ᠯᠢ ᠪᠢᠩ ᠷᠦᠩ ᠦᠪᠡᠷᠳᠡᠬᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠳᠢᠩᠬᠢᠮ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠵᠢᠭᠠᠵᠥ ᠭᠠᠷᠭᠠᠬᠰᠠᠨ ᠨᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠪᠦᠬᠦ ᠳᠠᠯ᠎ᠠ ᠠᠴᠠ ᠭᠠᠷᠳᠠᠵᠥ ᠤᠰᠤᠨ ᠤ ᠠᠮᠢ ᠠᠬᠤᠢ ᠶᠢ ᠰᠡᠷᠭᠦᠭᠡᠬᠦ ᠪᠠ ᠤᠰᠤᠨ ᠤ ᠡᠬᠢ ᠰᠤᠷᠪᠤᠯᠵᠢ ᠶᠢ ᠪᠦᠳᠦᠮᠵᠢᠳᠡᠢ ᠠᠰᠢᠬᠯᠠᠬᠤ ᠶᠢ ᠰᠠᠶᠢᠲᠤᠷ ᠠᠳᠬᠤᠬᠤ ᠬᠡᠷᠡᠭᠳᠡᠢ
ᠨᠡᠶᠢᠲᠡᠯᠡᠭᠰᠡᠨ ᠴᠠᠭ᠄
2018/5/11
     5 ᠳ᠋ᠤᠭᠠᠷ ᠰᠠᠷ᠎ᠠ ᠶᠢᠨ 10 ᠤ ᠦᠳᠡ ᠶᠢᠨ ᠡᠮᠤᠨ᠎ᠡ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠯᠢ ᠪᠢᠩ ᠷᠦᠩ ᠤᠰᠤᠨ ᠠᠰᠢᠬᠯᠠᠯᠳᠠ ᠶᠢᠨ ᠳᠢᠩᠬᠢᠮ ᠳᠤ ᠬᠦᠷᠴᠤ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠤᠷᠤᠨ ᠤ ᠤᠰᠤᠨ ᠤ ᠡᠬᠢ ᠰᠤᠷᠪᠤᠯᠵᠢ᠂ ᠤᠰᠤᠨ ᠤ ᠤᠷᠴᠢᠨ ᠳᠤᠭᠤᠷᠢᠨ᠂ ᠤᠰᠤᠨ ᠤ ᠠᠮᠢ ᠠᠬᠤᠢ ᠶᠢᠨ ᠪᠠᠶᠢᠳᠠᠯ ᠢ ᠭᠦᠨᠵᠡᠭᠡᠢ ᠤᠶᠢᠯᠠᠭᠠᠪᠠ᠃      ᠤᠰᠤᠨ ᠠᠰᠢᠬᠯᠠᠯᠳᠠ ᠶᠢᠨ ᠳᠢᠩᠬᠢᠮ ᠤᠨ ᠬᠢᠭᠰᠡᠨ ᠦᠪᠡᠷᠳᠡᠬᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠠᠵᠢᠯ ᠤᠨ ᠶᠡᠷᠦᠩᠬᠡᠢ ᠪᠠᠶᠢᠳᠠᠯ ᠵᠢᠴᠢ ᠭᠤᠤᠯ ᠮᠦᠷᠡᠨ ᠤ ᠲᠠᠷᠤᠭ᠎ᠠ ᠶᠢᠨ ᠲᠦᠷᠢᠮ᠂ ᠨᠠᠭᠤᠷ ᠴᠦᠬᠦᠷᠡᠮ ᠤᠨ ᠳᠠᠷᠤᠭ᠎ᠠ ᠶᠢᠨ ᠳᠦᠷᠢᠮ ᠵᠡᠷᠬᠡ ᠳᠤᠰᠬᠠᠢ ᠳᠦᠷᠦᠯ ᠤᠨ ᠠᠵᠢᠯ ᠤᠨ ᠮᠡᠳᠡᠬᠦᠯᠦᠯᠳᠡ ᠶᠢ ᠰᠤᠨᠤᠰᠤᠬᠰᠠᠨ ᠤ ᠳᠠᠷᠠᠭ᠎ᠠ᠂ ᠯᠢ ᠪᠢᠩ ᠷᠦᠩ ᠵᠢᠭᠠᠭᠰᠠᠨ ᠨᠢ᠂ ᠰᠢᠨ᠎ᠡ ᠴᠠᠬ ᠦᠶ᠎ᠡ ᠳᠤ ᠤᠷᠤᠯ᠎ᠠ᠂ ᠰᠢ ᠶᠢᠨ ᠫᠢᠩ  ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠡᠯ ᠪᠤᠯᠭᠠᠵᠥ᠂ ᠶᠡᠷᠦᠩᠬᠡᠢ ᠱᠦᠵᠢ ᠰᠢ ᠶᠢᠨ ᠫᠢᠩ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶ᠎ᠠ ᠪᠤᠯᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠳᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠶᠢ ᠪᠠᠶᠢᠭᠤᠯᠬᠤ ᠪᠠ ᠡᠬᠡ ᠤᠯᠤᠰ ᠤᠨ ᠤᠮᠠᠷᠠᠳᠤ ᠬᠢᠯᠢ ᠶᠢᠨ ᠳᠦᠮᠡᠨ ᠭᠠᠵᠠᠷ ᠤᠨ ᠤᠷᠳᠤ ᠨᠤᠭᠤᠭᠠᠨ ᠬᠠᠯᠬᠠᠪᠴᠢ ᠶᠢ ᠴᠤᠬᠴᠠᠯᠠᠬᠤ ᠶᠢᠨ ᠳᠤᠭᠤᠷᠢᠨ ᠳᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠪᠦᠬᠦ ᠳᠠᠯ᠎ᠠ ᠠᠴᠠ ᠭᠠᠷᠳᠠᠵᠥ᠂ ᠤᠰᠤᠨ ᠤ ᠠᠮᠢ ᠠᠬᠤᠢ ᠶᠢ ᠰᠡᠷᠭᠦᠭᠡᠬᠦ ᠪᠠ ᠤᠰᠤᠨ ᠤ ᠡᠬᠢ ᠰᠤᠷᠪᠤᠯᠵᠢ ᠶᠢ ᠠᠷᠪᠢᠯᠠᠵᠥ ᠪᠦᠳᠦᠮᠵᠢᠳᠡᠢ ᠠᠰᠢᠬᠯᠠᠬᠤ ᠶᠢ ᠰᠠᠶᠢᠲᠤᠷ ᠠᠳᠬᠤᠵᠥ᠂ ᠤᠰᠤᠨ ᠠᠰᠢᠬᠯᠠᠯᠳᠠ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠵᠥ᠂ ᠬᠦᠮᠦᠨ ᠤᠰᠤ ᠡᠶ᠎ᠡ ᠵᠤᠬᠢᠴᠠᠩᠭᠤᠢ ᠪᠠᠶᠢᠬᠤ ᠶᠢ ᠠᠬᠢᠭᠤᠯᠵᠥ᠂ ᠦᠵᠡᠰᠬᠦᠯᠡᠩᠳᠤ ᠰᠠᠶᠢᠬᠠᠨ ᠳᠤᠮᠳᠠᠳᠤ ᠤᠯᠤᠰ᠂ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号