ᠥᠪᠥᠷ ᠮᠣᠩᠭᠤᠯ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠡᠵᠡᠷᠬᠡᠭᠯᠡᠬᠦ ᠨᠡᠭᠦᠯᠭᠡᠨ ᠬᠡᠷᠡᠭᠯᠡᠬᠦ ᠮᠡᠬᠡᠯᠡᠨ ᠠᠪᠬᠤ ᠦᠢᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ ᠪᠣᠢ
ᠨᠡᠶᠢᠲᠡᠯᠡᠭᠰᠡᠨ ᠴᠠᠭ᠄
2018/4/9
      ᠳᠠᠭᠠᠳᠬᠠᠯ ᠳᠤ ᠣᠷᠣᠯᠴᠠᠭᠰᠠᠨ ᠬᠦᠮᠦᠰ ᠤᠨ ᠬᠠᠤᠯᠢ ᠶᠣᠰᠣᠨ ᠤ ᠡᠷᠬᠡ ᠠᠰᠢᠭ ᠢ ᠥᠨᠡᠨᠬᠦ ᠪᠠᠲᠤᠯᠠᠨ᠂ ᠰᠠᠭᠤᠷᠢ ᠮᠦᠩᠭᠦᠨ ᠤ ᠠᠮᠤᠷ ᠲᠦᠪᠰᠢᠨ ᠢ ᠬᠠᠮᠠᠭᠠᠯᠠᠵᠦ᠂ ᠮᠠᠨ ᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠳᠡᠯᠴᠡᠭᠡᠷ ᠤᠨ ᠬᠠᠮᠢᠶᠠᠷᠤᠯᠲᠠ ᠶᠢᠨ ᠳᠥᠷᠢᠮ ᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠬᠦ ᠶᠢᠨ ᠲᠤᠰᠠᠳᠠ᠂ ᠡᠨᠡ ᠵᠢᠯ ᠤᠨ 4 ᠳ᠋ᠦ᠋ᠭᠡᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯ᠎ᠠ᠂ ᠮᠠᠨ ᠤ ᠣᠷᠣᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠥᠪᠳᠡᠯᠴᠡᠭᠡᠷ ᠤᠨ ᠬᠠᠮᠢᠶᠠᠷᠤᠯᠲᠠ ᠶᠢᠨ ᠡᠮ ᠡᠮᠨᠡᠯᠭᠡ ᠶᠢᠨ ᠪᠠᠶᠢᠭᠤᠯᠤᠮᠵᠢ ᠶᠢ ᠲᠤᠰᠬᠠᠢ ᠪᠠᠶᠢᠴᠠᠭᠠᠬᠤ ᠠᠵᠢᠯ ᠥᠷᠨᠢᠭᠦᠯᠬᠦ ᠪᠠᠷ ᠪᠣᠢ᠃      ᠡᠨᠡ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠭᠤᠯᠭ᠎ᠠ ᠳᠤ᠄ ᠡᠮ ᠡᠮᠨᠡᠯᠭᠡ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠵᠥᠪᠳᠡᠯᠴᠡᠭᠡᠷ ᠢᠶᠠᠨ ᠭᠦᠢᠴᠡᠳᠬᠡᠵᠦ ᠪᠠᠶᠢᠭ᠎ᠠ ᠪᠠᠶᠢᠳᠠᠯ᠃ ᠡᠮ ᠡᠮᠨᠡᠯᠭᠡ ᠶᠢᠨ ᠪᠠᠶᠢᠭᠤᠯᠤᠮᠵᠢ ᠎ ᠳᠤ ᠡᠮᠨᠡᠯᠭᠡ ᠳᠤ ᠰᠠᠭᠤᠭᠰᠠᠨ ᠬᠤᠨᠤᠭ ᠢ ᠬᠠᠭᠤᠷᠮᠠᠭ ᠢᠶᠠᠷ ᠨᠡᠮᠡᠭᠳᠡᠭᠦᠯᠬᠦ᠂ ᠡᠮᠨᠡᠯᠭᠡ ᠳᠤ ᠰᠠᠭᠤᠭᠰᠠᠨ ᠢ ᠵᠠᠳᠠᠯᠤᠨ ᠰᠠᠯᠭᠠᠬᠤ᠂ ᠨᠡᠷ᠎ᠡ ᠵᠡᠭᠦᠨ ᠡᠮᠨᠡᠯᠭᠡ ᠳᠤ ᠰᠠᠭᠤᠬᠤ ᠵᠡᠷᠭᠡ ᠰᠠᠭᠤᠷᠢ ᠮᠥᠩᠭᠦ ᠮᠡᠬᠡᠯᠡᠨ ᠠᠪᠬᠤ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠡᠪᠡᠳᠴᠢᠨ ᠤ ᠵᠢᠱᠢᠶ᠎ᠡ ᠶᠢ ᠬᠤᠳᠠᠯ ᠬᠠᠭᠤᠷᠮᠠᠭ ᠢᠶᠠᠷ ᠵᠣᠬᠢᠶᠠᠬᠤ᠂ ᠨᠡᠷ᠎ᠡ ᠪᠤᠷᠤᠭᠤᠯᠠᠨ ᠳᠠᠩᠰᠠ ᠲᠠᠶᠢᠯᠬᠤ ᠬᠡᠷᠡᠭ ᠶᠠᠪᠤᠳᠠᠯ ᠣᠷᠤᠰᠢᠵᠤ ᠪᠠᠶᠢᠬᠤ ᠡᠰᠡᠬᠦ︔ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠲᠥᠷᠥᠯ ᠵᠦᠢᠯ ᠢ ᠰᠣᠯᠪᠢᠴᠠᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠵᠡᠷᠭᠡ ᠦᠢᠯᠡ ᠠᠵᠢᠯᠯᠠᠭ᠎ᠠ ᠣᠷᠤᠰᠢᠵᠤ ᠪᠠᠶᠢᠬᠤ ᠡᠰᠡᠬᠦ︔ ᠲᠣᠭᠲᠠᠭᠠᠯ ᠠᠴᠠ ᠵᠥᠷᠢᠴᠡᠨ ᠪᠠᠶᠢᠴᠠᠭᠠᠨ ᠰᠢᠶᠳᠪᠦᠷᠢᠯᠡᠭᠰᠡᠨ ᠪᠠᠶᠢᠳᠠᠯ ︔ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭᠠᠨ ᠢ ᠰᠢᠶᠳᠪᠦᠷᠢᠯᠡᠭᠰᠡᠨ ᠪᠠᠶᠢᠳᠠᠯ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭᠠᠨ ᠤ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠢ ᠪᠠᠶᠢᠴᠠᠭᠠᠨ ᠰᠢᠶᠳᠪᠦᠷᠢᠯᠡᠭᠰᠡᠨ ᠪᠠᠶᠢᠳᠠᠯ︔ ᠳᠣᠲᠣᠭᠠᠳᠤ ᠬᠠᠮᠢᠶᠠᠷᠤᠯᠲᠠ ᠶᠢᠨ ᠪᠠᠶᠢᠳᠠᠯ︔ ᠵᠥᠪᠳᠡᠯᠴᠡᠭᠡᠷ ᠤᠨ ᠬᠠᠮᠢᠶᠠᠷᠤᠯᠲᠠ ᠶᠢᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠳᠦᠷᠢᠮ᠂ ᠡᠮ ᠡᠮᠨᠡᠯᠭᠡ ᠶᠢᠨ ᠳᠠᠭᠠᠳᠬᠠᠯ ᠤᠨ ᠲᠤᠰᠬᠠᠶ ᠲᠤᠰᠢᠶᠠᠯᠲᠤ ᠪᠠ ᠲᠤᠰᠢᠶᠠᠯ ᠬᠠᠪᠰᠤᠷᠭᠠᠭᠰᠠᠨ ᠬᠠᠮᠢᠶᠠᠷᠤᠯᠲᠠ ᠶᠢᠨ ᠠᠵᠢᠯᠳᠠᠨ ᠤ ᠲᠤᠬᠢᠷᠠᠭᠤᠯᠤᠯᠳᠠ᠂ ᠳᠦᠷᠦ ᠶᠢᠨ ᠪᠤᠳᠤᠯᠭ᠎ᠠ ᠶᠢᠨ ᠪᠣᠯᠪᠠᠰᠤᠷᠠᠭᠤᠯᠤᠯ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠮᠡᠳᠡᠭᠡ ᠵᠠᠩᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ᠂ ᠠᠵᠢᠯ ᠡᠷᠬᠢᠯᠡᠬᠦ ᠲᠠᠯᠠᠪᠤᠷ ᠭᠠᠵᠠᠷ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠪᠠᠭᠲᠠᠨ᠎ᠠ᠃ ᠡᠭᠦᠨ ᠤ ᠬᠠᠮᠲᠤ᠂ ᠮᠠᠨ ᠤ ᠣᠷᠣᠨ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ ᠨᠤᠭᠤᠳ ᠪᠤᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠵᠣᠷᠪᠣᠰ ᠳᠠᠷᠠᠭᠠᠯᠠᠨ ᠥᠪᠡᠷᠲᠡᠭᠡᠨ ᠪᠠᠶᠢᠴᠠᠭᠠᠨ ᠥᠪᠡᠷᠲᠡᠭᠡᠨ ᠵᠠᠯᠠᠷᠠᠭᠤᠯᠵᠦ᠂ ᠪᠠᠶᠢᠴᠠᠭᠠᠳ ᠣᠯᠵᠤ ᠮᠡᠳᠡᠭᠰᠡᠨ ᠠᠰᠠᠭᠤᠳᠠᠯ ᠳᠤ᠂ ᠴᠠᠭ ᠲᠤᠬᠠᠶ ᠳᠤᠨᠢ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠬᠠᠮᠢᠶ᠎ᠠ ᠪᠦᠬᠦᠢ ᠪᠠᠶᠢᠭᠤᠯᠤᠮᠵᠢ ᠪᠣᠯᠤᠨ ᠨᠢᠭᠡᠴᠡ ᠶᠢ ᠰᠢᠮᠳᠠᠭᠤᠯᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠵᠦ᠂ ᠥᠪᠡᠷᠲᠡᠭᠡᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠪᠠᠶᠢᠴᠠᠭᠠᠭᠰᠠᠨ ᠮᠡᠳᠡᠭᠦᠯᠦᠯᠲᠡ ᠪᠢᠴᠢᠵᠦ᠂ 5 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠡᠮ ᠡᠮᠨᠡᠯᠭᠡ ᠶᠢᠨ ᠳᠠᠭᠠᠳᠬᠠᠯ ᠤᠨ ᠭᠠᠵᠠᠷ ᠲᠤ ᠮᠡᠳᠡᠭᠦᠯᠬᠦ ᠪᠥᠭᠡᠳ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ ᠬᠠᠭᠤᠯᠤᠨ ᠬᠦᠷᠭᠡᠬᠦ ᠬᠡᠷᠡᠭᠲᠡᠶ᠃ ᠥᠪᠡᠷᠲᠡᠭᠡᠨ ᠪᠠᠶᠢᠴᠠᠭᠠᠳ ᠣᠯᠵᠤ ᠮᠡᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠵᠢᠴᠢ ᠬᠡᠷᠡᠭ ᠤᠨ ᠰᠦᠪᠡᠭᠴᠢ ᠶᠢ ᠪᠣᠯ ᠳᠣᠲᠣᠭᠠᠳᠤ ᠶᠢ ᠬᠠᠮᠠᠭᠠᠯᠠᠬᠤ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠬᠦᠴᠦᠨ ᠢᠶᠠᠨ ᠵᠣᠬᠢᠶᠠᠨ ᠪᠠᠶᠢᠭᠤᠯᠵᠤ᠂ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ ᠡᠯ᠎ᠡ ᠵᠦᠢᠯ ᠤᠨ ᠠᠷᠭ᠎ᠠ ᠪᠠᠷᠢᠯ ᠢᠶᠠᠷ ᠳᠠᠮᠵᠢᠵᠤ ᠡᠵᠡᠷᠬᠡᠭᠯᠡᠭᠰᠡᠨ᠂ ᠨᠡᠭᠦᠯᠭᠡᠨ ᠬᠡᠷᠡᠭᠯᠡᠭᠰᠡᠨ᠂ ᠮᠡᠬᠡᠯᠡᠨ ᠠᠪᠤᠭᠰᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠤᠭᠤᠴᠠᠭ᠎ᠠ ᠲᠣᠭᠲᠠᠭᠠᠨ ᠨᠡᠬᠡᠮᠵᠢᠯᠡᠨ ᠠᠪᠴᠢᠷᠠᠬᠤ ᠪᠥᠭᠡᠳ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠥᠷᠢᠮ ᠤᠨ ᠲᠣᠭᠲᠠᠭᠠᠯ ᠢᠶᠠᠷ᠂ ᠬᠠᠤᠯᠢ ᠲᠣᠭᠲᠠᠭᠠᠯ ᠢ ᠵᠥᠷᠢᠴᠡᠭᠰᠡᠨ ᠬᠡᠷᠡᠭ ᠤᠨ ᠰᠦᠪᠡᠭᠴᠢ ᠶᠢ ᠰᠠᠬᠢᠯᠭ᠎ᠠ ᠪᠠᠲᠤ ᠪᠠᠶᠢᠴᠠᠭᠠᠬᠤ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号