ᠬᠤᠪᠤᠷ ᠰᠢᠷᠦᠢ ᠶᠢᠨ ᠠᠵᠦ ᠦᠢᠯᠡᠰ ᠤᠨ ᠭᠡᠯᠪᠡᠷᠢ ᠪᠠᠨ ᠬᠤᠪᠢᠷᠡᠭᠤᠯᠵᠦ ᠳᠡᠰ ᠳᠡᠪᠰᠢᠬᠦᠯᠬᠦ ᠶᠢ ᠳᠥᠷᠭᠡᠳᠭᠡᠬᠦ ᠳᠥᠷᠥ ᠶᠢᠨ ᠪᠤᠳᠣᠯᠭ᠎ᠠ ᠨᠤᠭᠤᠳ ᠢ ᠲᠠᠷᠣᠮᠠᠯᠯᠠᠨ ᠶᠠᠪᠤᠭᠤᠯᠬᠤ ᠲᠣᠬᠠᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2018/5/11
             ᠥᠪᠥᠷ ᠵᠠᠰᠠᠭ ᠲᠠᠷᠬᠠᠭᠠᠭᠰᠠᠨ ﹇2018﹈ 9 ᠳ᠋ᠤᠭᠡᠷ ᠲᠤᠭᠠᠳᠤ                                      1 ᠳ᠋ᠣᠭᠡᠷ ᠰᠡᠷ᠎ᠠ ᠶᠢᠨ 29 ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠬᠤᠪᠤᠷ ᠰᠢᠷᠦᠢ ᠶᠢᠨ ᠠᠵᠦ ᠦᠢᠯᠡᠰ ᠤᠨ ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠶᠢ ᠳᠥᠷᠭᠡᠳᠭᠡᠬᠦ ᠲᠤᠬᠠᠢ ᠳᠥᠷᠥ ᠶᠢᠨ ᠪᠤᠳᠣᠯᠭ᠎ᠠ ᠨᠤᠭᠤᠳ︾ ᠢ ᠡᠳᠦᠭᠡ ᠳᠡᠨᠡᠷ ᠲᠤ ᠲᠠᠷᠣᠮᠠᠯᠯᠠᠨ ᠶᠠᠪᠤᠭᠤᠯᠥᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠣᠣᠱᠯᠠᠭᠤᠯᠥᠨ ᠨᠠᠶᠢᠳᠡᠪᠦᠷᠢᠵᠢᠭᠤᠯᠳᠣᠭᠠᠢ᠃             ᠬᠤᠪᠤᠷ ᠰᠢᠷᠦᠢ ᠶᠢᠨ ᠠᠵᠦ ᠦᠢᠯᠡᠰ ᠤᠨ ᠭᠡᠯᠪᠡᠷᠢ ᠪᠠᠨ ᠬᠤᠪᠢᠷᠡᠭᠤᠯᠵᠦ ᠳᠡᠰ                             ᠳᠡᠪᠰᠢᠬᠦᠯᠬᠦ ᠶᠢ ᠳᠥᠷᠭᠡᠳᠭᠡᠬᠦ ᠲᠤᠬᠠᠢ ᠳᠥᠷᠥ ᠶᠢᠨ ᠪᠤᠳᠣᠯᠭ᠎ᠠ ᠨᠤᠭᠤᠳ        ᠮᠠᠨ ᠤ ᠣᠷᠣᠨ ᠤ ᠬᠤᠪᠤᠷ ᠰᠢᠷᠦᠢ ᠶᠢᠨ ᠡᠬᠢ ᠪᠠᠶᠠᠯᠢᠭ ᠪᠤᠯᠥᠨ ᠠᠵᠦ ᠦᠢᠯᠡᠰ ᠤᠨ ᠳᠡᠪᠡᠭᠤᠯᠢᠭ ᠢ ᠬᠦᠢᠴᠡᠳ ᠪᠡᠳᠡᠷᠡᠭᠤᠯᠵᠦ᠂ ᠬᠤᠪᠤᠷ ᠰᠢᠷᠦᠢ ᠶᠢᠨ ᠠᠵᠦ ᠦᠢᠯᠡᠰ ᠤᠨ ᠭᠡᠯᠪᠡᠷᠢ ᠪᠠᠨ ᠬᠤᠪᠢᠷᠡᠭᠤᠯᠵᠦ ᠳᠡᠰ ᠳᠡᠪᠰᠢᠬᠦᠯᠬᠦ ᠶᠢ ᠠᠬᠢᠭᠤᠯᠥᠨ᠂ ᠬᠤᠪᠤᠷ ᠰᠢᠷᠦᠢ ᠶᠢᠨ ᠠᠵᠦ ᠦᠢᠯᠡᠰ ᠢ ᠨᠡᠩ ᠬᠦᠡ ᠳᠡᠰ ᠳᠡᠪᠬᠤᠷᠭ᠎ᠠ᠂ ᠨᠡᠩ ᠦᠷᠬᠡᠨ ᠬᠦᠷᠢᠶ᠎ᠠ ᠴᠡᠷᠠᠭ᠎ᠠ᠂ ᠨᠡᠩ ᠦᠨᠳᠣᠷ ᠬᠢᠷᠢ ᠭᠡᠮᠵᠢᠶ᠎ᠠ ᠲᠡᠰᠢ ᠬᠦᠭᠵᠢᠬᠦᠯᠬᠦ ᠶᠢ ᠠᠬᠢᠭᠤᠯᠬᠤ ᠶᠢᠨ ᠲᠣᠰᠡᠳᠡ᠂ ᠲᠣᠣᠷᠡᠬᠢ ᠮᠡᠳᠣ ᠳᠥᠷᠥ ᠶᠢᠨ ᠪᠤᠳᠣᠯᠭ᠎ᠠ ᠶᠢ ᠲᠣᠠᠠᠳᠠᠭᠠᠪᠠ᠃     ᠨᠢᠭᠡ᠂ ᠪᠡᠯᠡ ᠮᠦᠡᠭᠬᠦ ᠰᠠᠭᠤᠷᠢ ᠮᠦᠡᠭᠭᠦ ᠶᠢᠨ ᠳᠡᠮᠵᠢᠯᠬᠡ ᠶᠢᠨ ᠳᠥᠷᠥ ᠶᠢᠨ ᠪᠤᠳᠣᠯᠭ᠎ᠠ      2018 ᠣᠨ ᠠᠴᠠ ᠡᠬᠢᠯᠡᠨ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠣᠯᠥᠰ ᠤᠨ ᠳᠡᠮᠵᠢᠯᠬᠡ ᠶᠢ ᠬᠠᠷᠢᠴᠠᠭᠤᠯᠥᠨ ᠠᠳᠡᠯᠢ ᠵᠣᠭᠤᠰ ᠤᠨ ᠲᠣᠭᠠᠨ ᠤ ᠢᠵᠢ ᠪᠦᠷᠢᠳᠦᠬᠦᠯᠬᠦ ᠪᠡᠯᠡ ᠮᠦᠡᠭᠬᠦ ᠶᠢᠨ ᠳᠡᠮᠵᠢᠯᠬᠡ ᠦᠵᠡᠬᠦᠯᠵᠦ᠂ ᠬᠤᠪᠤᠷ ᠰᠢᠷᠦᠢ ᠶᠢᠨ ᠵᠢᠱᠢᠶ᠎ᠡ ᠦᠵᠡᠬᠦᠯᠬᠦ ᠦᠢᠯᠡᠳᠪᠦᠷᠢᠯᠡᠯ ᠤᠨ ᠱᠣᠭᠤᠮ᠂ ᠬᠤᠪᠤᠷ ᠰᠢᠷᠦᠢ ᠶᠢᠨ ᠰᠢᠨ᠎ᠡ ᠮᠡᠲ᠋ᠧᠷᠢᠶᠡᠯ ᠤᠨ ᠵᠠᠩᠬᠢᠯᠠᠭ᠎ᠠ ᠶᠢᠨ ᠨᠡᠶᠢᠳᠡᠴᠢ ᠴᠢᠨᠡᠷᠳᠡᠢ ᠭᠡᠷᠡᠭᠯᠡᠭᠡᠨ ᠤ ᠮᠡᠷᠭᠡᠵᠢᠯ ᠤᠨ ᠰᠣᠳᠣᠯᠥᠨ ᠨᠡᠭᠡᠭᠡᠬᠦ ᠵᠢᠴᠢ ᠠᠵᠦ ᠦᠢᠯᠡᠰᠵᠢᠬᠦᠯᠬᠦ᠂ ᠬᠤᠪᠤᠷ ᠰᠢᠷᠦᠢ ᠶᠢᠨ ᠲᠤᠨᠤᠭ ᠰᠡᠯᠪᠢᠭ ᠵᠢᠴᠢ ᠦᠵᠤᠬᠦᠷ ᠤᠨ ᠭᠡᠷᠡᠭᠯᠡᠭᠡᠨ ᠤ ᠦᠢᠯᠡᠳᠬᠦᠨ ᠵᠡᠷᠭᠡ ᠬᠤᠪᠤᠷ ᠰᠢᠷᠦᠢ ᠶᠢᠨ ᠣᠯᠡᠷᠢᠭᠤᠯᠥᠨ ᠡᠳ᠋ᠰᠢᠬᠦᠯᠥᠨ ᠪᠤᠯᠪᠠᠰᠣᠷᠡᠭᠤᠯᠬᠤ ᠳᠥᠷᠦᠯ ᠵᠦᠢᠯ ᠢ ᠭᠤᠤᠯᠳᠡᠯᠭ᠎ᠠ ᠲᠠᠢ ᠳᠡᠮᠵᠢᠵᠦ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠢᠩᠬᠢᠮ ᠦᠪᠡᠷᠳᠡᠭᠡᠨ ᠵᠠᠰᠠᠬᠤ ᠣᠷᠣᠨ ᠤ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ ᠲᠠᠢ ᠬᠠᠮᠳᠤᠷᠠᠨ ᠪᠤᠳᠡᠳᠡᠢ ᠳᠡᠮᠵᠢᠬᠦ ᠠᠷᠭ᠎ᠠ ᠶᠢ ᠲᠣᠠᠠᠳᠠᠭᠠᠨ᠎ᠠ᠃ ᠦᠪᠡᠷᠳᠡᠭᠡᠨ ᠵᠠᠰᠠᠬᠤ ᠣᠷᠣᠨ ᠠᠴᠠ ᠨᠢᠭᠡᠨᠳᠡ ᠪᠠᠶᠢᠭᠤᠯᠥᠠᠠᠰᠠᠨ ᠭᠤᠤᠯᠳᠡᠯᠭ᠎ᠠ ᠲᠠᠢ ᠠᠵᠦ ᠦᠢᠯᠡᠰ ᠤᠨ ᠬᠦᠭᠵᠢᠯᠳᠡ ᠶᠢᠨ ᠲᠣᠰᠬᠠᠢ ᠪᠡᠯᠡ ᠮᠦᠡᠭᠬᠦ᠂ ᠭᠤᠤᠯᠳᠡᠯᠭ᠎ᠠ ᠲᠠᠢ ᠠᠵᠦ ᠦᠢᠯᠡᠰ ᠤᠨ ᠬᠦᠭᠵᠢᠯᠳᠡ ᠶᠢᠨ ᠬᠦᠳᠦᠯᠥᠨ ᠵᠢᠯᠥᠭᠤᠳᠬᠤ ᠰᠠᠭᠤᠷᠢ ᠮᠦᠡᠭᠬᠦ ᠵᠢᠴᠢ ᠪᠤᠰᠣᠳ ᠬᠠᠮᠢᠶ᠎ᠠ ᠪᠦᠬᠦᠢ ᠲᠣᠰᠬᠠᠢ ᠪᠡᠯᠡ ᠮᠦᠡᠭᠬᠦ ᠪᠠ ᠰᠠᠭᠤᠷᠢ ᠮᠦᠡᠭᠬᠦ ᠨᠢ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠵᠢᠴᠢ ᠭᠡᠷᠡᠭᠯᠡᠭᠡᠨ ᠤ ᠳᠥᠷᠦᠯ ᠵᠦᠢᠯ ᠢ ᠣᠷᠢᠳᠡᠪᠡᠷ ᠳᠡᠮᠵᠢᠨ᠎ᠠ᠃      ᠬᠤᠶᠡᠷ᠂ ᠳᠦᠬᠦᠬᠡᠢ ᠮᠠᠲ᠋ᠧᠷᠢᠶᠡᠯ ᠤᠨ ᠬᠠᠩᠭᠠᠯᠭ᠎ᠠ ᠶᠢ ᠪᠠᠳᠣᠯᠠᠬᠤ ᠳᠥᠷᠥ ᠶᠢᠨ ᠪᠤᠳᠣᠯᠭ᠎ᠠ      ᠦᠪᠡᠷᠳᠡᠭᠡᠨ ᠵᠠᠰᠠᠬᠤ ᠣᠷᠣᠨ ᠤ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ ᠨᠢ ᠬᠤᠪᠤᠷ ᠰᠢᠷᠦᠢ ᠶᠢᠨ ᠵᠠᠬ᠎ᠠ ᠳᠡᠯᠭᠡᠬᠦᠷ ᠤᠨ ᠴᠡᠭᠴᠡᠯᠡᠨ ᠵᠠᠰᠠᠵᠦ ᠵᠢᠷᠣᠮᠵᠢᠭᠤᠯᠬᠤ ᠶᠢ ᠴᠢᠩᠭᠠᠳᠬᠠᠵᠦ᠂ ︽ᠳᠥᠬᠦᠬᠡᠢ ᠮᠠᠲ᠋ᠧᠷᠢᠶᠡᠯ ᠢᠶᠠᠷ ᠲᠣᠣᠷ᠎ᠠ ᠣᠷᠣᠰᠬᠠᠯ ᠤᠨ ᠨᠠᠷᠢᠯᠢᠬ ᠡᠳ᠋ᠰᠢᠬᠦᠯᠥᠨ ᠪᠤᠯᠪᠠᠰᠣᠷᠡᠭᠤᠯᠬᠤ ᠠᠵᠦ ᠠᠬᠤᠶᠢᠯᠠᠯ ᠢ ᠳᠡᠳᠡᠨ ᠪᠤᠭᠤᠳᠦ ᠬᠤᠳᠡ ᠶᠢᠨ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠤᠨ ᠠᠵᠦ ᠦᠢᠯᠡᠰ ᠤᠨ ᠬᠦᠷᠢᠶᠡᠯᠡᠩ ᠲᠣᠭᠤᠷᠢᠭ ᠲᠤ ᠣᠷᠣᠭᠤᠯᠥᠨ ᠰᠠᠭᠤᠯᠭᠠᠵᠦ᠂ ᠳᠥᠯᠥᠪᠯᠡᠭᠡ ᠶᠢᠨ ᠲᠣᠳᠣᠷᠡᠬᠢ ᠳᠥᠬᠦᠭᠡᠢ ᠮᠠᠲ᠋ᠧᠷᠢᠶᠡᠯ ᠢ ᠣᠷᠢᠳᠡᠪᠡᠷ ᠬᠢᠮᠳᠡ ᠦᠨ᠎ᠠ ᠪᠠᠷ ᠬᠦᠷᠢᠶᠡᠯᠡᠩ ᠲᠤᠭᠤᠷᠢᠭ ᠤᠨ ᠳᠣᠳᠣᠷᠡᠬᠢ ᠠᠵᠦ ᠠᠬᠤᠶᠢᠯᠠᠯ ᠳᠤ ᠬᠠᠩᠭᠠᠬᠤ︾ ᠦᠨᠳᠣᠰᠣᠡ ᠵᠠᠷᠴᠢᠮ ᠶᠣᠰᠣᠭᠠᠷ᠂ ᠪᠤᠭᠤᠳᠣ ᠬᠤᠳᠡ ᠶᠢᠨ ᠬᠤᠯᠪᠤᠠᠠᠳᠡᠯ ᠪᠦᠬᠦᠢ ᠳᠡᠯ᠎ᠠ ᠲᠠᠢ ᠬᠠᠮᠵᠢᠯᠴᠠᠨ ᠬᠤᠪᠤᠷ ᠰᠢᠷᠦᠢ ᠶᠢᠨ ᠳᠥᠬᠦᠭᠡᠢ ᠮᠠᠲ᠋ᠧᠷᠢᠶᠡᠯ ᠤᠨ ᠬᠠᠩᠭᠠᠯᠭ᠎ᠠ ᠶᠢᠨ ᠬᠠᠮᠢᠶᠡᠷᠦᠯᠳᠡ ᠶᠢᠨ ᠠᠷᠭ᠎ᠠ ᠶᠢ ᠲᠣᠠᠠᠳᠠᠭᠠᠵᠦ᠂ ᠦᠪᠡᠷᠳᠡᠭᠡᠨ ᠵᠠᠰᠠᠬᠤ ᠣᠷᠣᠨ ᠤ ᠬᠤᠪᠤᠷ ᠰᠢᠷᠦᠢ ᠶᠢᠨ ᠠᠵᠦ ᠦᠢᠯᠡᠰ ᠤᠨ ᠬᠦᠭᠵᠢᠯᠳᠡ ᠶᠢᠨ ᠣᠳᠣᠷᠢᠳᠬᠤ ᠲᠤᠭᠤᠶᠢᠯᠡᠩ ᠳᠤ ᠮᠠᠳᠠᠭᠦᠯᠦᠨ ᠵᠦᠪᠰᠢᠶᠡᠷᠡᠬᠦᠯᠥᠭᠰᠡᠨ ᠤ ᠳᠡᠷᠠᠭ᠎ᠠ ᠭᠡᠷᠡᠭᠵᠢᠬᠦᠯᠦᠨ᠎ᠡ᠃ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠡ ᠶᠢᠨ ᠶᠠᠮᠣᠨ ᠤ ᠳᠡᠮᠵᠢᠯᠬᠡ ᠶᠢ ᠣᠯᠬᠤ ᠪᠠᠷ ᠢᠳᠡᠪᠬᠢᠯᠡᠨ ᠴᠢᠷᠮᠡᠶᠢᠵᠦ᠂ ᠮᠠᠨ ᠤ ᠣᠷᠣᠨ ᠤ ᠬᠤᠪᠤᠷ ᠰᠢᠷᠦᠢ ᠶᠢᠨ ᠬᠠᠩᠭᠠᠯᠭ᠎ᠠ ᠶᠢᠨ ᠬᠦᠢᠴᠡᠳᠭᠡᠯ ᠲᠤᠭ᠎ᠠ ᠶᠢ ᠵᠢᠯ ᠳᠡᠷᠡᠭᠠᠯᠠᠨ ᠦᠷᠭᠡᠳᠭᠡᠵᠦ᠂ ᠨᠡᠩ ᠣᠯᠡᠨ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠤᠨ ᠠᠵᠦ ᠦᠢᠯᠡᠰ ᠤᠨ ᠪᠡᠯᠡ ᠣᠷᠣᠭᠤᠯᠥᠯᠳᠡ ᠶᠢᠨ ᠳᠥᠷᠦᠯ ᠵᠦᠢᠯ ᠢ ᠳᠡᠳᠠᠵᠦ ᠪᠠᠶᠢᠭᠠᠳ᠂ ᠮᠠᠨ ᠤ ᠣᠷᠣᠨ ᠳᠤ ᠢᠷᠡᠵᠦ ᠪᠡᠯᠡ ᠣᠷᠣᠭᠤᠯᠥᠠᠠᠰᠠᠨ ᠬᠤᠪᠤᠷ ᠰᠢᠷᠦᠢ ᠶᠢᠨ ᠨᠠᠷᠢᠯᠢᠭ ᠡᠳ᠋ᠰᠢᠬᠦᠯᠥᠨ ᠪᠤᠯᠪᠠᠰᠣᠷᠡᠭᠤᠯᠬᠤ ᠵᠢᠴᠢ ᠭᠡᠷᠡᠭᠯᠡᠭᠡᠨ ᠤ ᠠᠵᠦ ᠠᠬᠤᠶᠢᠯᠠᠯ ᠤᠨ ᠳᠥᠬᠦᠬᠡᠢ ᠮᠠᠲ᠋ᠧᠷᠢᠶᠡᠯ ᠤᠨ ᠭᠡᠷᠡᠭᠴᠡᠭᠡ ᠱᠠᠭᠠᠷᠳᠡᠯᠭ᠎ᠠ ᠶᠢ ᠦᠨᠡᠨᠬᠦ ᠪᠠᠳᠣᠯᠠᠨ᠎ᠠ᠃     ᠭᠤᠷᠪᠡ᠂ ᠭᠠᠶᠢᠯᠢ ᠶᠢᠨ ᠣᠷᠣᠯᠭ᠎ᠠ ᠶᠢᠨ ᠳᠡᠮᠵᠢᠯᠭᠡ ᠶᠢᠨ ᠳᠥᠷᠥ ᠶᠢᠨ ᠪᠤᠳᠣᠯᠭ᠎ᠠ      ︵ᠨᠢᠭᠡ︶ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠵᠢᠴᠢ ᠭᠡᠷᠡᠭᠯᠡᠭᠡᠨ ᠤ ᠠᠵᠦ ᠠᠬᠤᠶᠢᠯᠠᠯ ᠨᠢ᠂ ᠨᠦᠬᠦᠴᠡᠯ ᠳᠤ ᠨᠡᠶᠢᠴᠡᠪᠡᠯ ᠪᠠᠷᠡᠭᠤᠨ ᠣᠷᠣᠨ ᠢ ᠶᠡᠭᠡᠪᠡᠷ ᠨᠡᠭᠡᠭᠡᠨ ᠬᠦᠭᠵᠢᠬᠦᠯᠬᠦ ᠭᠠᠶᠢᠯᠢ ᠶᠢᠨ ᠣᠷᠣᠯᠭ᠎ᠠ ᠶᠢᠨ ᠬᠠᠷᠡᠭᠠᠯᠵᠠᠯ ᠤᠨ ᠳᠥᠷᠥ ᠶᠢᠨ ᠪᠤᠳᠣᠯᠭ᠎ᠠ ᠶᠢ ᠬᠦᠷᠲᠡᠵᠦ ᠪᠤᠯᠥᠨ᠎ᠠ︔ ᠳᠡᠭᠡᠳᠦ ᠰᠢᠨ᠎ᠡ ᠮᠡᠷᠭᠡᠵᠢᠯ ᠤᠨ ᠠᠵᠦ ᠠᠬᠤᠶᠢᠯᠠᠯ ᠳᠤ ᠬᠠᠷᠢᠶᠡᠯᠬᠠᠳᠠᠪᠠᠯ᠂ ᠳᠡᠭᠡᠳᠦ ᠰᠢᠨ᠎ᠡ ᠮᠡᠷᠭᠡᠵᠢᠯ ᠤᠨ ᠠᠵᠦ ᠠᠬᠤᠶᠢᠯᠠᠯ ᠤᠨ ᠭᠠᠶᠢᠯᠢ ᠶᠢᠨ ᠣᠷᠣᠯᠭ᠎ᠠ ᠶᠢᠨ ᠬᠠᠷᠡᠭᠠᠯᠵᠠᠯ ᠤᠨ ᠳᠥᠷᠥ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠥᠨ᠎ᠠ᠃      ︵ᠬᠤᠶᠡᠷ︶ ᠰᠢᠨ᠎ᠡ ᠪᠠᠷ ᠪᠠᠶᠢᠭᠤᠯᠥᠠᠠᠰᠠᠨ ᠪᠦᠭᠡᠳ ᠪᠠᠰᠠ ᠣᠯᠥᠰ ᠤᠨ ᠠᠵᠦ ᠦᠢᠯᠡᠰ ᠤᠨ ᠳᠥᠷᠥ ᠶᠢᠨ ᠪᠤᠳᠣᠯᠭ᠎ᠠ ᠳᠤ ᠨᠡᠶᠢᠴᠡᠭᠰᠡᠨ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠵᠢᠴᠢ ᠭᠡᠷᠡᠭᠯᠡᠭᠡᠨ ᠤ ᠠᠵᠦ ᠠᠬᠤᠶᠢᠯᠠᠯ ᠳᠤ᠂ ᠵᠢᠯ ᠤᠨ ᠦᠢᠯᠡᠳᠪᠦᠷᠢᠯᠡᠯ ᠤᠨ ᠦᠷᠲᠡᠭ ᠨᠢ 2000 ᠳᠥᠮᠡᠨ ᠳᠥᠬᠦᠷᠢᠭ ᠢ ᠲᠠᠪᠠᠭᠰᠠᠨ ᠪᠠᠶᠢᠪᠠᠯ᠂ ᠠᠩᠬᠠᠳ᠋ᠬᠠᠴᠢ ᠣᠯᠥᠠᠠᠰᠠᠨ ᠦᠢᠯᠡᠳᠪᠦᠷᠢᠯᠡᠯ ᠡᠵᠡᠩᠨᠡᠯᠳᠡ ᠶᠢᠨ ᠣᠷᠣᠯᠭ᠎ᠠ ᠶᠢᠨ ᠭᠠᠶᠢᠯᠢ ᠲᠣᠰᠢᠶᠡᠬᠤ ᠬᠠᠷᠢᠶ᠎ᠠ ᠣᠨ ᠠᠴᠠ ᠪᠠᠨ ᠡᠬᠢᠯᠡᠨ᠂ ᠨᠢᠭᠡᠳᠣᠭᠡᠷ ᠵᠢᠯ ᠠᠴᠠ ᠲᠠᠪᠤᠳᠣᠭᠠᠷ ᠵᠢᠯ ᠪᠤᠯᠳᠡᠯ᠎ᠠ ᠠᠵᠦ ᠠᠬᠤᠶᠢᠯᠠᠯ ᠤᠨ ᠠᠰᠢᠭ ᠣᠯᠵᠠᠪᠦᠷᠢ ᠶᠢᠨ ᠭᠠᠶᠢᠯᠢ ᠶᠢᠨ ᠣᠷᠣᠨ ᠨᠣᠳᠤᠭ ᠤᠨ ᠬᠤᠪᠢᠶᠡᠷᠢᠯᠡᠨ ᠬᠦᠷᠲᠡᠬᠦ ᠭᠡᠰᠡᠭ ᠢ ᠳᠡᠳᠡᠪᠦᠷᠢᠯᠡᠬᠤ ᠠᠴᠠ ᠭᠡᠯᠳᠦᠷᠢᠬᠦᠯᠦᠨ᠎ᠠ᠃     ᠳᠥᠷᠪᠡ᠂ ᠭᠠᠵᠡᠷ ᠰᠢᠷᠦᠢ ᠶᠢᠨ ᠳᠡᠮᠵᠢᠯᠭᠡ ᠶᠢᠨ ᠳᠥᠷᠥ ᠶᠢᠨ ᠪᠤᠳᠣᠯᠭ᠎ᠠ      ᠮᠠᠨ ᠤ ᠣᠷᠣᠨ ᠳᠤ ᠪᠡᠯᠡ ᠣᠷᠣᠭᠤᠯᠥᠨ ᠰᠢᠨ᠎ᠡ ᠪᠠᠷ ᠪᠠᠶᠢᠭᠤᠯᠥᠠᠠᠰᠠᠨ᠂ ᠦᠭᠡᠷᠡᠴᠢᠯᠡᠨ ᠪᠠᠶᠢᠭᠤᠯᠥᠠᠠᠰᠠᠨ ᠪᠠ ᠦᠷᠭᠡᠳᠭᠡᠨ ᠪᠠᠶᠢᠭᠤᠯᠥᠠᠠᠰᠠᠨ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠵᠢᠴᠢ ᠭᠡᠷᠡᠭᠯᠡᠭᠡᠨ ᠤ ᠠᠵᠦ ᠦᠢᠯᠡᠰ ᠤᠨ ᠳᠥᠷᠦᠯ ᠵᠦᠢᠯ ᠪᠦᠬᠦᠨ ᠳᠤ ᠭᠠᠵᠡᠷ ᠰᠢᠷᠦᠢ ᠬᠠᠩᠭᠠᠬᠤ ᠴᠢᠬᠤᠯᠠᠳᠡᠢ ᠪᠠᠶᠢᠪᠠᠯ᠂ ᠬᠠᠦᠯᠢ ᠳᠤ ᠲᠣᠠᠠᠳᠠᠭᠠᠠᠠᠰᠠᠨ ᠬᠠᠮᠤᠭ ᠦᠨᠳᠣᠷ ᠵᠢᠯ ᠬᠤᠭᠤᠴᠠᠭ᠎ᠠ ᠶᠢᠨ ᠳᠣᠳᠣᠷ᠎ᠠ ᠬᠠᠷᠢᠮᠠᠬᠠᠢ ᠴᠢᠨᠡᠷᠳᠡᠢ ᠰᠢᠯᠵᠢᠬᠦᠯᠥᠨ ᠬᠤᠳᠠᠯᠳᠣᠬᠤ ᠵᠢᠯ ᠬᠤᠭᠤᠴᠠᠭ᠎ᠠ ᠶᠢ ᠭᠡᠷᠡᠭᠯᠡᠨ ᠭᠠᠵᠡᠷ ᠰᠢᠷᠦᠢ ᠬᠠᠩᠭᠠᠵᠦ ᠪᠤᠯᠬᠤ ᠪᠦᠭᠡᠳ ᠪᠠᠰᠡ ᠣᠷᠳᠦ ᠬᠤᠭᠤᠴᠠᠭ᠎ᠠ ᠪᠠᠷ ᠳᠥᠷᠢᠶᠡᠰᠦᠯᠡᠬᠦ᠂ ᠣᠷᠢᠳᠡᠪᠡᠷ ᠳᠥᠷᠢᠶᠡᠰᠦᠯᠡᠵᠦ ᠳᠡᠷᠠᠭ᠎ᠠ ᠪᠠᠷ ᠨᠢ ᠬᠤᠳᠠᠯᠳᠣᠬᠤ᠂ ᠳᠥᠷᠢᠶᠡᠰᠦᠯᠡᠬᠦ ᠪᠠ ᠬᠤᠳᠠᠯᠳᠣᠬᠤ ᠶᠢ ᠣᠶᠠᠯᠳᠣᠭᠤᠯᠬᠤ ᠠᠷᠭ᠎ᠠ ᠮᠠᠶ᠋ᠢᠭ ᠢ ᠭᠡᠷᠡᠭᠯᠡᠡ ᠭᠠᠵᠡᠷ ᠰᠢᠷᠦᠢ ᠬᠠᠩᠭᠠᠵᠦ ᠪᠤᠯᠥᠨ᠎ᠠ᠃ ᠭᠠᠵᠡᠷ ᠰᠢᠷᠦᠢ ᠶᠢ ᠰᠢᠯᠵᠢᠬᠦᠯᠥᠨ ᠬᠤᠳᠠᠯᠳᠣᠬᠤ ᠳᠠᠭᠠᠨ ᠦᠪᠡᠷᠳᠡᠭᠡᠨ ᠵᠠᠰᠠᠬᠤ ᠣᠷᠣᠨ ᠤ ᠭᠡᠷᠡᠭᠵᠢᠬᠦᠯᠵᠦ ᠪᠠᠶᠢᠭ᠎ᠠ ᠣᠯᠥᠰ ᠤᠨ ᠠᠵᠦ ᠦᠢᠯᠡᠳᠪᠦᠷᠢ ᠳᠤ ᠭᠡᠷᠡᠭᠯᠡᠬᠦ ᠭᠠᠵᠡᠷ ᠰᠢᠷᠦᠢ ᠶᠢᠨ ᠬᠠᠮᠤᠭ ᠲᠣᠣᠷ᠎ᠠ ᠦᠨ᠎ᠠ ᠶᠢᠨ ᠪᠡᠷᠢᠮᠵᠢᠶ᠎ᠠ ᠶᠢᠨ ᠳᠥᠷᠥ ᠶᠢᠨ ᠪᠤᠳᠣᠯᠭ᠎ᠠ ᠶᠢᠨ ᠲᠣᠠᠠᠳᠠᠭᠠᠯ ᠶᠣᠰᠣᠭᠠᠷ ᠰᠢᠯᠵᠢᠬᠦᠯᠥᠨ ᠬᠤᠳᠠᠯᠳᠣᠬᠤ ᠰᠠᠭᠤᠷᠢ ᠦᠨ᠎ᠠ ᠶᠢ ᠲᠣᠠᠠᠳᠠᠭᠠᠨ᠎ᠠ᠃     ᠲᠠᠪᠤ᠂ ᠴᠠᠬᠢᠯᠭᠠᠨ ᠤ ᠦᠨ᠎ᠠ ᠶᠢᠨ ᠬᠠᠷᠡᠭᠠᠯᠵᠠᠯ ᠤᠨ ᠳᠥᠷᠥ ᠶᠢᠨ ᠪᠤᠳᠣᠯᠭ᠎ᠠ      ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠳᠡ ᠬᠤᠶᠡᠷ ᠱᠠᠳᠣᠨ ᠤ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠰᠠᠯᠠᠭ᠎ᠠ ᠮᠦᠴᠢᠷ ᠤᠨ ᠨᠣᠳᠡᠯᠡᠨ ᠲᠣᠠᠠᠳᠠᠭᠠᠬᠤ ᠶᠢ ᠳᠠᠮᠵᠢᠭᠠᠳ᠂ ᠠᠵᠦ ᠦᠢᠯᠡᠰ ᠤᠨ ᠳᠥᠷᠥ ᠶᠢᠨ ᠪᠤᠳᠣᠯᠭ᠎ᠠ ᠳᠤ ᠨᠡᠶᠢᠴᠡᠬᠦ ᠶᠢᠨ ᠬᠠᠮᠳᠣ ᠪᠤᠭᠤᠳᠦ ᠬᠤᠳᠡ ᠶᠢᠨ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠤᠨ ᠠᠵᠦ ᠦᠢᠯᠡᠰ ᠤᠨ ᠬᠦᠷᠢᠶᠡᠯᠡᠩ ᠲᠣᠭᠤᠷᠢᠭ ᠤᠨ ᠳᠣᠳᠣᠷᠡᠬᠢ ᠬᠤᠪᠤᠷ ᠰᠢᠷᠦᠢ ᠶᠢᠨ ᠴᠢᠳᠠᠮᠵᠢᠳᠦ ᠮᠠᠲ᠋ᠧᠷᠢᠶᠡᠯ ︵ᠬᠤᠪᠤᠷ ᠰᠢᠷᠦᠢ ᠶᠢᠨ ᠬᠠᠶᠢᠯᠥᠰᠢ᠂ ᠲᠣᠠᠠᠳᠠᠮᠠᠯ ᠰᠣᠷᠢᠨᠵᠢᠨ ᠪᠡᠶ᠎ᠡ᠂ ᠣᠰᠣᠳᠦ᠋ᠷᠦᠭᠴᠢ ᠬᠠᠳᠠᠭᠠᠯᠠᠬᠤ ᠮᠠᠲ᠋ᠧᠷᠢᠶᠡᠯ᠂ ᠬᠤᠪᠤᠷ ᠰᠢᠷᠦᠢ ᠶᠢᠨ ᠳᠦᠷᠭᠡᠳᠭᠡᠬᠦ ᠮᠠᠲ᠋ᠧᠷᠢᠶᠡᠯ᠂ ᠬᠤᠪᠤᠷ ᠰᠢᠷᠦᠢ ᠶᠢᠨ ᠬᠢᠯᠠᠶᠢᠯᠭᠠᠬᠤ ᠨᠣᠨᠳᠠᠭ᠂ ᠬᠤᠪᠤᠷ ᠰᠢᠷᠦᠢ ᠶᠢᠨ ᠲᠣᠰᠠᠯᠬᠠᠥ ᠡᠳ᠋᠂ ᠬᠤᠪᠤᠷ ᠰᠢᠷᠦᠢ ᠶᠢᠨ ᠬᠠᠯᠠᠭᠠᠬᠤ ᠮᠠᠲ᠋ᠧᠷᠢᠶᠡᠯ᠂ ᠬᠤᠪᠤᠷ ᠰᠢᠷᠦᠢ ᠶᠢᠨ ᠢᠯᠴᠢ ᠬᠠᠳᠠᠭᠠᠯᠠᠬᠤ ᠮᠠᠲ᠋ᠧᠷᠢᠶᠡᠯ᠂ ᠬᠤᠪᠤᠷ ᠰᠢᠷᠦᠢ ᠶᠢᠨ ᠬᠦᠯᠳᠡᠭᠡᠬᠦ ᠮᠠᠲ᠋ᠧᠷᠢᠶᠡᠯ᠂ ᠬᠤᠪᠤᠷ ᠰᠢᠷᠦᠢ ᠶᠢᠨ ᠭᠡᠷᠡᠯᠳᠦᠬᠦᠯᠬᠦ ᠮᠠᠲ᠋ᠧᠷᠢᠶᠡᠯ᠂ ᠬᠤᠪᠤᠷ ᠰᠢᠷᠦᠢ ᠶᠢᠨ ᠪᠤᠳᠤᠭ᠂ ᠬᠤᠪᠤᠷ ᠰᠢᠷᠦᠢ ᠶᠢᠨ ᠢᠯᠴᠢ ᠲᠣᠠᠠᠳᠠᠪᠦᠷᠢᠵᠢᠭᠤᠯᠬᠤ ᠡᠳ᠋ ᠵᠡᠷᠭᠡ ᠦᠢᠯᠡᠳᠬᠦᠨ ᠪᠠ ᠬᠤᠪᠤᠷ ᠰᠢᠷᠦᠢ ᠪᠠᠷ ᠳᠥᠬᠦᠭᠡᠢ ᠮᠠᠲ᠋ᠧᠷᠢᠶᠡᠯ ᠪᠠ ᠲᠣᠰᠠᠯᠠᠬᠤ ᠮᠠᠲ᠋ᠧᠷᠢᠶᠡᠯ ᠪᠤᠯᠭᠠᠠᠠᠰᠠᠨ ᠰᠢᠨ᠎ᠡ ᠦᠢᠯᠡᠳᠬᠦᠨ︶ ᠵᠢᠴᠢ ᠭᠡᠷᠡᠭᠯᠡᠭᠡᠨ ᠤ ᠦᠢᠯᠡᠳᠬᠦᠨ ᠤ ᠦᠢᠯᠡᠳᠪᠦᠷᠢᠯᠡᠯ ᠤᠨ ᠠᠵᠦ ᠠᠬᠤᠶᠢᠯᠠᠯ ᠤᠨ ᠴᠠᠬᠢᠯᠭᠠᠨ ᠭᠡᠷᠡᠭᠯᠡᠯᠳᠡ ᠶᠢ ᠣᠷᠢᠳᠡᠪᠡᠷ ᠠᠷᠡᠯᠵᠢᠶᠡᠯᠡᠬᠤ ᠭᠡᠪᠴᠢᠶ᠎ᠠ ᠳᠤ ᠣᠷᠣᠭᠤᠯᠵᠦ ᠂ ᠰᠠᠯᠬᠢ ᠭᠡᠷᠡᠯ ᠢᠶᠠᠷ ᠴᠠᠬᠢᠯᠭᠠᠨ ᠭᠠᠷᠭᠠᠬᠤ ᠳᠤ ᠣᠷᠣᠯᠴᠠᠪᠠᠯ᠂ ᠦᠨ᠎ᠠ ᠬᠢᠵᠠᠭᠠᠷᠯᠠᠬᠤ ᠦᠭᠡᠢ ᠪᠠᠶᠢᠵᠦ᠂ ᠬᠠᠷᠡᠯᠳᠡᠳᠦ ᠠᠷᠡᠯᠵᠢᠶ᠎ᠠ ᠶᠢᠨ ᠡᠷᠦᠬᠡ ᠳᠤ ᠬᠦᠷᠦᠬᠦᠯᠬᠦ ᠴᠠᠬᠢᠯᠭᠠᠨ ᠤ ᠦᠨ᠎ᠠ ᠶᠢ 0.26 ᠳᠥᠬᠦᠷᠢᠭ / ᠺᠢᠯᠥᠸᠡᠲ ᠴᠠᠭ ᠲᠤ ᠬᠦᠷᠦᠬᠦᠯᠥᠨ᠎ᠠ᠃     ᠵᠢᠷᠭᠤᠭ᠎ᠠ᠂ ᠰᠢᠨ᠎ᠡ ᠶᠢ ᠡᠬᠦᠳᠬᠦ ᠶᠢᠨ ᠳᠡᠮᠵᠢᠯᠬᠡ ᠶᠢᠨ ᠳᠥᠷᠥ ᠶᠢᠨ ᠪᠤᠳᠣᠯᠭ᠎ᠠ      ᠦᠪᠡᠷᠳᠡᠭᠡᠨ ᠵᠠᠰᠠᠬᠤ ᠣᠷᠣᠨ ᠤ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠤᠨ ᠰᠢᠨ᠎ᠡ ᠶᠢ ᠡᠬᠦᠳᠬᠦ ᠲᠥᠪ ᠤᠨ ᠰᠣᠳᠣᠯᠥᠨ ᠨᠡᠭᠡᠭᠡᠭᠰᠡᠨ ᠰᠢᠨ᠎ᠡ ᠮᠡᠷᠭᠡᠵᠢᠯ ᠢ 3 ᠠᠴᠠ ᠲᠡᠭᠡᠭᠰᠢ ᠠᠵᠦ ᠦᠢᠯᠡᠰᠵᠢᠬᠦᠯᠥᠨ ᠭᠡᠷᠡᠭᠯᠡᠭᠰᠡᠨ ᠪᠥᠭᠡᠳ ᠪᠠᠰᠠ ᠰᠢᠨ᠎ᠡ ᠮᠡᠷᠭᠡᠵᠢᠯ ᠢ ᠠᠵᠦ ᠦᠢᠯᠡᠰᠵᠢᠬᠦᠯᠥᠨ ᠭᠡᠷᠡᠭᠯᠡᠭᠡᠳ ᠪᠤᠢ ᠪᠤᠯᠥᠠᠠᠰᠠᠨ ᠶᠡᠷᠦᠩᠭᠡᠢ ᠦᠢᠯᠡᠳᠪᠦᠷᠢᠯᠡᠯ ᠤᠨ ᠦᠷᠲᠡᠭ ᠨᠢ 5000 ᠳᠥᠮᠡᠨ ᠳᠥᠬᠦᠷᠢᠭ ᠢ ᠳᠡᠪᠠᠭᠰᠠᠨ ᠪᠠᠶᠢᠪᠠᠯ᠂ ᠦᠪᠡᠷᠳᠡᠭᠡᠨ ᠵᠠᠰᠠᠬᠤ ᠣᠷᠣᠨ ᠠᠴᠠ ᠦᠷᠬᠦᠯᠵᠢᠯᠡᠨ 3 ᠵᠢᠯ ᠳᠤ ᠵᠢᠯ ᠪᠦᠷᠢ ᠰᠢᠨ᠎ᠠ ᠶᠢ ᠡᠬᠦᠳᠬᠦ ᠲᠥᠪ ᠲᠤ ᠨᠢᠭᠡ ᠣᠲᠠᠭ᠎ᠠ ᠶᠢᠨ ᠴᠢᠨᠡᠷᠳᠡᠢ ᠪᠠᠷ 500 ᠳᠥᠮᠡᠨ ᠳᠥᠬᠦᠷᠢᠭ ︵ᠱᠠᠩᠨᠠᠯ ᠢ ᠳᠡᠪᠳᠡᠡ ᠨᠡᠮᠡᠬᠦ ᠦᠭᠡᠢ︶ ᠢᠶᠠᠷ ᠱᠠᠩᠨᠠᠨ᠎ᠠ᠃ ᠣᠯᠥᠰ ᠤᠨ ᠳᠡᠰ ᠤᠨ ᠬᠤᠪᠤᠷ ᠰᠢᠷᠦᠢ ᠶᠢᠨ ᠰᠢᠨ᠎ᠡ ᠶᠢ ᠡᠬᠦᠳᠬᠦ ᠲᠥᠪ ᠪᠤᠯᠭᠠᠨ ᠡᠬᠦᠳᠣᠨ ᠪᠠᠶᠢᠭᠤᠯᠥᠠᠠᠰᠠᠨ ᠪᠠᠶᠢᠪᠠᠯ᠂ ᠨᠢᠭᠡ ᠣᠲᠠᠭ᠎ᠠ ᠶᠢᠨ ᠴᠢᠨᠡᠷᠳᠡᠢ ᠪᠠᠷ 2000 ᠳᠥᠮᠡᠨ ᠳᠥᠬᠦᠷᠢᠭ ᠢᠶᠠᠷ ᠱᠠᠩᠨᠠᠨ᠎ᠠ᠃ ᠰᠢᠨ᠎ᠡ ᠪᠠᠷ ᠵᠦᠪᠰᠢᠶᠡᠷᠡᠨ ᠪᠠᠶᠢᠭᠤᠯᠥᠠᠠᠰᠠᠨ ᠠᠵᠦ ᠦᠢᠯᠡᠰ ᠤᠨ ᠠᠺᠠᠳᠧᠮᠢᠴᠢ ᠶᠢᠨ ᠠᠵᠢᠯᠯᠠᠬᠤ ᠦᠷᠲᠡᠭᠡ ᠶᠢᠨ ᠠᠵᠦ ᠠᠬᠤᠶᠢᠯᠠᠯ ᠢ ᠨᠢᠭᠡ ᠣᠲᠠᠭ᠎ᠠ ᠶᠢᠨ ᠴᠢᠨᠡᠷᠳᠡᠢ ᠪᠠᠷ 100 ᠳᠥᠮᠡᠨ ᠳᠥᠬᠦᠷᠢᠭ ᠢᠶᠠᠷ ᠱᠠᠩᠨᠠᠨ᠎ᠠ᠃ ᠠᠵᠦ ᠦᠢᠯᠡᠰ ᠪᠤᠶᠤ ᠮᠡᠷᠭᠡᠵᠢᠯ ᠤᠨ ᠬᠤᠭᠤᠰᠣᠨ ᠢ ᠨᠦᠬᠦᠪᠦᠷᠢᠯᠡᠭᠰᠡᠨ᠂ ᠮᠡᠳᠡᠯᠭᠡ ᠶᠢᠨ ᠪᠦᠳᠦᠭᠡᠭᠳᠡᠬᠦᠨ ᠤ ᠡᠵᠡᠨ ᠮᠡᠳᠡᠭᠰᠡᠨ ᠦᠮᠴᠢᠯᠠᠬᠦ ᠡᠷᠬᠡ ᠲᠠᠢ ᠪᠤᠶᠤ ᠮᠡᠷᠭᠡᠵᠢᠯ ᠣᠷᠣᠭᠤᠯᠥᠨ ᠠᠪᠴᠢᠷᠬᠠᠰᠠᠨ ᠪᠦᠭᠡᠳ ᠪᠠᠰᠠ ᠪᠠᠶᠢᠭᠤᠯᠥᠭᠠᠳ ᠠᠰᠢᠠᠠᠯᠠᠯᠳᠡ ᠳᠤ ᠣᠷᠣᠭᠤᠯᠥᠠᠠᠰᠠᠨ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠤᠨ ᠠᠵᠦ ᠦᠢᠯᠡᠰᠵᠢᠬᠦᠯᠥᠭᠰᠡᠨ ᠳᠥᠷᠦᠯ ᠵᠦᠢᠯ ᠳᠤ ᠣᠷᠣᠨ ᠨᠣᠳᠤᠭ ᠤᠨ ᠵᠠᠰᠠᠭ ᠤᠨ ᠣᠷᠳᠣᠨ ᠨᠢ ᠨᠢᠭᠡ ᠣᠲᠠᠭ᠎ᠠ ᠶᠢᠨ ᠴᠢᠨᠡᠷᠳᠡᠢ ᠪᠠᠷ ᠠᠵᠢᠯ ᠳᠥᠷᠦᠯ ᠤᠨ ᠳᠠᠭᠠᠭᠤᠯᠥᠠᠠᠴᠢ ᠪᠤᠶᠤ ᠰᠣᠳᠣᠯᠥᠨ ᠨᠡᠭᠡᠭᠡᠭᠰᠡᠨ ᠪᠦᠯᠬᠦᠮ ᠨᠡᠶᠢᠲᠡ ᠳᠤ 50 ᠳᠥᠮᠡᠨ ᠳᠥᠬᠦᠷᠢᠭ ᠤᠨ ᠱᠠᠩᠨᠠᠯ ᠣᠯᠭᠤᠵᠦ ᠪᠤᠯᠥᠨ᠎ᠠ᠃     ᠲᠤᠯᠤᠭ᠎ᠠ᠂ ᠪᠣᠰᠣᠳ ᠱᠠᠩᠨᠠᠬᠤ ᠳᠥᠷᠥ ᠶᠢᠨ ᠪᠤᠳᠣᠯᠭ᠎ᠠ      ᠲᠣᠠᠠᠳᠠᠮᠠᠯ ᠬᠦᠷᠥᠩᠬᠡ ᠪᠡᠯᠡ ᠣᠷᠣᠭᠤᠯᠥᠯᠳᠡ ᠨᠢ 2000 ᠳᠥᠮᠡᠨ ᠳᠥᠬᠦᠷᠢᠭ ᠠᠴᠠ ᠲᠡᠭᠡᠭᠰᠢ ᠪᠠᠶᠢᠬᠤ ᠪᠦᠭᠡᠳ ᠪᠠᠰᠠ ᠭᠤᠤᠯᠴᠢᠯᠠᠨ ᠡᠵᠡᠩᠨᠡᠵᠦ ᠪᠦᠬᠦᠢ ᠲᠤᠬᠠᠶᠢᠯᠬᠠᠰᠠᠨ ᠠᠵᠢᠯ ᠤᠨ ᠣᠷᠣᠯᠭ᠎ᠠ ᠨᠢ 8000 ᠳᠥᠮᠡᠨ ᠳᠥᠬᠦᠷᠢᠭ ᠠᠴᠠ ᠲᠡᠭᠡᠭᠰᠢ ᠪᠠᠶᠢᠬᠤ ᠬᠤᠪᠤᠷ ᠰᠢᠷᠦᠢ ᠶᠢᠨ ᠰᠢᠨ᠎ᠡ ᠮᠠᠲ᠋ᠧᠷᠢᠶᠡᠯ ᠵᠢᠴᠢ ᠭᠡᠷᠡᠭᠯᠡᠭᠡᠨ ᠤ ᠠᠵᠦ ᠦᠢᠯᠡᠰ ᠤᠨ ᠳᠥᠷᠦᠯ ᠵᠦᠢᠯ ᠳᠤ ᠣᠷᠣᠨ ᠨᠣᠳᠤᠭ ᠤᠨ ᠵᠠᠰᠠᠭ ᠤᠨ ᠣᠷᠳᠣᠨ ᠠᠴᠠ ᠳᠥᠷᠥᠯ ᠵᠦᠢᠯ ᠨᠢ ᠵᠢᠩᠬᠢᠨᠢ ᠪᠠᠷ ᠠᠰᠢᠠᠠᠯᠠᠯᠳᠡ ᠳᠤ ᠣᠷᠣᠠᠠᠰᠠᠨ ᠤ ᠳᠡᠷᠠᠭ᠎ᠠ ᠨᠢᠭᠡ ᠵᠢᠯ ᠳᠤᠨᠢ ᠠᠵᠦ ᠠᠬᠤᠶᠢᠯᠠᠯ ᠳᠤ ᠨᠢᠭᠡ ᠣᠲᠠᠭ᠎ᠠ ᠶᠢᠨ ᠴᠢᠨᠡᠷᠳᠡᠢ ᠪᠠᠷ 300 ᠳᠥᠮᠡᠨ ᠳᠥᠬᠦᠷᠢᠭ ᠤᠨ ᠱᠠᠩᠨᠡᠯ ᠣᠯᠭᠤᠵᠦ ᠪᠤᠯᠥᠨ᠎ᠠ᠃ ᠡᠯ᠎ᠠ ᠬᠤᠯᠪᠤᠠᠠᠳᠡᠯ ᠪᠦᠬᠦᠢ ᠭᠠᠵᠡᠷ ᠣᠷᠣᠨ᠂ ᠰᠠᠯᠠᠭ᠎ᠠ ᠮᠥᠴᠢᠷ ᠪᠤᠯᠥᠨ ᠨᠢᠭᠡᠴᠡ ᠨᠦᠭᠦᠳ ᠬᠤᠪᠤᠷ ᠰᠢᠷᠦᠢ ᠶᠢᠨ ᠠᠵᠦ ᠦᠢᠯᠡᠰ ᠢ ᠬᠦᠭᠵᠢᠬᠦᠯᠬᠦ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠠᠵᠢᠯ ᠤᠨ ᠡᠷᠴᠢᠮ ᠢᠶᠠᠨ ᠴᠢᠩᠭᠠᠷᠡᠭᠤᠯᠥᠨ᠂ ᠢᠵᠢ ᠪᠦᠷᠢᠳᠦᠬᠦᠯᠬᠦ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠳᠡᠬᠦᠯᠳᠡᠷᠵᠢᠬᠦᠯᠵᠦ᠂ ᠳᠥᠷᠥ ᠶᠢᠨ ᠪᠤᠳᠣᠯᠭ᠎ᠠ ᠶᠢᠨ ᠣᠬᠠᠭᠤᠯᠥᠯ ᠪᠠ ᠬᠦᠳᠦᠯᠥᠨ ᠵᠢᠯᠥᠭᠤᠳᠬᠤ ᠶᠢ ᠴᠢᠩᠭᠠᠠᠳᠬᠠᠨ᠂ ᠡᠯ᠎ᠠ ᠵᠦᠢᠯ ᠤᠨ ᠳᠥᠷᠥ ᠶᠢᠨ ᠪᠤᠳᠣᠯᠬ᠎ᠠ ᠶᠢ ᠪᠤᠳᠡᠳᠡᠶᠢᠵᠢᠭᠤᠯᠬᠤ ᠶᠢ ᠦᠨᠡᠨᠬᠦ ᠪᠠᠳᠣᠯᠠᠬᠤ ᠭᠡᠷᠡᠭᠳᠡᠢ᠃ ᠦᠪᠡᠷᠳᠡᠭᠡᠨ ᠵᠠᠰᠠᠬᠤ ᠣᠷᠣᠨ ᠤ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ ᠨᠢ ᠳᠥᠷᠥ ᠶᠢᠨ ᠪᠤᠳᠣᠯᠭ᠎ᠠ ᠶᠢᠨ ᠳᠡᠶᠢᠯᠥᠮᠵᠢ ᠶᠢᠨ ᠠᠵᠢᠯ ᠢ ᠬᠢᠨᠠᠮᠠᠭᠠᠢ ᠰᠠᠶᠢᠳᠣᠷ ᠬᠢᠬᠦ ᠭᠡᠷᠡᠭᠳᠡᠢ᠃                              ︵ᠲᠣᠰ ᠪᠢᠴᠢᠭ ᠮᠠᠲ᠋ᠧᠷᠢᠶᠡᠯ ᠢ ᠢᠯᠡ ᠨᠡᠶᠢᠳᠡᠯᠡᠨ᠎ᠠ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ