ᠣᠶᠢᠷ᠎ᠠ ᠶᠢᠨ ᠵᠢᠯ ᠳᠤ᠂ ᠣᠷᠳᠣᠰ ᠬᠤᠲᠠ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ | ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠢ ᠤᠯᠠᠮ ᠨᠢᠭᠡ ᠠᠯᠬᠤᠮ ᠰᠠᠶᠢᠲᠤᠷ ᠪᠠᠶᠢᠭᠤᠯᠤᠨ ᠬᠠᠮᠢᠶᠠᠷᠴᠤ᠂ ᠰᠠᠶᠢᠲᠤᠷ ᠬᠠᠮᠠᠭᠠᠯᠠᠨ ᠡᠵᠡᠩᠨᠡᠵᠤ᠂ | ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠮ ᠬᠠᠷᠢᠯᠴᠠᠭᠠᠨ ᠤ ᠠᠰᠠᠭᠤᠳᠠᠯ ᠢ | ᠠᠯᠬᠤᠮ ᠠᠯᠬᠤᠮ ᠢᠶᠠᠷ ᠰᠢᠢᠳᠪᠦᠷᠢᠯᠡᠨ᠂ ᠥᠷᠭᠡᠨ ᠣᠯᠠᠨ ᠮᠠᠯᠴᠢᠨ ᠲᠠᠷᠢᠶᠠᠴᠢᠳ ᠤ ᠶᠠᠳᠠᠭᠤ ᠠᠴᠠ ᠠᠩᠭᠢᠵᠢᠷᠠᠨ | ᠴᠢᠨᠡᠭᠡᠯᠡᠭᠵᠢᠬᠦ ᠳᠤ ᠨᠡᠩ ᠰᠠᠶᠢᠨ ᠪᠠᠲᠤᠯᠭ᠎ᠠ ᠶᠢ ᠬᠠᠩᠭᠠᠪᠠ᠃ | ᠠᠵᠢᠯ ᠤᠨ ᠳᠤᠮᠳᠠ᠂ ᠣᠷᠳᠣᠰ ᠬᠤᠲᠠ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ | ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠭᠦᠴᠦᠯᠡᠵᠤ᠂ ᠵᠠᠮ ᠲᠣᠣᠷ ᠤᠨ ᠪᠦᠲᠦᠴᠡ ᠶᠢ ᠰᠢᠯᠢᠳᠡᠭᠵᠢᠬᠦᠯᠬᠦ᠂ | ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠠᠷᠠᠴᠢᠯᠠᠨ ᠬᠠᠮᠠᠭᠠᠯᠠᠬᠤ ᠬᠢᠷᠢ ᠲᠦᠪᠰᠢᠨ ᠢ | ᠲᠡᠭᠡᠭᠰᠢᠯᠡᠭᠦᠯᠬᠦ᠂ ᠵᠠᠮ ᠤᠨ ᠬᠦᠷᠦᠩᠭᠡ ᠵᠠᠮ ᠤᠨ ᠡᠷᠬᠡ ᠶᠢ ᠬᠠᠮᠠᠭᠠᠯᠠᠬᠤ᠂ ᠲᠡᠭᠡᠭᠡᠪᠦᠷᠢᠯᠡᠬᠦ ᠴᠢᠳᠠᠪᠤᠷᠢ ᠶᠢ ᠭᠦᠴᠦᠯᠡᠨ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠮᠠᠨᠳᠤᠯ ᠭᠦᠭᠵᠢᠯ᠂ ᠲᠠᠷᠢᠶᠠᠯᠠᠩ ᠬᠥᠳᠡᠭᠡ ᠲᠣᠰᠬᠤᠨ ᠤ | ᠤᠳᠤᠬᠢᠴᠢᠯᠠᠯᠲᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠡᠭᠦᠳᠤᠨ ᠪᠠᠶᠢᠭᠤᠯᠬᠤ ᠪᠠ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠤᠨ ᠱᠠᠭᠠᠷᠳᠠᠯᠭ᠎ᠠ ᠯᠤᠭ᠎ᠠ ᠲᠣᠬᠢᠷᠠᠯᠴᠠᠭᠰᠠᠨ᠂ ᠮᠠᠯᠵᠢᠬᠤ ᠲᠠᠷᠢᠶᠠᠯᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠪᠠ᠃ | ᠣᠶᠢᠯᠠᠭᠠᠭᠰᠠᠨ ᠢᠶᠠᠷ᠂ 2017 ᠣᠨ ᠤ ᠵᠢᠯ ᠤᠨ ᠰᠡᠭᠦᠯᠴᠢ ᠪᠣᠯᠲᠠᠯ᠎ᠠ᠂ ᠲᠤᠰ ᠬᠤᠳᠠ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ 52.2 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠲᠡᠷᠭᠡ | ᠨᠡᠪᠲᠡᠷᠡᠭᠰᠡᠨ ᠵᠠᠮ ᠤᠨ ᠵᠠᠢ 19000 ᠺᠢᠯᠣᠮᠧᠲᠷ ᠲᠤ ᠭᠦᠷᠴᠦ᠂ ᠪᠥᠬᠦ ᠬᠤᠲᠠ ᠶᠢᠨ 49 ᠭᠠᠴᠠᠭ᠎ᠠ ᠰᠤᠮᠤ | ᠪᠠᠯᠭᠠᠰᠤ ᠳᠤ ᠭᠤᠷᠪᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠵᠦ᠂ 735 ᠭᠠᠴᠠᠭ᠎ᠠ ᠲᠣᠰᠬᠤᠨ | ᠪᠣᠯᠭᠠᠨ ᠳᠤ ᠱᠦᠢᠨᠢ ᠵᠠᠮ ᠨᠡᠪᠲᠡᠷᠡᠬᠦ ᠶᠢ ᠪᠡᠶᠡᠯᠡᠭᠦᠯᠪᠡ᠃ |