ᠮᠠᠨ ᠤ ᠣᠷᠣᠨ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠭᠤᠶᠢᠪᠢᠰᠢ ᠦᠭᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2018/5/11
     ᠦᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 7 ᠰᠢᠮᠳᠠᠭᠤᠯᠤᠨ ᠵᠢᠯᠣᠭᠤᠳᠬᠤ ᠳᠤᠭᠤᠶᠢᠯᠠᠩ ᠵᠤᠬᠢᠶᠠᠨ ᠪᠠᠶᠢᠭᠤᠯᠵᠤ᠂ ᠪᠦᠬᠦ ᠣᠷᠣᠨ ᠤ 12 ᠠᠶᠢᠮᠠᠭ ᠬᠤᠲᠠ ᠳᠤ ᠬᠦᠨᠵᠡᠭᠡᠶᠢᠷᠡᠵᠤ᠂ ᠣᠳᠣᠬᠠᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠤᠷᠤᠰᠢᠵᠤ ᠪᠦᠬᠦᠢ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠠᠶᠢᠭ᠎ᠠ ᠪᠠᠶᠢᠳᠠᠯ ᠳᠤ ᠲᠤᠬᠠᠶ ᠶᠢᠨ ᠭᠠᠵᠠᠷ ᠲᠤᠨᠢ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠡ᠃      ᠤᠶᠢᠯᠠᠭᠠᠭᠰᠠᠨ ᠢᠶᠠᠷ᠂ ᠡᠨᠡ ᠤᠳᠠᠭᠠᠨ ᠤ ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠬᠦ ᠳᠤ᠂ ᠡᠯ᠎ᠡ ᠰᠢᠮᠳᠠᠭᠤᠯᠤᠨ ᠵᠢᠯᠣᠭᠤᠳᠬᠤ ᠳᠤᠭᠤᠶᠢᠯᠠᠩ ᠨᠢ ᠠᠶᠢᠮᠠᠭ ᠬᠤᠳᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ᠂ ᠲᠤᠬᠠᠶ ᠶᠢᠨ ᠲᠠᠯᠠᠪᠠᠢ ᠳᠤ ᠰᠢᠮᠳᠠᠭᠤᠯᠤᠨ ᠵᠢᠯᠤᠭᠤᠳᠬᠤ᠂ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂  ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ︾᠂ ᠠᠭᠤᠷᠬᠠᠶ ᠮᠠᠯᠲᠠᠬᠤ ᠭᠠᠵᠠᠷ ᠤᠨ ᠣᠷᠴᠢᠨ ᠠᠬᠤᠢ ᠶᠢ ᠵᠠᠰᠠᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠵᠤ ᠦᠢᠯᠡᠳᠪᠦᠷᠢ ᠠᠭᠤᠷᠬᠠᠢ ᠠᠵᠤ ᠠᠬᠤᠶᠢᠯᠠᠯ ᠤᠨ ᠤᠬᠤᠷᠢᠨ ᠭᠠᠷᠭᠠᠭᠰᠠᠨ ᠪᠠᠶᠢᠳᠠᠯ᠂ ᠤᠰᠤᠨ ᠤ ᠣᠷᠴᠢᠨ ᠠᠬᠤᠢ ᠶᠢ ᠵᠠᠰᠠᠬᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ 49 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠠᠬᠢᠭᠤᠯᠵᠤ ᠪᠠᠶᠢᠭ᠎ᠠ ᠪᠠᠶᠢᠳᠠᠯ ᠢ ᠤᠯᠠᠮ ᠨᠢᠭᠡ ᠠᠯᠬᠤᠮ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠪᠤᠯᠤᠨ ᠬᠦᠴᠢᠷᠳᠡᠯ ᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠵᠤ᠂ ᠠᠰᠠᠭᠤᠳᠠᠯ ᠢ ᠤᠯᠠᠮ ᠨᠢᠭᠡ ᠠᠯᠬᠤᠮ ᠪᠠᠶᠢᠴᠠᠭᠠᠨ ᠡᠷᠢᠵᠦ᠂ ᠰᠢᠮᠳᠠᠭᠤᠯᠤᠨ ᠵᠢᠯᠤᠭᠤᠳᠴᠤ ᠨᠠᠶᠢᠳᠠᠪᠤᠷᠢᠵᠢᠭᠤᠯᠬᠤ ᠪᠤᠯᠤᠨ᠎ᠠ᠃      ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠳ ᠤᠯᠤᠰ ᠲᠦᠷᠤ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠭᠡᠵᠤ᠂ ᠲᠠᠨᠢᠯᠲᠠ ᠪᠠᠨ ᠬᠦᠨᠵᠡᠭᠡᠶᠢᠷᠡᠭᠦᠯᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠪᠤᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂  ᠣᠷᠴᠢᠨ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠤᠷᠤᠰᠢᠵᠤ ᠪᠦᠬᠦᠢ ᠳᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ︔ ᠡᠨᠡ ᠤᠳᠠᠭᠠᠨ ᠤ ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠬᠦ ᠪᠠᠷ ᠠᠵᠠ ᠲᠣᠬᠢᠶᠠᠯ ᠪᠣᠯᠭᠠᠵᠤ᠂ ᠣᠷᠴᠢᠨ ᠠᠬᠤᠶ ᠶᠢᠨ ᠲᠠᠯᠳᠠ ᠭᠡᠮ ᠪᠣᠯᠤᠨ ᠳᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠨᠠᠷᠢᠨ ᠬᠢᠨᠠᠮᠠᠭᠠᠶ ᠪᠠᠶᠢᠴᠠᠭᠠᠨ ᠡᠷᠢᠵᠦ᠂ ᠭᠤᠣᠯᠳᠠᠯᠭ᠎ᠠ ᠲᠠᠢ ᠠᠰᠠᠭᠤᠳᠠᠯ ᠢ ᠪᠠᠶᠢᠴᠠᠭᠠᠬᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠢᠨᠠᠬᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠶᠢᠴᠠᠭᠠᠬᠤ ᠪᠠᠷ ᠳᠠᠮᠵᠢᠭᠤᠯᠤᠨ᠂ ᠠᠵᠢᠯ ᠢᠶᠠᠨ ᠤᠯᠠᠮ ᠨᠢᠭᠡ ᠠᠯᠬᠤᠮ ᠡᠷᠴᠢᠮᠵᠢᠭᠦᠯᠵᠤ᠂ ᠬᠠᠷᠢᠭᠤᠴᠠᠯᠭ᠎ᠠ ᠪᠠᠨ ᠭᠦᠶᠴᠡᠳᠬᠡᠵᠦ᠂ ᠳᠠᠷᠤᠯᠲᠠ ᠥᠭᠴᠦ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠣᠷᠴᠢᠨ ᠠᠬᠤᠶ ᠶᠢᠨ ᠳᠤᠪᠤᠶᠢᠮ᠎ᠠ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠵᠤ᠂ ᠣᠷᠴᠢᠨ ᠠᠬᠤᠶ ᠶᠢ ᠬᠠᠮᠠᠭᠠᠯᠠᠬᠤ ᠭᠤᠣᠯᠳᠠᠯᠭ᠎ᠠ ᠲᠠᠢ ᠡᠭᠦᠷᠭᠡ ᠶᠢ ᠪᠦᠲᠦᠮᠵᠢᠲᠡᠶ ᠠᠬᠢᠭᠤᠯᠬᠤ ᠬᠡᠷᠡᠭᠲᠠᠢ︔ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠠᠷᠠᠯᠲᠠ ᠶᠢᠨ ᠦᠷ᠎ᠡ ᠪᠦᠲᠦᠭᠡᠯ ᠢ ᠲᠤᠲᠤᠷᠬᠠᠶᠢᠯᠠᠵᠤ᠂ ᠭᠤᠣᠯᠳᠠᠯᠭ᠎ᠠ ᠲᠠᠢ ᠬᠦᠷᠢᠶ᠎ᠡ᠂ ᠣᠷᠣᠨ ᠪᠦᠰᠡ᠂ ᠠᠵᠤ ᠠᠬᠤᠶᠢᠯᠠᠯ᠂ ᠠᠵᠢᠯ ᠲᠦᠷᠦᠯ ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠬᠠᠮᠤᠭ ᠤᠨ ᠡᠷᠴᠢᠮᠲᠠᠢ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠡᠷᠡᠰ ᠣᠪᠣᠷ ᠢᠶᠠᠷ᠂ ᠭᠤᠣᠯᠳᠠᠯᠭ᠎ᠠ ᠲᠠᠢ ᠲᠦᠪᠡᠭᠲᠡᠶ ᠠᠰᠠᠭᠤᠳᠠᠯ ᠢ ᠵᠣᠬᠢᠴᠠᠭᠤᠯᠤᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠶᠢᠭᠤᠯᠬᠤ ᠶᠢᠨ ᠵᠡᠷᠭᠡᠪᠡᠷ ᠰᠠᠶᠢᠵᠢᠷᠠᠭᠤᠯᠵᠤ᠂ ᠲᠦᠯᠬᠢᠯᠴᠡᠬᠦ ᠦᠭᠡᠢ ᠤᠳᠠᠭᠠᠰᠢᠷᠠᠭᠤᠯᠬᠤ ᠦᠭᠡᠢ ᠪᠠᠶᠢᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠶ ᠰᠠᠶᠢᠲᠤᠷ ᠠᠳᠬᠤᠵᠤ᠂ ᠡᠯ᠎ᠡ ᠵᠦᠢᠯ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠠᠰᠠᠭᠤᠳᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠡᠭᠦᠷᠭᠡ ᠶᠢ ᠪᠤᠳᠠᠲᠠᠶᠢᠵᠢᠭᠤᠯᠬᠤ᠂ ᠠᠰᠠᠭᠤᠳᠠᠯ ᠢ ᠰᠢᠢᠳᠪᠦᠷᠢᠯᠡᠬᠦ᠂ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠬᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号