ᠰᠢᠯᠢ ᠶᠢᠨ ᠭᠤᠣᠯ ᠠᠶᠢᠮᠠᠭ ᠭᠤᠣᠯᠳᠠᠯᠭ᠎ᠠ ᠲᠠᠢ ᠪᠦᠯᠦᠭᠯᠡᠯ ᠳᠤ ᠠᠵᠢᠯ ᠣᠯᠭᠤᠬᠤ ᠶᠢ ᠢᠳᠡᠪᠬᠢᠲᠡᠶ ᠪᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2018/4/9
      ᠡᠨᠡ ᠵᠢᠯ ᠠᠴᠠ ᠡᠬᠢᠯᠡᠨ᠂ ᠰᠢᠯᠢ ᠶᠢᠨ ᠭᠤᠣᠯ ᠠᠶᠢᠮᠠᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠨᠡᠬᠦᠨ ᠰᠢᠯᠵᠢᠭᠰᠡᠨ ᠮᠠᠯᠴᠢᠨ ᠲᠠᠷᠢᠶᠠᠴᠢᠳ᠂ ᠶᠠᠭ ᠠᠵᠢᠯ ᠤᠯᠭᠤᠯᠲᠠ ᠦᠭᠡᠢ ᠭᠡᠷ ᠪᠦᠯᠢ ᠶᠢᠨ ᠬᠥᠮᠦᠰ ᠢ ᠦᠷᠭᠦᠯᠵᠢᠯᠡᠨ ᠭᠤᠤᠯᠳᠠᠯᠭ᠎ᠠ ᠲᠠᠢ ᠬᠠᠪᠰᠤᠷᠤᠨ ᠲᠡᠳᠭᠦᠭᠦ ᠠᠵᠢᠯ ᠤᠯᠭᠤᠬᠤ ᠬᠦᠴᠢᠷᠳᠡᠯᠲᠡᠶ ᠪᠦᠯᠦᠭᠯᠡᠯ ᠪᠤᠯᠭᠠᠨ᠂ ᠬᠤᠪᠢ ᠬᠦᠮᠦᠨ ᠳᠤᠨᠢ ᠲᠤᠬᠢᠷᠠᠭᠤᠯᠤᠨ ᠠᠷᠭ᠎ᠠ ᠪᠤᠳᠤᠯᠭ᠎ᠠ ᠭᠠᠷᠭᠠᠵᠤ᠂ ᠭᠤᠣᠯᠳᠠᠯᠭ᠎ᠠ ᠲᠠᠢ ᠠᠵᠢᠯ ᠤᠯᠭᠤᠬᠤ ᠪᠦᠯᠦᠭᠯᠡᠯ ᠤᠨ ︽ᠨᠢᠭᠡ ᠬᠥᠮᠦᠨ ᠢ ᠤᠯᠵᠤ ᠮᠡᠳᠡᠪᠡᠯ᠂ ᠨᠢᠭᠡ ᠬᠥᠮᠦᠨ ᠢ ᠦᠨᠡᠮᠰᠢᠨ ᠲᠤᠭᠲᠠᠭᠠᠵᠤ᠂ ᠬᠠᠪᠰᠤᠷᠤᠨ ᠲᠡᠳᠭᠦᠵᠤ᠂ ᠠᠵᠢᠯ ᠤᠯᠭᠤᠵᠤ᠂ ᠲᠣᠭᠲᠠᠭᠤᠨ ᠪᠠᠶᠢᠯᠭᠠᠬᠤ︾ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃      ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠠᠯ᠎ᠠ ᠪᠠᠷ᠄ ᠦᠨᠡᠨ ᠨᠡᠷ᠎ᠡ ᠪᠠᠷ ᠳᠠᠩᠰᠠᠯᠠᠬᠤ ᠪᠠ ᠲᠤᠶᠢᠯ ᠤᠨ ᠤᠨᠤᠪᠴᠢᠲᠠᠢ ᠪᠠᠷ ᠦᠢᠯᠡᠴᠢᠯᠡᠬᠦ ᠬᠤᠶᠠᠷ ᠵᠠᠩᠭᠢᠯᠠᠭ᠎ᠠ ᠲᠠᠢ ᠤᠶᠠᠯᠳᠤᠭᠤᠯᠤᠨ᠂ ︽ᠭᠤᠷᠪᠠᠨ ᠠᠵᠢᠯᠯᠠᠭ᠎ᠠ᠂ ᠬᠤᠶᠠᠷ ᠲᠥᠯᠥᠪᠯᠡᠭᠡ︾ ︵ᠲᠤᠬᠠᠶᠢᠯᠠᠪᠠᠯ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠦᠮᠡᠨ ᠬᠦᠮᠦᠨ ᠤ ᠠᠳᠠᠯ ᠦᠢᠯᠡᠰ ᠴᠣᠭᠴᠠᠯᠠᠬᠤ ᠠᠵᠢᠯᠯᠠᠭ᠎ᠠ᠂ ᠦᠨᠳᠦᠰᠦᠨ ᠱᠠᠲᠤᠨ ᠤ ᠠᠵᠢᠯ ᠣᠯᠭᠤᠬᠤ ᠲᠦᠮᠡᠨ ᠠᠵᠢᠯ ᠤᠨ ᠪᠠᠶᠢᠷᠢ ᠶᠢᠨ ᠠᠵᠢᠯᠯᠠᠭ᠎ᠠ᠂ ᠳᠤᠮᠳᠠ ᠵᠢᠵᠢᠭ ᠠᠵᠤ ᠠᠬᠤᠶᠢᠯᠠᠯ ᠤᠨ ᠲᠦᠮᠡᠨ ᠬᠥᠮᠦᠨ ᠤ ᠨᠥᠭᠡᠴᠡ ᠶᠢᠨ ᠠᠵᠢᠯᠯᠠᠭ᠎ᠠ︔ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠤᠭᠠᠳᠤᠶ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠯᠡᠭᠡ ᠪᠣᠯᠤᠨ ᠮᠣᠩᠭᠤᠯ ᠢᠶᠠᠷ ᠬᠢᠴᠢᠶᠡᠯᠯᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠯᠡᠭᠡ︶ ᠶᠢ ᠰᠠᠶᠢᠲᠤᠷ ᠠᠳᠬᠤᠵᠤ᠂ 3 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ 124 ᠬᠥᠮᠦᠨ ︵ᠮᠣᠩᠭᠤᠯ ᠢᠶᠠᠷ ᠬᠢᠴᠢᠶᠡᠯᠯᠡᠭᠰᠡᠨ 5 ᠬᠥᠮᠦᠨ︶ ᠳᠤ ᠠᠵᠢᠯ ᠣᠯᠭᠤᠬᠤ ᠶᠢ ᠪᠡᠶᠡᠯᠡᠬᠦᠯᠦᠭᠰᠡᠨ ᠪᠤᠶᠤ ᠨᠠᠶᠢᠳᠠᠪᠤᠷᠢᠵᠢᠭᠤᠯᠤᠭᠰᠠᠨ ᠪᠠᠶᠢᠨ᠎ᠠ᠃      ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠣᠯᠭᠤᠬᠤ ᠲᠠᠯ᠎ᠠ ᠪᠠᠷ᠄ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠶᠢᠨ ᠬᠦᠴᠦᠨ ᠳᠤ ᠬᠤᠳᠠ ᠪᠠᠯᠭᠠᠰᠤᠵᠢᠭᠤᠯᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠪᠠᠷ ᠲᠦᠰᠢᠭ ᠪᠤᠯᠭᠠᠬᠤ ᠶᠢ  ᠬᠦᠲᠦᠯᠦᠨ ᠵᠢᠯᠤᠭᠤᠳᠬᠤ ᠪᠠ ᠵᠣᠷᠢᠭᠵᠢᠭᠤᠯᠤᠨ ᠲᠡᠮᠵᠢᠵᠤ᠂ ᠲᠤᠬᠠᠶ ᠶᠢᠨ ᠭᠠᠵᠠᠷ ᠪᠠ ᠣᠶᠢᠷ᠎ᠠ ᠬᠠᠪᠢ ᠳᠤᠨᠢ ᠰᠢᠯᠵᠢᠭᠦᠯᠦᠨ ᠠᠵᠢᠯ ᠤᠯᠭᠤᠬᠤ ᠪᠠ ᠠᠳᠠᠯ ᠦᠢᠯᠡᠰ ᠴᠣᠭᠴᠠᠯᠠᠬᠤ ᠶᠢ ᠠᠬᠢᠭᠤᠯᠵᠤ᠂ ᠮᠠᠯᠴᠢᠨ ᠲᠠᠷᠢᠶᠠᠴᠢᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠮᠠᠯᠴᠢᠨ ᠲᠠᠷᠢᠶᠠᠴᠢᠳ ᠤᠨ ᠠᠳᠠᠯ ᠦᠢᠯᠡᠰ ᠴᠣᠭᠴᠠᠯᠠᠬᠤ ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠬᠦᠮᠦᠵᠢᠬᠦᠯᠵᠤ᠂ ᠨᠡᠩ ᠤᠯᠠᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠵᠤ ᠠᠵᠢᠯ ᠤᠯᠬᠤ ᠶᠢ ᠨᠢ ᠳᠠᠶᠢᠴᠢᠯᠠᠨ᠎ᠠ᠃ 3 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠲᠤᠰ ᠵᠢᠯ ᠳᠤ ᠰᠢᠯᠢ ᠶᠢᠨ ᠭᠤᠣᠯ ᠠᠶᠢᠮᠠᠭ 25899 ᠬᠥᠮᠦᠨ ᠢ ᠰᠢᠯᠵᠢᠭᠦᠯᠦᠨ ᠠᠵᠢᠯ ᠤᠯᠭᠤᠵᠠᠢ᠃      ᠠᠵᠢᠯ ᠤᠯᠬᠤ ᠳᠤ ᠬᠦᠴᠢᠷᠳᠡᠯᠲᠠᠢ ᠬᠥᠮᠦᠰ ᠲᠤ ᠠᠵᠢᠯ ᠣᠯᠭᠤᠬᠤ ᠲᠠᠯ᠎ᠠ ᠪᠠᠷ᠄ ᠦᠨᠳᠦᠰᠦᠨ ᠱᠠᠲᠤᠨ ᠤ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠦᠷᠭᠦᠯᠵᠢᠯᠡᠨ ᠲᠦᠰᠢᠭᠯᠡᠵᠤ᠂ ᠠᠵᠢᠯ ᠤᠯᠬᠤ ᠳᠤ ᠬᠦᠴᠢᠷᠳᠡᠯᠲᠠᠢ ᠬᠥᠮᠦᠰ ᠢ ᠳᠠᠩᠰᠠᠯᠠᠬᠤ ᠪᠠ ᠦᠨᠡᠮᠰᠢᠨ ᠲᠣᠭᠲᠠᠭᠠᠬᠤ ᠠᠵᠢᠯ ᠢ ᠥᠷᠨᠢᠭᠦᠯᠵᠦ᠂ ᠲᠥᠷᠥᠯ ᠬᠤᠪᠢᠶᠠᠬᠤ  ᠬᠡᠯᠪᠡᠷᠢ ᠪᠦᠬᠦᠢ ᠦᠨᠡᠨ ᠨᠡᠷ᠎ᠡ ᠶᠢᠨ ᠬᠥᠳᠡᠯᠦᠩᠭᠦᠶ ᠬᠠᠮᠢᠶᠠᠷᠤᠯᠲᠠ ᠶᠢ ᠪᠦᠷᠢᠨᠰᠢᠬᠦᠯᠵᠤ᠂ ︽ᠵᠢᠷᠭᠤᠭ᠎ᠠ ᠶᠢ ᠬᠦᠷᠭᠡᠵᠤ ᠨᠢᠭᠡ ᠶᠢ ᠨᠠᠶᠢᠳᠠᠪᠤᠷᠢᠵᠢᠭᠤᠯᠬᠤ︾ ︵ᠲᠤᠬᠠᠶᠢᠯᠠᠪᠠᠯ᠄ ᠲᠦᠷᠦ ᠶᠢᠨ ᠪᠤᠳᠤᠯᠭ᠎ᠠ ᠬᠦᠷᠭᠡᠬᠦ᠂ ᠮᠡᠳᠡᠭᠡ ᠵᠠᠩᠭᠢ ᠬᠦᠷᠭᠡᠬᠦ᠂ ᠠᠵᠢᠯ ᠤᠨ ᠪᠠᠶᠢᠷᠢ ᠬᠦᠷᠬᠡᠬᠦ᠂ ᠪᠤᠯᠪᠠᠰᠤᠷᠠᠭᠤᠯᠤᠯ ᠬᠦᠷᠭᠡᠬᠦ᠂ ᠲᠦᠷᠦᠯ ᠵᠦᠢᠯ ᠬᠦᠷᠭᠡᠬᠦ᠂ ᠬᠠᠯᠠᠮᠵᠢᠯᠠᠯ ᠬᠦᠷᠭᠡᠬᠦ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ︶ ᠠᠵᠢᠯᠯᠠᠭ᠎ᠠ ᠶᠢ ᠦᠷᠨᠢᠬᠦᠯᠵᠤ᠂ ︽ᠨᠢᠭᠡ ᠳᠤ ᠨᠢᠭᠡ ᠶᠢ ᠬᠠᠷᠠᠭᠠᠯᠵᠠᠭᠤᠯᠤᠭᠰᠠᠨ᠂ ᠨᠢᠭᠤᠷᠳᠠᠨ ᠬᠠᠷᠢᠯᠴᠠᠭᠤᠯᠤᠭᠰᠠᠨ︾ ᠲᠤᠶᠢᠯ ᠤᠨ ᠤᠨᠤᠪᠴᠢᠲᠠᠢ ᠪᠠᠷ ᠬᠠᠪᠰᠤᠷᠤᠨ ᠲᠡᠳᠬᠦᠬᠦ ᠬᠡᠯᠪᠡᠷᠢ ᠶᠢ ᠬᠡᠷᠡᠭᠵᠢᠭᠦᠯᠵᠦ᠂ ᠤᠬᠠᠭᠤᠯᠬᠤ᠂ ᠰᠤᠷᠪᠤᠯᠵᠢᠯᠠᠬᠤ᠂ ᠬᠠᠪᠰᠤᠷᠤᠨ ᠲᠡᠳᠭᠦᠭᠦ ᠶᠢ ᠪᠤᠳᠠᠲᠠᠶᠢᠵᠢᠭᠤᠯᠬᠤ ᠶᠢ ᠴᠢᠷᠮᠠᠶᠢᠨ ᠪᠡᠶᠡᠯᠡᠭᠦᠯᠵᠦ᠂ ᠶᠠᠭ ᠠᠵᠢᠯ  ᠤᠯᠭᠤᠯᠲᠠ ᠦᠭᠡᠢ ᠭᠡᠷ ᠪᠦᠯᠢ ᠦᠭᠡᠢ ᠪᠠᠶᠢᠯᠭᠠᠬᠤ ᠶᠢ ᠪᠠᠲᠤᠯᠠᠨ᠎ᠠ᠃ 3 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠰᠢᠯᠢ ᠶᠢᠨ ᠭᠤᠣᠯ ᠠᠶᠢᠮᠠᠭ ᠠᠵᠢᠯ ᠤᠯᠬᠤ ᠳᠤ ᠬᠦᠴᠢᠷᠳᠡᠯᠲᠠᠢ ᠨᠡᠶᠢᠲᠡ 330 ᠬᠦᠮᠦᠨ ᠢ ᠦᠨᠡᠮᠰᠢᠨ ᠲᠤᠭᠲᠠᠭᠠᠵᠤ᠂ ᠬᠠᠪᠰᠤᠷᠤᠨ ᠲᠡᠳᠭᠦᠭᠦ  ᠪᠠᠷ ᠳᠠᠮᠵᠢᠨ 330 ᠬᠥᠮᠦᠨ ᠳᠤ ᠠᠵᠢᠯ ᠤᠯᠭᠤᠨ ᠠᠳᠠᠯ ᠦᠢᠯᠡᠰ ᠴᠤᠭᠴᠠᠯᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号