ᠯᠢ ᠵᠢᠢ ᠾᠧᠩ ᠬᠤᠤᠯᠢᠨ ᠭᠤᠤᠯ ᠬᠤᠳᠠ ᠳᠤ ᠪᠠᠶᠢᠴᠠᠭᠠᠨ ᠰᠤᠳᠤᠯᠤᠯᠳᠠ ᠬᠢᠭᠦ ᠳᠡᠭᠡᠨ ᠴᠢᠬᠤᠯᠠᠴᠢᠯᠠᠬᠰᠠᠨ ᠨᠢ ᠬᠤᠤᠯᠢᠨ ᠭᠤᠤᠯ ᠤᠷᠤᠨ ᠤ ᠤᠷᠴᠢᠨ ᠲᠤᠭᠤᠷᠢᠨ ᠢ ᠵᠠᠪᠠᠯ ᠰᠠᠶᠢᠳᠤᠷ ᠵᠠᠰᠠᠬᠤ ᠬᠡᠷᠡᠭᠳᠡᠢ
ᠨᠡᠶᠢᠲᠡᠯᠡᠭᠰᠡᠨ ᠴᠠᠭ᠄
2018/5/11
     5 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠎ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠦᠪᠦᠷ ᠮᠤᠩᠭᠤᠯ ᠤᠨ ᠬᠤᠤᠯᠢᠨ ᠭᠤᠤᠯ ᠨᠡᠭᠦᠷᠡᠰᠦᠨ ᠤ ᠪᠦᠯᠦᠭᠯᠡᠯ ᠤᠨ ᠬᠤᠩ ᠵᠢᠶᠦ᠋ᠨ ᠬᠦᠩᠭᠡᠨ ᠴᠠᠭᠠᠨ ᠴᠠᠬᠢᠯᠭᠠᠨ ᠤ ᠬᠢᠵᠠᠭᠠᠷᠳᠤ ᠺᠤᠮᠫᠠᠨᠢ ᠳᠤ ᠬᠦᠷᠴᠤ᠂ ᠣᠳᠤᠭ᠎ᠠ ᠳᠣᠭᠤᠰᠣ ᠪᠣᠬᠢᠷᠳᠣᠯᠳᠣ ᠬᠡᠢ ᠶᠢ ᠦᠨᠳᠦᠰᠦᠨ ᠳᠡᠭᠡᠨ ᠦᠯᠦ ᠭᠠᠳᠠᠬᠰᠢᠯᠠᠭᠤᠯᠬᠤ ᠵᠢᠱᠢᠶ᠎ᠠ ᠦᠵᠡᠭᠦᠯᠭᠦ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃      5 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠢ ᠲᠠᠭᠠᠭᠤᠯᠤᠨ ᠬᠤᠤᠯᠢᠨ ᠭᠤᠤᠯ ᠬᠤᠳᠠ ᠳᠤ ᠬᠦᠨᠵᠡᠭᠡᠶᠢᠷᠡᠵᠤ ᠪᠤᠬᠢᠷᠳᠦᠯ ᠢ ᠰᠡᠷᠬᠡᠶᠢᠯᠡᠨ ᠵᠠᠰᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ᠃ ᠲᠡᠷᠡ᠂ ︽ᠲᠦᠷᠪᠡᠨ ᠤᠬᠠᠮᠰᠠᠷ︾᠎ ᠢ ᠪᠠᠳᠤ ᠪᠠᠬᠢ ᠪᠤᠢ ᠪᠤᠯᠭᠠᠵᠣ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠲᠣᠬᠠᠢ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠭᠦ ᠶᠢ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠪᠠ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠨᠡᠩ ᠵᠤᠷᠢᠭ ᠰᠢᠭᠤᠳᠤᠨ᠂ ᠨᠡᠩ ᠢᠯᠡᠭᠦᠦ ᠬᠦᠴᠦ ᠤᠷᠤᠭᠤᠯᠵᠤ ᠠᠮᠢ ᠠᠬᠤᠢ ᠶᠢ ᠰᠠᠶᠢᠳᠤᠷ ᠬᠠᠮᠠᠭᠠᠯᠠᠨ᠂ ᠤᠷᠴᠢᠨ ᠲᠤᠭᠤᠷᠢᠨ ᠢ ᠰᠠᠶᠢᠳᠤᠷ ᠵᠠᠰᠠᠵᠤ᠂ ᠦᠵᠡᠰᠭᠦᠯᠡᠩᠳᠦ ᠰᠠᠶᠢᠬᠠᠨ ᠬᠢᠭᠡᠳ ᠦᠷᠨᠢᠩᠭᠦᠢ ᠬᠦᠭᠵᠢᠯᠳᠡ ᠶᠢ ᠪᠡᠶᠡᠯᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃      ᠲᠤᠰ ᠡᠳᠦᠷ ᠤᠨ ᠦᠷᠯᠦᠭᠡ᠂ ᠯᠢ ᠵᠢᠢ ᠾᠧᠩ ᠨᠢᠰᠭᠡᠯ ᠢᠶᠠᠷ ᠬᠤᠤᠯᠢᠨ ᠭᠤᠤᠯ ᠬᠤᠲᠠ ᠳᠤ ᠬᠦᠷᠴᠤ ᠢᠷᠡᠪᠡ᠃ ᠲᠡᠷᠡ ᠦᠪᠦᠷ ᠮᠤᠩᠭᠤᠯ ᠤᠨ ᠯᠢᠶᠠᠨ ᠱᠧᠩ ᠰᠢᠨ᠎ᠠ ᠡᠨᠧᠷᠬᠢ ᠶᠢᠨ ᠬᠤᠪᠢ ᠣᠷᠣᠭᠤᠯᠤᠯᠲᠠ ᠶᠢᠨ ᠬᠢᠵᠠᠭᠠᠷᠳᠦ ᠺᠤᠮᠫᠠᠨᠢ ᠶᠢᠨ ᠦᠢᠯᠡᠳᠪᠦᠷᠢ ᠶᠢᠨ ᠲᠠᠰᠤᠭ ᠢᠶᠠᠷ ᠬᠦᠷᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠠᠶᠢᠳᠠᠯ ᠪᠤᠯᠤᠠ ᠲᠡᠷᠢᠭᠦᠨ ᠤ ᠦᠢᠯᠡᠳᠪᠦᠷᠢᠯᠡᠯ ᠤᠨ ᠭᠠᠷ ᠤᠷᠠᠯᠠᠯ ᠤᠨ ᠶᠠᠪᠤᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠪᠠᠷ ᠦᠪᠦᠷ ᠮᠤᠩᠭᠤᠯ ᠤᠨ ᠬᠤᠤᠯᠢᠨ ᠭᠤᠤᠯ ᠨᠡᠭᠦᠷᠡᠰᠦᠨ ᠤ ᠪᠦᠯᠦᠭᠯᠡᠯ ᠤᠨ ᠬᠤᠩ ᠵᠢᠶᠦ᠋ᠨ ᠬᠦᠩᠭᠡᠨ ᠴᠠᠭᠠᠨ ᠴᠠᠬᠢᠯᠭᠠᠨ ᠤ ᠬᠢᠵᠠᠭᠠᠷᠳᠤ ᠺᠤᠮᠫᠠᠨᠢ ᠶᠢᠨ ᠦᠢᠯᠡᠳᠪᠦᠷᠢ ᠶᠢᠨ ᠲᠠᠰᠤᠭ᠂ ᠶᠡᠷᠦᠩᠬᠡᠢ ᠡᠵᠡᠮᠳᠡᠬᠦ ᠲᠠᠰᠤᠭ ᠢᠶᠠᠷ ᠬᠦᠷᠴᠤ᠂ ᠣᠳᠤᠭ᠎ᠠ ᠳᠣᠭᠤᠰᠣ ᠪᠣᠬᠢᠷᠳᠣᠯᠳᠣ ᠬᠡᠢ ᠶᠢ ᠦᠨᠳᠦᠰᠦᠨ ᠳᠡᠭᠡᠨ ᠦᠯᠦ ᠭᠠᠳᠠᠬᠰᠢᠯᠠᠭᠤᠯᠬᠤ ᠵᠢᠱᠢᠶ᠎ᠠ ᠦᠵᠡᠭᠦᠯᠭᠦ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠤᠶᠢᠯᠠᠭᠠᠪᠡ᠃ ᠲᠡᠷᠡ᠂ ᠪᠤᠬᠢᠷᠳᠦᠯ ᠢ ᠰᠡᠷᠬᠡᠶᠢᠯᠡᠨ ᠵᠠᠰᠠᠬᠤ ᠨᠢ ᠤᠳᠤᠬᠠᠨ ᠤ ᠬᠢᠭᠦ ᠴᠢᠬᠤᠯᠠᠳᠠᠢ ᠪᠠᠴᠢᠮ ᠡᠭᠦᠷᠭᠡ ᠪᠣᠯᠬᠤ ᠮᠦᠷᠳᠡᠭᠡᠨ ᠮᠦᠨ ᠴᠤ ᠠᠯᠤᠰ ᠤᠨ ᠪᠤᠳᠤᠯᠭ᠎ᠠ ᠪᠤᠯᠤᠨ᠎ᠠ᠂ ᠵᠠᠰᠠᠭ ᠤᠨ ᠤᠷᠳᠤᠨ ᠠᠴᠠ ᠠᠵᠤ ᠠᠬᠤᠶᠢᠯᠡᠯ ᠬᠦᠷᠳᠡᠯ᠎ᠠ ᠴᠦᠮ ᠲᠠᠨᠢᠯᠳᠠ ᠪᠠᠨ ᠲᠡᠭᠡᠭᠰᠢᠯᠡᠭᠦᠯᠦᠨ᠂ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ᠂ ᠶᠠᠭᠠᠬᠢᠬᠰᠠᠨ ᠴᠤ ᠠᠮᠢ ᠠᠬᠤᠢ ᠤᠷᠴᠢᠨ ᠲᠤᠭᠤᠷᠢᠨ ᠢ ᠦᠷᠡᠭᠳᠡᠭᠦᠯᠭᠦ ᠪᠠᠷ ᠦᠷᠳᠡᠭ ᠪᠤᠯᠭᠠᠨ ᠨᠢᠭᠡᠨ ᠴᠠᠭ ᠤᠨ ᠠᠵᠤ ᠠᠬᠤᠢ ᠶᠢᠨ ᠨᠡᠮᠡᠭᠳᠡᠯ ᠢ ᠰᠤᠯᠢᠵᠤ ᠪᠤᠯᠬᠤ ᠦᠭᠡᠢ᠂ ︽ᠴᠦᠭᠡᠨ ᠲᠤᠭᠠᠨ ᠤ ᠬᠦᠮᠦᠰ ᠪᠠᠶᠠᠵᠢᠵᠤ᠂ ᠤᠯᠠᠩᠬᠢ ᠬᠦᠮᠦᠨ ᠬᠤᠬᠢᠷᠠᠯ ᠠᠮᠰᠠᠵᠤ᠂ ᠪᠦᠬᠦ ᠨᠡᠶᠢᠭᠡᠮ ᠢᠶᠠᠷ ᠢᠶᠠᠨ ᠲᠦᠯᠦᠭᠦ︾ ᠪᠠᠶᠢᠳᠠᠯ ᠢᠯᠡᠷᠡᠬᠦ ᠶᠢ ᠣᠭᠳᠣ ᠵᠥᠪᠰᠢᠶᠡᠷᠡᠬᠦ ᠦᠭᠡᠢ ᠬᠡᠪᠡ᠃      ᠬᠤᠤᠯᠢᠨ ᠭᠤᠤᠯ ᠤᠨ ︽ᠰᠠᠯᠬᠢ ᠬᠡᠷᠡᠯ ᠢᠯᠴᠢ︾᠎ ᠶᠢᠨ ᠤᠯᠠᠨ ᠡᠨᠧᠷᠬᠢ ᠬᠠᠷᠢᠯᠴᠠᠨ ᠨᠦᠬᠦᠪᠦᠷᠢᠯᠡᠭᠦ ᠡᠷᠬᠢᠯᠳᠡᠳᠦ ᠠᠵᠤ ᠠᠬᠤᠢ ᠶᠢᠨ ᠴᠠᠬᠢᠯᠭᠠᠨ ᠬᠦᠴᠦᠨ ᠤ ᠬᠢᠨᠠᠨ ᠡᠵᠡᠮᠳᠡᠬᠦ ᠵᠢᠯᠤᠭᠤᠳᠬᠤ ᠲᠦᠪ ᠲᠤ᠂ ᠯᠢ ᠵᠢᠢ ᠾᠧᠩ ᠡᠯᠧᠺᠲᠷᠤᠨ ᠲᠡᠯᠭᠡᠴᠡ ᠶᠢᠨ ᠦᠵᠡᠭᠦᠯᠦᠯᠭᠡ ᠶᠢ ᠰᠤᠨᠢᠷᠬᠠᠬᠤ ᠪᠠ ᠬᠠᠷᠢᠭᠤ ᠮᠡᠳᠡᠭᠦᠯᠦᠯᠳᠡ ᠶᠢ ᠰᠤᠨᠤᠰᠬᠤ ᠪᠠᠷ ᠲᠠᠮᠵᠢᠨ᠂ ᠬᠤᠤᠯᠢᠨ ᠭᠤᠤᠯ ᠬᠤᠳᠠ ᠨᠢᠭᠡᠨᠳᠡ ᠨᠡᠭᠦᠷᠡᠰᠦ ᠪᠠᠷ ᠴᠠᠬᠢᠯᠭᠠᠨ ᠭᠠᠷᠭᠠᠵᠣ᠂ ᠴᠠᠬᠢᠯᠭᠠᠨ ᠢᠶᠠᠷ ᠬᠦᠩᠭᠡᠨ ᠴᠠᠭᠠᠨ ᠪᠤᠯᠪᠠᠰᠤᠷᠠᠭᠤᠯᠵᠦ᠂ ᠬᠦᠩᠭᠡᠨ ᠴᠠᠭᠠᠨ ᠢᠶᠠᠷ ᠬᠦᠨ ᠡᠳ᠋ᠰᠢᠡᠯᠭᠦᠯᠵᠦ᠂ ᠬᠠᠳᠠᠭᠤ ᠪᠡᠶᠡᠳᠦ ᠬᠠᠶᠠᠬᠳᠠᠮᠠᠯ ᠪᠤᠳᠠᠰ ᠎ ᠢ ᠶᠡᠷᠦᠩᠬᠡᠶᠢᠯᠡᠨ ᠠᠰᠢᠬᠯᠠᠬᠤ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠤᠷᠤᠨ ᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠬᠦᠭᠵᠢᠯᠳᠡ ᠶᠢᠨ ᠵᠠᠮ ᠢᠶᠠᠷ ᠵᠠᠮᠨᠠᠵᠤ ᠪᠠᠶᠢᠬᠤ ᠶᠢ ᠤᠯᠵᠤ ᠮᠡᠳᠡᠭᠡᠳ ᠲᠡᠷᠡ ᠲᠦᠢᠯ ᠢᠶᠠᠷ ᠪᠠᠶᠠᠷᠯᠠᠵᠣ᠂ ᠠᠵᠤ ᠦᠢᠯᠡᠰ ᠤᠨ ᠪᠦᠳᠦᠴᠡ ᠶᠢ ᠲᠤᠬᠢᠷᠠᠭᠤᠯᠬᠤ ᠠᠯᠬᠤᠴᠠ ᠪᠠᠨ ᠲᠦᠷᠭᠡᠳᠭᠡᠨ᠂ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠣᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠲᠠᠰᠤᠷᠠᠯᠳᠠ ᠦᠭᠡᠢ ᠬᠦᠨᠵᠡᠭᠡᠶᠢᠷᠡᠭᠦᠯᠦᠨ᠂ ᠬᠦᠷᠢᠶᠡᠯᠡᠩ ᠲᠤᠭᠤᠷᠢᠭ ᠤᠨ ᠠᠵᠤ ᠠᠬᠤᠢ ᠶᠢ ᠶᠡᠭᠡᠪᠡᠷ ᠬᠦᠭᠵᠢᠭᠦᠯᠵᠤ᠂ ᠪᠦᠬᠦ ᠤᠷᠤᠨ ᠪᠦᠰᠡ ᠶᠢᠨ ᠵᠤᠭᠠᠴᠠᠯ ᠢ ᠬᠦᠨᠳᠦᠳᠭᠡᠨ ᠰᠠᠶᠢᠳᠤᠷ ᠠᠳᠬᠤᠵᠤ᠂ ᠪᠤᠬᠢᠷᠳᠦᠯ ᠢ ᠡᠬᠢ ᠡᠭᠦᠰᠦᠯ ᠠᠴᠠ ᠨᠢ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠭᠦ ᠬᠡᠷᠡᠭᠳᠡᠢ᠃ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠣ᠂ ᠡᠯ᠎ᠠ ᠵᠦᠢᠯ ᠤᠨ ᠴᠡᠭᠴᠡᠡᠯᠨ ᠰᠠᠶᠢᠵᠢᠷᠠᠭᠤᠯᠬᠤ ᠡᠭᠦᠷᠭᠡ ᠶᠢ ᠲᠤᠬᠳᠠᠬᠰᠠᠨ ᠴᠠᠭ ᠲᠤᠨᠢ ᠴᠢᠨᠠᠷ ᠰᠠᠶᠢᠳᠠᠢ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ ᠬᠡᠵᠤ ᠱᠠᠭᠠᠷᠳᠠᠪᠠ᠃      ᠪᠠᠶᠢᠴᠠᠭᠠᠨ ᠰᠤᠳᠤᠯᠤᠯᠳᠠ ᠬᠢᠭᠰᠡᠨ ᠬᠤᠭᠤᠴᠠᠭᠠᠨ ᠳᠠᠭᠠᠨ᠂ ᠯᠢ ᠵᠢᠢ ᠾᠧᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠤᠯᠢᠨ ᠭᠤᠤᠯ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠡᠰᠡᠭ ᠠᠵᠤ ᠠᠬᠤᠶᠢᠯᠠᠯ ᠤᠨ ᠪᠤᠬᠢᠷᠳᠦᠯ ᠢ ᠰᠡᠷᠬᠡᠶᠢᠯᠡᠨ ᠵᠠᠰᠠᠵᠣ ᠪᠠᠶᠢᠭ᠎ᠠ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠳᠡ ᠶᠢ ᠰᠤᠨᠤᠰᠪᠠ᠃ ᠲᠡᠷᠡ᠂ ᠤᠶᠢᠷ᠎ᠠ ᠶᠢᠨ ᠵᠢᠯ ᠳᠤ ᠬᠤᠤᠯᠢᠨ ᠭᠤᠤᠯ ᠤᠷᠤᠨ ᠤ ᠪᠤᠬᠢᠷᠳᠦᠯ ᠢ ᠰᠡᠷᠬᠡᠶᠢᠯᠡᠨ ᠵᠠᠰᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠠᠵᠢᠯ ᠨᠡᠯᠢᠶᠡᠳ ᠢᠯᠡᠷᠬᠡᠢ ᠦᠷ᠎ᠠ ᠪᠦᠳᠦᠮᠵᠢ ᠤᠯᠪᠠ᠂ ᠬᠡᠪᠡᠴᠤ ᠪᠠᠰᠠ ᠡᠳᠦᠢ ᠲᠡᠳᠦᠢ ᠤᠮᠳᠤᠭᠠᠶᠢᠯᠠᠵᠤ ᠪᠤᠯᠤᠰᠢ ᠦᠭᠡᠢ ᠠᠰᠠᠭᠤᠳᠠᠯ ᠤᠷᠤᠰᠢᠵᠤ ᠪᠤᠢ᠂ ᠵᠠᠪᠠᠯ ᠴᠠᠭ ᠢᠮᠠᠬᠳᠠ ᠲᠠᠷᠢᠬᠢ ᠲᠤᠯᠤᠭᠠᠢ ᠪᠠᠨ ᠰᠡᠷᠬᠡᠭ ᠪᠠᠶᠢᠯᠭᠠᠵᠣ᠂ ᠤᠷᠳᠤ ᠬᠤᠭᠤᠴᠠᠭ᠎ᠠ ᠪᠠᠷ ᠰᠢᠷᠭᠠᠭᠤ ᠴᠢᠷᠮᠠᠶᠢᠯᠭ᠎ᠠ ᠭᠠᠷᠭᠠᠬᠤ ᠬᠡᠷᠡᠭᠳᠡᠢ᠃ ᠠᠮᠢ ᠠᠬᠤᠢ ᠶᠢ ᠵᠠᠰᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠤᠷᠭᠤᠮᠠᠯ ᠤᠨ ᠬᠤᠴᠢᠯᠭ᠎ᠠ ᠶᠢᠨ ᠪᠦᠷᠭᠦᠴᠡ ᠶᠢ ᠲᠠᠰᠤᠷᠠᠯᠳᠠ ᠦᠭᠡᠢ ᠲᠡᠭᠡᠭᠰᠢᠯᠡᠭᠦᠯᠦᠨ᠂ ᠠᠷᠠᠳ ᠤᠯᠠᠨ ᠤ ᠲᠤᠰᠬᠠᠯ ᠴᠢᠩᠭ᠎ᠠ ᠪᠠᠶᠢᠬᠤ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠦᠯ ᠵᠡᠷᠭᠡ ᠲᠤᠪᠤᠶᠢᠮ᠎ᠠ ᠠᠰᠠᠭᠤᠳᠠᠯ ᠢ ᠬᠦᠴᠦᠯᠡᠨ ᠰᠠᠶᠢᠳᠤᠷ ᠰᠢᠢᠳᠪᠦᠷᠢᠯᠡᠵᠤ᠂ ᠬᠤᠤᠯᠢᠨ ᠭᠤᠤᠯ ᠬᠤᠳᠠ ᠪᠠᠨ ᠦᠪᠡᠷᠳᠡᠭᠡᠨ ᠵᠠᠰᠠᠬᠤ ᠤᠷᠤᠨ ᠤ ᠵᠡᠭᠦᠨ ᠬᠡᠰᠡᠭ ᠤᠨ ᠠᠮᠢ ᠠᠬᠤᠢ ᠰᠠᠶᠢᠨ᠂ ᠤᠷᠴᠢᠨ ᠲᠤᠭᠤᠷᠢᠨ ᠭᠤᠶᠤ᠂ ᠠᠵᠤ ᠠᠬᠤᠢ ᠬᠦᠭᠵᠢᠭᠰᠡᠨ᠂ ᠨᠡᠶᠢᠭᠡᠮ ᠡᠶ᠎ᠡ ᠵᠤᠬᠢᠴᠠᠩᠭᠤᠢ᠂ ᠬᠤᠳᠠ ᠶᠢᠨ ᠠᠷᠠᠳ ᠵᠤᠯ ᠵᠢᠷᠭᠠᠯ ᠲᠠᠢ ᠪᠠᠶᠢᠬᠤ ᠬᠡᠷᠡᠯᠳᠦ ᠰᠤᠪᠤᠳ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠳᠡᠢ᠃ ᠱᠠᠳᠤ ᠱᠠᠳᠤ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠵᠣ᠂ ᠤᠷᠴᠢᠨ ᠲᠤᠭᠤᠷᠢᠨ ᠢ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠭᠦ ᠡᠷᠴᠢᠮ ᠢᠶᠠᠨ ᠴᠢᠩᠭᠠᠷᠠᠭᠤᠯᠵᠤ᠂ ᠤᠯᠠᠨ ᠢᠶᠠᠷ ᠢᠶᠠᠨ ᠰᠡᠷᠬᠡᠶᠢᠯᠡᠨ ᠤᠯᠠᠨ ᠢᠶᠠᠷ ᠢᠶᠠᠨ ᠵᠠᠰᠠᠬᠤ ᠶᠢ ᠢᠳᠡᠪᠬᠢᠳᠡᠢ ᠠᠬᠢᠭᠤᠯᠵᠤ᠂ ᠦᠷᠭᠦᠯᠵᠢᠯᠡᠨ ᠬᠦᠴᠦ ᠤᠷᠤᠭᠤᠯᠤᠨ ᠲᠦᠪᠯᠡᠷᠡᠭᠦᠯᠦᠨ ᠪᠤᠭᠤᠮᠳᠠ ᠰᠢᠪᠳᠤᠯᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠡᠷᠡᠰ ᠰᠠᠶᠢᠳᠤᠷ ᠬᠢᠵᠤ ᠢᠯᠠᠯᠳᠠ ᠤᠯᠬᠤ ᠬᠡᠷᠡᠭᠳᠡᠢ ᠬᠡᠵᠡᠢ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠩ ᠭᠠᠩ᠂ ᠯᠢ ᠵᠢᠶᠧ ᠰᠢᠶᠠᠩ ᠪᠠᠶᠢᠴᠠᠭᠠᠨ ᠰᠤᠳᠤᠯᠬᠤ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号