ᠨᠢᠭᠡᠳᠦᠭᠡᠷ ᠤᠯᠠᠷᠢᠯ ᠳᠤ ᠪᠦᠬᠦ ᠣᠷᠣᠨ ᠤ ᠪᠦᠭᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶᠡᠨ ᠤ ᠨᠡᠮᠡᠭᠳᠡᠯ ᠤᠨ ᠬᠤᠷᠳᠤᠴᠠ ᠪᠦᠬᠦ ᠤᠯᠤᠰ ᠤᠨ ᠳᠤᠮᠳᠠᠴᠢ ᠬᠤᠷᠳᠤᠴᠠ ᠠᠴᠠ ᠥᠨᠳᠥᠷ ᠪᠣᠯᠪᠠ
ᠨᠡᠶᠢᠲᠡᠯᠡᠭᠰᠡᠨ ᠴᠠᠭ᠄
2018-05-15
     ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠪᠦᠭᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 789.5 ᠳ᠋ᠥᠩᠰᠢᠭᠤᠷ ᠺᠢᠯᠣᠸᠠᠲ ᠴᠠᠭ ᠪᠣᠯᠵᠤ᠂ ᠪᠦᠬᠦ ᠤᠯᠤᠰ ᠲᠤ ᠳᠣᠯᠣᠳᠤᠭᠠᠷ ᠲᠤ ᠵᠢᠭᠰᠠᠭᠠᠭᠳᠠᠨ᠂ ᠠᠳᠠᠯᠢ ᠬᠤᠭᠤᠴᠠᠭᠠᠨ ᠤ ᠬᠢ ᠠᠴᠠ 16.8%᠎ ᠪᠠᠷ ᠨᠡᠮᠡᠭᠳᠡᠵᠦ᠂ ᠪᠦᠬᠦ ᠤᠯᠤᠰ ᠤᠨ ᠳᠤᠮᠳᠠᠴᠢ ᠬᠤᠷᠳᠤᠴᠠ ᠠᠴᠠ 7 ᠵᠠᠭᠤᠨ ᠤ ᠴᠡᠭ ᠦᠨᠳᠦᠷ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.8 ᠵᠠᠭᠤᠨ ᠤ ᠴᠡᠭ ᠦᠨᠳᠦᠷ ᠪᠣᠯᠪᠠ᠃ ᠴᠠᠬᠢᠯᠭᠠᠨ ᠬᠡᠷᠡᠭᠯᠡᠭᠰᠡᠨ ᠪᠦᠲᠦᠴᠡ ᠶᠢᠨ ᠲᠠᠯ᠎ᠠ ᠠᠴᠠ ᠠᠪᠴᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 3.8 ᠳ᠋ᠦᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 26.8%᠎ ᠪᠠᠷ ᠨᠡᠮᠡᠭᠳᠡᠵᠦ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶᠡᠨ ᠤ 0.5%᠎ ᠶᠢ ᠡᠵᠡᠯᠡᠵᠡᠢ︔ ᠬᠤᠶᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 690.9 ᠳ᠋ᠦᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 15.6%᠎ ᠪᠠᠷ ᠨᠡᠮᠡᠭᠳᠡᠵᠦ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶᠡᠨ ᠤ 87.5%᠎ ᠶᠢ ᠡᠵᠡᠯᠡᠵᠡᠢ︔ ᠭᠤᠷᠪᠠᠳᠤᠭᠠᠷ ᠠᠵᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 54.1 ᠳ᠋ᠦᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 36.9%᠎ ᠪᠠᠷ ᠨᠡᠮᠡᠭᠳᠡᠵᠦ᠂ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶᠡᠨ ᠤ 6.9%᠎ ᠶᠢ ᠡᠵᠡᠯᠡᠵᠡᠢ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 40.7 ᠳ᠋ᠦᠩᠰᠢᠭᠤᠷ ᠺᠢᠯᠣᠸᠠᠲ ᠴᠠᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 13.3%᠎ ᠪᠠᠷ ᠨᠡᠮᠡᠭᠳᠡᠵᠦ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶᠡᠨ ᠤ 5.1%᠎ ᠶᠢ ᠡᠵᠡᠯᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号