5 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ᠂ ᠮᠠᠨ ᠤ ᠣᠷᠣᠨ ᠤ ᠨᠤᠲᠤᠭ ᠪᠡᠯᠴᠢᠭᠡᠷ ᠤᠨ | ᠬᠤᠯᠤᠭᠠᠨ᠎ᠠ ᠶᠢᠨ ᠬᠥᠨᠦᠭᠡᠯ ᠢ ᠰᠡᠷᠭᠡᠶᠢᠯᠡᠨ ᠵᠠᠰᠠᠬᠤ ᠠᠵᠢᠯ ᠳᠤ ᠬᠥᠳᠡᠯᠮᠦᠷᠢ ᠬᠦᠴᠦ ᠨᠡᠶᠢᠲᠡ 39866 ᠬᠥᠮᠦᠨ | ᠤᠳᠠᠭ᠎ᠠ ᠂ ᠮᠡᠷᠭᠡᠵᠢᠯᠲᠡᠨ 3752 ᠬᠥᠮᠦᠨ ᠤᠳᠠᠭ᠎ᠠ ᠶᠢ ᠬᠥᠳᠡᠯᠭᠡᠵᠦ᠂ 1564.2 ᠲᠦᠮᠡᠨ ᠮᠦ ᠰᠡᠷᠭᠡᠶᠢᠯᠡᠨ | ᠵᠠᠰᠠᠵᠤ᠂ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠥᠷᠭᠡᠳᠬᠦ ᠶᠢ ᠪᠦᠲᠦᠮᠵᠢᠲᠡᠶ ᠪᠠᠷ ᠬᠤᠷᠢᠭᠯᠠᠭᠰᠠᠨ | ᠪᠠᠶᠢᠨ᠎ᠠ᠃ 3 ᠳ᠋ᠤᠭᠠᠷ ᠰᠠᠷ᠎ᠠ ᠠᠴᠠ ᠨᠠᠰᠢ᠂ ᠮᠠᠨ ᠤ ᠣᠷᠣᠨ ᠤ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠦᠭᠡᠯ | ᠣᠯᠠᠰᠢᠷᠠᠵᠤ᠂ ᠮᠠᠰᠢ ᠶᠡᠭᠡ ᠬᠥᠨᠥᠭᠡᠯ ᠤᠴᠠᠷᠠᠭᠤᠯᠪᠠ᠃ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ | ᠬᠤᠰᠢᠭᠤ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠢᠯᠢᠩᠬᠤᠲᠠ ᠵᠡᠷᠭᠡ ᠭᠠᠵᠠᠷ ᠲᠤ ᠦᠯᠢᠢ ᠶᠢᠨ | ᠴᠠᠭᠠᠨ ᠥᠷᠭᠦᠨᠵᠢ ᠶᠢᠨ ᠬᠥᠨᠦᠭᠡᠯ ᠬᠦᠨᠳᠦ ᠨᠣᠴᠢᠲᠠᠶ ᠭᠠᠷᠴᠤ᠂ ᠬᠦᠨᠦᠭᠡᠭᠳᠡᠭᠰᠡᠨ ᠭᠠᠵᠠᠷ ᠲᠤ ᠥᠷᠭᠦᠨᠵᠢ ᠶᠢᠨ | ᠨᠦᠬᠡ ᠬᠦᠨᠳᠡᠯᠡᠨ ᠭᠤᠯᠳᠤ ᠰᠦᠯᠵᠢᠯᠳᠦᠨ᠂ ᠰᠢᠷᠤᠢ ᠶᠢᠨ ᠣᠪᠣᠭ᠎ᠠ ᠦᠷᠭᠦᠯᠵᠢᠯᠡᠵᠡᠢ᠃ ᠡᠭᠦᠨ ᠠᠴᠠ ᠭᠠᠳᠠᠨ᠎ᠠ᠂ | ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠤ ᠬᠤᠳᠠ᠂ ᠤᠯᠠᠭᠠᠨᠬᠠᠳᠠ ᠬᠤᠳᠠ ᠳᠤ ᠰᠣᠬᠤᠷ ᠨᠣᠮᠣᠨ | ᠤ ᠬᠥᠨᠦᠭᠡᠯ ᠡᠭᠦᠰᠴᠦ᠂ ᠠᠯᠠᠱᠠ ᠠᠶᠢᠮᠠᠭ ᠤᠨ ᠬᠡᠰᠡᠭ ᠭᠠᠵᠠᠷ ᠲᠤ ᠮᠤᠷᠢᠠ ᠴᠢᠴᠢᠭᠦᠯ ᠤᠨ ᠬᠥᠨᠦᠭᠡᠯ ᠡᠭᠦᠰᠴᠦ᠂ | ᠣᠷᠳᠣᠰ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ ᠳᠤ ᠰᠢᠷ᠎ᠠ ᠴᠢᠴᠢᠭᠦᠯ ᠤᠨ ᠬᠥᠨᠦᠭᠡᠯ ᠨᠡᠩ | ᠬᠦᠨᠳᠦ ᠨᠣᠴᠢᠲᠠᠢ ᠪᠣᠯᠤᠭᠰᠠᠨ ᠪᠠᠶᠢᠨ᠎ᠠ᠃ 5 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ᠂ ᠪᠥᠬᠦ ᠣᠷᠣᠨ ᠳᠤ | 5870.9 ᠲᠦᠮᠡᠨ ᠮᠥ ᠨᠤᠲᠤᠭ ᠪᠡᠯᠴᠢᠭᠡᠷ ᠬᠤᠯᠤᠭᠠᠨ᠎ᠠ ᠶᠢᠨ ᠬᠥᠨᠦᠭᠡᠯ ᠳᠤ ᠠᠪᠲᠠᠵᠤ᠂ ᠮᠠᠯᠴᠢᠨ ᠲᠠᠷᠢᠶᠠᠴᠢᠳ | ᠤᠨ ᠦᠢᠯᠡᠳᠪᠦᠷᠢᠯᠡᠯ ᠠᠮᠢᠳᠤᠷᠠᠯ ᠪᠠ ᠮᠠᠯ ᠠᠵᠤ ᠠᠬᠤᠶ ᠶᠢᠨ ᠦᠷᠭᠦᠯᠵᠢᠳᠡ ᠶᠢᠨ ᠬᠥᠭᠵᠢᠯᠲᠡ ᠳᠤ ᠵᠣᠬᠢᠬᠤ | ᠬᠡᠮᠵᠢᠶᠡᠨ ᠤ ᠨᠥᠯᠥᠭᠡ ᠤᠴᠠᠷᠠᠭᠤᠯᠵᠠᠢ᠃ | ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠦᠭᠡᠯ ᠴᠢᠨᠠᠭᠰᠢᠳᠠ ᠥᠷᠭᠡᠵᠢᠬᠦ ᠶᠢ ᠪᠦᠲᠦᠮᠵᠢᠲᠡᠶ | ᠰᠡᠷᠭᠡᠶᠢᠯᠡᠵᠤ᠂ ᠲᠠᠯ᠎ᠠ ᠨᠤᠲᠤᠭ ᠤᠨ ᠬᠤᠯᠤᠭᠠᠨ᠎ᠠ ᠶᠢᠨ ᠬᠥᠨᠦᠭᠡᠯ ᠢ ᠰᠡᠷᠭᠡᠶᠢᠯᠡᠨ ᠵᠠᠰᠠᠬᠤ ᠠᠵᠢᠯ ᠢ ᠴᠠᠭ ᠲᠤᠨᠢ | ᠲᠣᠬᠢᠷᠠᠭᠤᠯᠤᠨ ᠡᠮᠬᠢ ᠴᠡᠭᠴᠡ ᠲᠠᠢ ᠶᠠᠪᠤᠭᠳᠠᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ 2018 ᠣᠨ | ᠳᠤ ᠲᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠦᠭᠡᠯ ᠢ | ᠰᠡᠷᠭᠡᠶᠢᠯᠡᠨ ᠵᠠᠰᠠᠬᠤ 1200 ᠲᠦᠮᠡᠨ ᠲᠥᠭᠦᠷᠢᠭ ᠤᠨ ᠨᠥᠬᠦᠪᠥᠷᠢ ᠪᠡᠯᠡ ᠮᠥᠩᠭᠦ ᠶᠢ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠨᠢᠭᠡᠨᠲᠡ ᠡᠯ᠎ᠡ ᠠᠶᠢᠮᠠᠭ ᠬᠤᠲᠠ ᠳᠤ ᠤᠷᠢᠳᠴᠢᠯᠠᠨ ᠪᠠᠭᠤᠯᠭᠠᠵᠠᠢ᠃ | 3 ᠳ᠋ᠤᠭᠠᠷ ᠰᠠᠷ᠎ᠠ ᠶᠢᠨ ᠬᠤᠷᠢᠳ ᠢᠶᠠᠷ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠦᠷᠲᠡᠭᠡ | ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠦᠭᠡᠯ ᠤᠨ ᠬᠠᠨᠳᠤᠰᠢ ᠶᠢ ᠵᠠᠳᠠᠯᠤᠨ ᠰᠢᠨᠵᠢᠯᠡᠬᠦ ᠶᠠᠷᠢᠯᠴᠠᠬᠤ | ᠬᠤᠷᠠᠯ ᠬᠢᠵᠤ᠂ 2018 ᠣᠨ ᠳᠤ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠡᠭᠦᠰᠴᠦ | ᠥᠷᠭᠡᠳᠬᠦ ᠬᠥᠳᠡᠯᠦᠩᠭᠦᠶ ᠪᠠᠶᠢᠳᠠᠯ ᠢ ᠪᠦᠬᠦ ᠲᠠᠯ᠎ᠠ ᠪᠠᠷ ᠵᠠᠳᠠᠯᠵᠤ᠂ ᠨᠤᠲᠤᠭ ᠪᠡᠯᠴᠢᠭᠡᠷ ᠤᠨ ᠬᠤᠯᠤᠭᠠᠨ᠎ᠠ | ᠬᠤᠷᠣᠬᠠᠶ ᠶᠢᠨ ᠬᠥᠨᠦᠭᠡᠯ ᠢ ᠰᠡᠷᠭᠡᠶᠢᠯᠡᠨ ᠵᠠᠰᠠᠬᠤ ᠠᠵᠢᠯ ᠳᠤ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠥᠪᠡᠷᠲᠡᠭᠡᠨ | ᠵᠠᠰᠠᠬᠤ ᠣᠷᠣᠨ ᠤ ᠨᠤᠲᠤᠭ ᠪᠡᠯᠴᠢᠭᠡᠷ ᠤᠨ ᠠᠵᠢᠯ ᠤᠨ ᠦᠷᠳᠡᠭᠡ 76.4 ᠲᠦᠮᠡᠨ ᠮᠢᠯᠢᠯᠢᠲᠷ ᠬᠤᠯᠤᠭᠠᠨ᠎ᠠ ᠶᠢᠨ | ᠡᠮ ᠪᠠ 78 ᠲᠦᠮᠡᠨ ᠲᠣᠨ ᠬᠤᠣᠷᠲᠤ ᠥᠭᠶᠥᠭᠡ ᠶᠢ ᠨᠢᠭᠡᠳᠦᠯᠲᠡᠶ ᠬᠤᠳᠠᠯᠳᠤᠨ ᠠᠪᠴᠤ ᠡᠯ᠎ᠡ ᠠᠶᠢᠮᠠᠭ | ᠬᠤᠲᠠ ᠳᠤ ᠲᠦᠬᠡᠬᠡᠵᠡᠢ᠃ ᠰᠢᠯᠢ ᠶᠢᠨ ᠭᠤᠣᠯ ᠠᠶᠢᠮᠠᠭ ᠤᠨ ᠡᠳ᠋ ᠤᠨ ᠵᠠᠰᠠᠭ 1152 ᠲᠦᠮᠡᠨ ᠲᠥᠭᠦᠷᠢᠭ | ᠭᠠᠷᠭᠠᠵᠤ᠂ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠦᠭᠡᠯ ᠢ ᠰᠡᠷᠭᠡᠶᠢᠯᠡᠨ ᠵᠠᠰᠠᠬᠤ | ᠲᠤᠰᠬᠠᠶᠢᠵᠢᠭᠰᠠᠨ ᠦᠢᠯᠡᠴᠢᠯᠡᠭᠡᠨ ᠤ ᠭᠤᠷᠪᠠᠨ ᠰᠠᠯᠪᠤᠷᠢ ᠠᠩᠭᠢ ᠪᠠᠶᠢᠭᠤᠯᠤᠨ᠂ ᠰᠢᠯᠤᠭᠤᠨ ᠬᠥᠪᠡᠭᠡᠲᠦ ᠴᠠᠭᠠᠨ | ᠬᠤᠰᠢᠭᠤ᠂ ᠰᠥᠨᠢᠳ ᠵᠡᠭᠦᠨ ᠬᠤᠰᠢᠭᠤ᠂ ᠰᠢᠯᠢᠩᠬᠤᠲᠠ ᠳᠤ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠦᠭᠡᠯ ᠢ | ᠰᠡᠷᠭᠡᠶᠢᠯᠡᠨ ᠵᠠᠰᠠᠬᠤ ᠠᠵᠢᠯ ᠢ ᠦᠷᠨᠢᠬᠦᠯᠦᠭᠰᠡᠨ ᠪᠠᠶᠢᠨ᠎ᠠ᠃ ᠬᠥᠯᠥᠨ ᠪᠤᠶᠢᠷ ᠬᠤᠲᠠ ᠣᠯᠠᠨ ᠲᠠᠯ᠎ᠠ ᠶᠢᠨ | ᠪᠣᠯᠪᠠᠰᠤᠷᠠᠯ ᠦᠷᠨᠢᠬᠦᠯᠦᠨ ᠲᠤᠬᠠᠶ ᠶᠢᠨ ᠭᠠᠵᠠᠷ ᠲᠤᠨᠢ ᠵᠢᠯᠤᠭᠤᠳᠴᠤ᠂ ᠲᠦᠩᠯᠢᠶᠣᠤ ᠬᠤᠳᠠ ᠪᠠ ᠤᠯᠠᠭᠠᠨᠬᠠᠳᠠ | ᠬᠤᠲᠠ ᠬᠦᠮᠦᠰ ᠢ ᠵᠣᠬᠢᠶᠠᠨ ᠪᠠᠶᠢᠭᠤᠯᠤᠨ ᠰᠣᠬᠤᠷ ᠨᠣᠮᠣᠨ ᠢ ᠤᠰᠠᠳᠬᠠᠭᠠᠳ ᠮᠠᠰᠢ ᠰᠠᠶᠢᠨ ᠦᠷ᠎ᠡ ᠪᠦᠲᠦᠮᠵᠢ | ᠣᠯᠵᠠᠢ᠂ ᠪᠠᠶᠠᠨᠨᠠᠭᠤᠷ ᠬᠤᠲᠠ ᠤᠷᠠᠳ ᠤᠨ ᠬᠤᠶᠢᠲᠤ ᠬᠤᠰᠢᠭᠤ ᠶᠢᠨ ᠨᠤᠲᠤᠭ ᠪᠡᠯᠴᠢᠭᠡᠷ ᠤᠨ ᠬᠤᠯᠤᠭᠠᠨ᠎ᠠ ᠶᠢᠨ | ᠬᠥᠨᠦᠭᠡᠯ ᠡᠬᠦᠰᠦᠭᠰᠡᠨ ᠣᠷᠣᠨ ᠳᠤ ᠮᠠᠯᠴᠢᠳ ᠢ ᠳᠠᠶᠢᠴᠢᠯᠠᠨ ᠰᠡᠷᠭᠡᠶᠢᠯᠡᠨ ᠵᠠᠰᠠᠵᠠᠢ᠃ ᠬᠥᠨᠦᠭᠡᠯ ᠡᠭᠦᠰᠦᠭᠰᠡᠨ ᠪᠠ | ᠰᠡᠷᠭᠡᠶᠢᠯᠡᠨ ᠵᠠᠰᠠᠭᠰᠠᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠬᠦ ᠶᠢᠨ ᠲᠦᠯᠦᠬᠡ ᠮᠠᠨ ᠤ ᠣᠷᠣᠨ | ᠪᠠᠰᠠ ᠲᠤᠰᠬᠠᠶ ᠬᠥᠮᠦᠨ ᠵᠢᠵᠢᠭᠦᠷᠯᠡᠬᠦ ᠪᠠ ᠭᠠᠷᠠᠭ ᠪᠦᠷᠢ ᠮᠡᠳᠡᠬᠦᠯᠬᠦ ᠳᠦᠷᠢᠮ ᠢ ᠬᠡᠷᠡᠭᠵᠢᠭᠦᠯᠦᠭᠰᠡᠨ ᠪᠠᠶᠢᠨ᠎ᠠ᠃ |