ᠬᠥᠬᠡᠬᠤᠲᠠ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠤᠭ ᠮᠠᠲ᠋ᠧᠷᠢᠶᠠᠯ ᠢ ᠬᠠᠩᠭᠠᠪᠠᠯ ᠪᠣᠯᠴᠢᠬᠠᠨ᠎ᠠ
ᠨᠡᠶᠢᠲᠡᠯᠡᠭᠰᠡᠨ ᠴᠠᠭ᠄
2018/5/11
     5 ᠳ᠋ᠤᠭᠠᠷ ᠰᠠᠷ᠎ᠠ ᠶᠢᠨ 10᠎ ᠤ ᠡᠳᠦᠷ ᠠᠴᠠ ᠡᠬᠢᠯᠡᠨ᠂ ᠠᠵᠢᠯᠲᠠᠨ ᠠᠵᠢᠯᠴᠢᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠲᠤᠰᠢᠶᠠᠬᠤ ᠬᠠᠳᠠᠭᠠᠯᠠᠭᠤᠯᠬᠤ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠳᠥᠭᠦᠮ ᠦᠵᠡᠭᠦᠯᠵᠤ᠂ ᠭᠦᠢᠴᠡᠳᠬᠡᠬᠦ ᠥᠪᠡᠷ ᠤᠨ ᠦᠷᠳᠡᠭ ᠢ ᠪᠠᠭᠤᠷᠠᠭᠤᠯᠬᠤ ᠶᠢᠨ ᠲᠤᠰᠠᠳᠠ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠮᠢᠶᠠᠷᠤᠯᠲᠠ ᠶᠢᠨ ᠲᠥᠪ ᠨᠢ ᠪᠡᠶ᠎ᠡ ᠶᠢᠨ ᠬᠢᠷᠢ ᠬᠡᠮ ᠤᠨ ᠭᠡᠷᠡᠴᠢ ᠮᠠᠲ᠋ᠧᠷᠢᠶᠠᠯ ᠤᠨ ᠬᠠᠭᠤᠯᠪᠤᠷᠢ ᠪᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠪᠠ ᠵᠢᠭᠡᠯᠡᠬᠦ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠴᠢᠬᠤᠯᠠ ᠨᠥᠬᠦᠴᠡᠯ ᠪᠣᠯᠭᠠᠵᠤ ᠪᠠᠶᠢᠭᠰᠠᠨ ᠢ ᠬᠦᠴᠦᠨ ᠦᠭᠡᠢ ᠪᠣᠯᠭᠠᠵᠠᠢ᠃      ᠣᠶᠢᠯᠠᠭᠠᠭᠰᠠᠨ ᠢᠶᠠᠷ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠣᠷᠣᠰᠢᠵᠤ ᠪᠠᠶᠢᠭ᠎ᠠ ︽ᠪᠡᠷᠬᠡ ᠴᠢᠭ᠋︾᠂ ︽ᠲᠥᠭᠵᠢᠷᠡᠯ ᠴᠢᠭ᠋︾᠎ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠡᠳᠡᠭᠡ ᠵᠠᠩᠭᠢᠵᠢᠭᠤᠯᠬᠤ ᠪᠥᠳᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠦᠷ᠎ᠡ ᠴᠢᠳᠠᠮᠵᠢ ᠪᠣᠯᠣᠨ ᠣᠯᠠᠨ ᠲᠦᠮᠡᠨ ᠤ ᠲᠠᠭᠠᠯᠠᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠬᠦ ᠶᠢᠨ ᠲᠤᠰᠠᠳᠠ᠂ ᠬᠤᠳᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠮᠢᠶᠠᠷᠤᠯᠲᠠ ᠶᠢᠨ ᠲᠥᠪ ᠨᠢ 5 ᠳ᠋ᠤᠭᠠᠷ ᠰᠠᠷ᠎ᠠ ᠶᠢᠨ 10᠎ ᠤ ᠡᠳᠦᠷ ᠠᠴᠠ ᠡᠬᠢᠯᠡᠵᠦ᠂ ᠠᠵᠢᠯᠲᠠᠨ ᠠᠵᠢᠯᠴᠢᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠲᠤᠰᠢᠶᠠᠬᠤ ᠬᠠᠳᠠᠭᠠᠯᠠᠭᠤᠯᠬᠤ ᠠᠯᠢᠪᠠ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠵᠥᠪᠬᠡᠨ ᠤᠭ ᠮᠠᠲ᠋ᠧᠷᠢᠶᠠᠯ ᠬᠠᠩᠭᠠᠪᠠᠯ ᠪᠣᠯᠴᠢᠬᠠᠬᠤ ᠪᠣᠯᠭᠠᠭᠰᠠᠨ ᠪᠦᠭᠡᠳ ᠡᠯ᠎ᠡ ᠲᠦᠷᠦᠯ ᠤᠨ ᠬᠠᠭᠤᠯᠪᠤᠷᠢ ᠮᠠᠲᠸᠢᠷᠶᠠᠯ ᠠᠪᠴᠤ ᠪᠠᠶᠢᠭᠰᠠᠨ ᠪᠦᠭᠦᠡ ᠢ ᠬᠦᠴᠦᠨ ᠦᠬᠡᠢ ᠪᠣᠯᠭᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号