ᠶᠢᠨ ᠨᠢᠬᠡᠳᠦᠬᠡᠷ ᠬᠠᠷᠢᠶ᠎ᠠ ᠡᠮᠨᠡᠯᠬᠡ ᠶᠢᠨ ᠬᠤᠷᠢᠶ᠎ᠠ ᠶᠢᠨ ᠡᠷᠬᠢᠯᠡᠭᠴᠢ ᠡᠮᠴᠢ᠂ ᠫᠷᠣᠹᠧᠰᠰᠣᠷ
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ