ᠯᠢ ᠵᠢᠶᠠ᠄ ᠨᠡᠶᠢᠬᠡᠮ ᠤᠨ ᠵᠦᠷᠢᠴᠡᠯ ᠵᠢᠭᠤᠷᠠᠭᠠᠨ ᠢ ᠪᠦᠬᠦ ᠬᠦᠴᠦᠨ ᠢᠶᠠᠷ ᠢᠶᠠᠨ ᠠᠷᠢᠯᠭᠠᠵᠤ ᠨᠡᠶᠢᠬᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠦᠨᠡᠨᠬᠦ ᠬᠠᠮᠠᠭᠠᠯᠠᠬᠤ ᠬᠡᠷᠡᠭᠳᠡᠢ
ᠨᠡᠶᠢᠲᠡᠯᠡᠭᠰᠡᠨ ᠴᠠᠭ᠄
2018/5/14
     5 ᠳ᠋ᠤᠭᠠᠷ ᠰᠠᠷ᠎ᠠ ᠶᠢᠨ 11᠎ ᠤ ᠡᠳᠦᠷ᠂ ᠪᠦᠬᠦ ᠤᠷᠤᠨ ᠤ ᠨᠡᠶᠢᠬᠡᠮ ᠤᠨ ᠵᠦᠷᠢᠴᠡᠯ ᠵᠢᠭᠤᠷᠠᠭᠠᠨ ᠢ ᠵᠢᠬᠰᠠᠭᠠᠨ ᠪᠠᠶᠢᠴᠠᠭᠠᠵᠤ ᠠᠷᠢᠯᠭᠠᠬᠤ ᠪᠤᠭᠤᠮᠳᠠ ᠰᠢᠪᠳᠤᠯᠬᠤ ᠪᠠᠶᠢᠷᠢᠯᠠᠭᠤᠯᠤᠯᠳᠠ ᠶᠢᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ᠂ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠶᠠᠩ ᠸᠧᠢ ᠳ᠋ᠦᠩ ᠬᠤᠷᠠᠯ ᠢ ᠡᠷᠬᠢᠯᠡᠭᠰᠡᠨ ᠤ ᠬᠠᠮᠳᠤ ᠪᠤᠳᠠᠳᠠᠢ ᠲᠤᠬᠢᠷᠠᠭᠤᠯᠵᠡᠢ᠃      ᠯᠢ ᠵᠢᠶᠠ ᠵᠢᠭᠠᠵᠤ ᠭᠠᠷᠭᠠᠭᠰᠠᠨ ᠨᠢ᠂ ᠨᠡᠶᠢᠬᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠨᠦᠯᠦᠬᠡᠯᠡᠵᠦ ᠪᠠᠶᠢᠭ᠎ᠠ ᠡᠯ᠎ᠡ ᠲᠦᠷᠦᠯ ᠤᠨ ᠨᠡᠶᠢᠬᠡᠮ ᠤᠨ ᠵᠦᠷᠢᠴᠡᠯ ᠵᠢᠭᠤᠷᠠᠭᠠᠨ ᠢ ᠬᠦᠨᠵᠡᠬᠡᠢ ᠵᠢᠬᠰᠠᠭᠠᠨ ᠪᠠᠶᠢᠴᠠᠭᠠᠵᠤ ᠠᠷᠢᠯᠭᠠᠬᠤ ᠪᠤᠯ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠎ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠬᠡᠯᠡᠭᠴᠢᠳ ᠎ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠤᠷᠢᠬ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠳᠠᠳᠣ ᠠᠵᠢᠯᠯᠠᠭ᠎ᠠ ᠪᠤᠯᠤᠨ᠎ᠠ᠃ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠯᠤᠰ ᠲᠦᠷᠦ ᠶᠢᠨ ᠵᠤᠬᠰᠤᠴᠠ ᠪᠠᠨ ᠴᠢᠨᠠᠬᠰᠢᠳᠠ ᠲᠡᠭᠡᠭᠰᠢᠯᠡᠬᠦᠯᠵᠦ᠂ ︽ᠲᠦᠷᠪᠡᠨ ᠤᠬᠠᠮᠰᠠᠷ︾᠎ ᠢᠶᠠᠨ ᠨᠡᠮᠡᠭᠳᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠲᠦᠮᠡᠨ ᠤ ᠠᠵᠢᠯ ᠎ ᠤᠨ ᠲᠤᠬᠠᠢ ᠴᠢᠬᠤᠯᠠ ᠵᠢᠭᠠᠪᠤᠷᠢ ᠨᠤᠭᠤᠳ ᠤᠨ ᠵᠤᠷᠢᠬ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠪᠠᠬᠢ ᠪᠣᠢ ᠪᠣᠯᠭᠠᠵᠣ᠂ ᠠᠵᠢᠯ ᠎ ᠤᠨ ᠬᠠᠷᠢᠭᠤᠴᠠᠯᠭ᠎ᠠ ᠪᠠᠨ ᠪᠠᠷᠢᠮᠳᠠᠯᠠᠨ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠬᠡᠵᠦ᠂ ᠪᠦᠬᠦ ᠤᠷᠤᠨ ᠤ ᠨᠡᠶᠢᠬᠡᠮ ᠤᠨ ᠵᠦᠷᠢᠴᠡᠯ ᠵᠢᠭᠤᠷᠠᠭᠠᠨ ᠢ ᠵᠢᠬᠰᠠᠭᠠᠨ ᠪᠠᠶᠢᠴᠠᠭᠠᠵᠤ ᠠᠷᠢᠯᠭᠠᠬᠤ ᠲᠤᠰᠬᠠᠢ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠬᠦ ᠶᠢ ᠵᠢᠯ ᠲᠤᠵᠢ ᠲᠤᠤᠱᠯᠠᠭᠤᠯᠬᠤ ᠨᠢᠬᠡ ᠵᠦᠢᠯ ᠤᠨ ᠪᠦᠬᠦ ᠲᠠᠯ᠎ᠠ ᠶᠢᠨ ᠴᠢᠨᠠᠷᠳᠠᠢ ᠭᠤᠤᠯᠳᠠᠯᠭ᠎ᠠ ᠲᠠᠢ ᠠᠵᠢᠯ ᠪᠤᠯᠭᠠᠨ ᠴᠢᠩᠭ᠎ᠠ ᠠᠳᠬᠤᠵᠣ ᠰᠠᠶᠢᠳᠤᠷ ᠠᠳᠬᠤᠬᠤ ᠬᠡᠷᠡᠭᠳᠡᠢ᠃ ᠤᠳᠤᠷᠢᠳᠬᠤ ᠺᠠᠳ᠋ᠷᠴᠣᠳ ᠶᠡᠬᠡᠪᠡᠷ ᠵᠠᠬᠢᠳᠠᠯ ᠰᠤᠷᠪᠤᠯᠵᠢᠯᠠᠯ ᠢ ᠬᠦᠯᠢᠶᠡᠬᠦ᠂ ᠶᠡᠬᠡᠪᠡᠷ ᠦᠨᠳᠦᠰᠦᠨ ᠱᠠᠳᠣᠨ ᠳᠤ ᠪᠠᠭᠤᠵᠣ ᠣᠶᠢᠯᠠᠭᠠᠬᠤ ᠵᠡᠷᠬᠡ ᠠᠷᠭ᠎ᠠ ᠬᠡᠯᠪᠡᠷᠢ ᠪᠠᠷ ᠲᠠᠮᠵᠢᠭᠤᠯᠤᠨ᠂ ᠤᠯᠠᠨ ᠲᠦᠮᠡᠨ ᠳᠤ ᠬᠦᠨ ᠵᠤᠵᠠᠭᠠᠨ ᠰᠡᠳᠬᠢᠯᠬᠡ ᠶᠢ ᠡᠪᠦᠷᠯᠡᠨ ᠠᠵᠢᠯ ᠢᠶᠠᠨ ᠰᠠᠶᠢᠳᠤᠷ ᠬᠢᠵᠦ᠂ ᠨᠡᠶᠢᠬᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠨᠦᠯᠦᠬᠡᠯᠡᠵᠦ ᠪᠠᠶᠢᠭ᠎ᠠ ᠡᠯ᠎ᠡ ᠲᠦᠷᠦᠯ ᠤᠨ ᠵᠦᠷᠢᠴᠡᠯ ᠵᠢᠭᠤᠷᠠᠭᠠᠨ ᠢ ᠲᠤᠤᠷ ᠲᠠᠳᠠᠬᠤ ᠬᠡᠯᠪᠡᠷᠢ ᠪᠠᠷ ᠵᠢᠬᠰᠠᠭᠠᠨ ᠪᠠᠶᠢᠴᠠᠭᠠᠵᠤ᠂ ᠥᠴᠥᠬᠡᠨ ᠴᠦ ᠥᠨᠴᠥᠭ ᠪᠣᠯᠣᠩ ᠦᠯᠡᠳᠡᠬᠡᠬᠦ ᠦᠬᠡᠢ ᠮᠦᠷᠳᠡᠭᠡᠨ ᠨᠢᠭᠡᠳ ᠨᠢᠭᠡ ᠪᠠᠷ ᠨᠢ ᠠᠵᠢᠯ ᠤᠨ ᠨᠠᠷᠢᠨ ᠲᠠᠩᠰᠠ ᠪᠠᠶᠢᠭᠤᠯᠤᠨ᠂ ᠨᠠᠷᠢᠨ ᠲᠠᠩᠰᠠ ᠶᠢᠨ ᠬᠡᠯᠪᠡᠷᠢ ᠶᠢᠨ ᠬᠦᠳᠡᠯᠦᠩᠭᠦᠢ ᠬᠠᠮᠢᠶᠠᠷᠤᠯᠳᠠ ᠶᠢ ᠬᠡᠷᠡᠭᠵᠢᠭᠦᠯᠬᠦ ᠬᠡᠷᠡᠭᠳᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠤ᠂ ᠣᠨᠣᠪᠴᠢᠲᠠᠢ ᠠᠷᠭ᠎ᠠ ᠬᠡᠮᠵᠢᠶ᠎ᠡ ᠠᠪᠬᠤ ᠶᠢ ᠪᠠᠷᠢᠮᠳᠠᠯᠠᠨ᠂ ᠨᠡᠶᠢᠬᠡᠮ ᠤᠨ ᠵᠦᠷᠢᠴᠡᠯ ᠵᠢᠭᠤᠷᠠᠭᠠᠨ ᠢ ᠠᠷᠢᠯᠭᠠᠬᠤ ᠠᠵᠢᠯ ᠎ ᠢ ᠳᠡᠰ ᠬᠤᠪᠢᠶᠠᠨ ᠱᠠᠲᠤᠴᠢᠯᠠᠨ ᠠᠬᠢᠭᠤᠯᠵᠣ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ︽ᠤᠴᠢᠷ ᠶᠠᠪᠤᠳᠠᠯ ᠎ ᠢ ᠰᠢᠢᠳᠪᠦᠷᠢᠯᠡᠬᠦ︾᠎ ᠶᠢ ᠠᠬᠢᠭᠤᠯᠵᠣ᠂ ᠵᠠᠬᠢᠳᠠᠯ ᠰᠤᠷᠪᠤᠯᠵᠢᠯᠠᠯ ᠤᠨ ᠲᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠦᠨᠳᠦᠰᠦᠨ ᠱᠠᠳᠤᠨ ᠳᠤ ᠰᠢᠢᠳᠪᠦᠷᠢᠯᠡᠵᠦ᠂ ᠵᠦᠷᠢᠴᠡᠯ ᠵᠢᠭᠤᠷᠠᠭᠠᠨ ᠢ ᠨᠠᠬᠢᠶᠠᠯᠠᠵᠣ ᠪᠠᠶᠢᠭ᠎ᠠ ᠦᠶ᠎ᠡ ᠪᠠ ᠡᠬᠢᠯᠡᠯᠳᠡ ᠶᠢᠨ ᠱᠠᠳᠤᠨ ᠳᠤᠨᠢ ᠠᠷᠢᠯᠭᠠᠵᠤ᠂ ᠤᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠵᠤ᠂ ᠮᠠᠨ ᠤ ᠤᠷᠤᠨ ᠤ ᠨᠡᠶᠢᠬᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠦᠨᠡᠨᠬᠦ ᠪᠠᠳᠤᠯᠠᠬᠤ ᠬᠡᠷᠡᠭᠳᠡᠢ ᠬᠡᠵᠠᠢ᠃      ᠯᠢ ᠵᠢᠶᠠ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠶᠢᠨ ︽ᠨᠢᠬᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠎ ᠲᠠᠢ ᠪᠠᠶᠢᠬᠤ︾ ᠬᠡᠷᠡᠭ ᠢ ᠲᠠᠭᠠᠭᠠᠴᠢᠯᠠᠬᠤ ᠠᠵᠢᠯ ᠢ ᠶᠡᠬᠡᠪᠡᠷ ᠠᠬᠢᠭᠤᠯᠵᠣ᠂ ᠪᠦᠬᠦ ᠤᠷᠤᠨ ᠤ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠮᠳᠠᠭᠤᠯᠤᠨ ᠵᠢᠯᠤᠭᠤᠳᠴᠤ ᠠᠷᠢᠯᠭᠠᠵᠤ᠂ ᠲᠦᠪᠯᠡᠷᠡᠬᠦᠯᠦᠨ ᠪᠤᠭᠤᠮᠳᠠ ᠰᠢᠪᠳᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠪᠦᠬᠦᠯᠢ ᠴᠤᠬᠴᠠ ᠶᠢᠨ ᠲᠦᠪᠰᠢᠨ ᠢ ᠲᠡᠭᠡᠭᠰᠢᠯᠡᠬᠦᠯᠬᠦ ᠬᠡᠷᠡᠭᠳᠡᠢ᠃ ᠰᠢᠨ᠎ᠠ ᠴᠠᠬ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾᠎ ᠶᠢ ᠬᠢᠨᠠᠮᠠᠭᠠᠢ ᠰᠤᠷᠤᠯᠴᠠᠨ ᠳᠣᠯᠢᠯᠠᠨ ᠠᠰᠢᠭᠯᠠᠵᠣ᠂ ᠵᠦᠷᠢᠴᠡᠯ ᠵᠢᠭᠤᠷᠠᠭᠠᠨ ᠢ ᠵᠢᠬᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠪᠠᠶᠢᠩᠭᠤᠵᠢᠭᠤᠯᠬᠤ ᠳᠦᠷᠢᠮᠵᠢᠭᠦᠯᠬᠦ ᠶᠢ ᠠᠬᠢᠭᠤᠯᠵᠣ᠂ ᠡᠩ ᠤᠨ ᠴᠠᠬ ᠲᠤ ᠬᠦᠴᠦ ᠤᠷᠤᠭᠤᠯᠵᠤ᠂ ᠡᠳᠦᠷ ᠲᠤᠳᠤᠮ ᠤᠨ ᠶᠠᠪᠤᠳᠠᠯ ᠳᠤ ᠬᠦᠴᠦ ᠤᠷᠤᠭᠤᠯᠵᠤ᠂ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢ ᠴᠢᠨᠠᠬᠰᠢᠳᠠ ᠰᠢᠯᠤᠭᠤᠳᠬᠠᠨ᠂ ᠤᠯᠠᠨ ᠲᠦᠮᠡᠨ ᠎ ᠤ ᠵᠠᠬᠢᠳᠠᠯ ᠰᠤᠷᠪᠤᠯᠵᠢᠯᠠᠯ ᠤᠨ ᠱᠠᠭᠠᠷᠳᠠᠯᠭ᠎ᠠ ᠶᠢ ᠴᠠᠬ ᠲᠤᠬᠠᠢ ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠨ᠂ ᠵᠢᠵᠢᠭ ᠤᠴᠢᠷ ᠢ ᠭᠠᠴᠠᠭ᠎ᠠ ᠲᠤᠰᠬᠤᠨ ᠳᠠᠭᠠᠨ ᠰᠢᠢᠳᠪᠦᠷᠢᠯᠡᠬᠦ᠂ ᠲᠤᠮᠤ ᠤᠴᠢᠷ ᠢ ᠰᠤᠮᠤ ᠰᠢᠶᠠᠩ ᠪᠠᠯᠭᠠᠰᠤ ᠳᠠᠭᠠᠨ ᠰᠢᠢᠳᠪᠦᠷᠢᠯᠡᠬᠦ᠂ ᠬᠦᠴᠢᠷ ᠤᠴᠢᠷ ᠢ ᠬᠤᠰᠢᠭᠤ ᠰᠢᠶᠠᠨ ︵ᠬᠤᠳᠠ᠂ ᠲᠤᠭᠤᠷᠢᠬ︶᠎ ᠳᠠᠭᠠᠨ ᠰᠢᠢᠳᠪᠦᠷᠢᠯᠡᠬᠦ ᠪᠠᠶᠢᠬᠤ ᠶᠢ ᠦᠨᠡᠨᠬᠦ ᠪᠠᠳᠤᠯᠠᠬᠤ ᠬᠡᠷᠡᠭᠳᠡᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号