ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠶᠠᠳᠠᠭᠤ ᠬᠦᠴᠢᠷᠳᠡᠯ ᠠᠴᠠ ᠭᠠᠷᠭᠠᠬᠤ | ᠲᠣᠭᠲᠠᠴᠠ ᠶᠢ ᠪᠠᠶᠢᠭᠤᠯᠬᠤ ᠲᠤᠬᠠᠢ ᠬᠡᠷᠡᠭᠵᠢᠭᠦᠯᠦᠯᠲᠡ ᠶᠢᠨ ᠰᠠᠨᠠᠯ︾ ︵ᠲᠢᠩᠬᠢᠮ ᠨᠡᠶᠢᠲᠡᠯᠡᠭᠰᠡᠨ ︹ 2016 | ︺ 24 ᠳ᠋ᠦ᠋ᠭᠡᠷ ᠲᠣᠭᠠᠲᠤ︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽2017 ᠣᠨ ᠤ ᠪᠦᠬᠦ ᠣᠷᠣᠨ ᠤ | ᠥᠪᠡᠷᠲᠡᠭᠡᠨ ᠵᠠᠰᠠᠬᠤ ᠣᠷᠣᠨ ᠤ ᠳᠡᠰ ᠤᠨ 13 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢ ᠶᠠᠳᠠᠭᠤ | ᠡᠩᠨᠡᠭᠡ ᠠᠴᠠ ᠭᠠᠷᠭᠠᠬᠤ ᠶᠢ ᠳᠠᠪᠲᠠᠨ ᠪᠠᠶᠢᠴᠠᠭᠠᠬᠤ ᠠᠵᠢᠯ ᠤᠨ ᠲᠥᠰᠦᠯ︾ ᠤᠨ ᠮᠡᠳᠡᠭᠳᠡᠯ ︵ᠥᠪᠥᠷ ᠶᠠᠳᠠᠭᠤ | ᠲᠡᠳᠬᠦᠬᠦ ᠠᠯᠪᠠᠨ ᠭᠡᠷ ᠲᠠᠷᠬᠠᠭᠠᠭᠰᠠᠨ ﹇2018﹈ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠤᠯᠠᠭᠠᠨᠬᠤᠲᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ | ᠬᠦᠬᠡ ᠬᠤᠰᠢᠭᠤ᠂ ᠹᠧᠩᠵᠧᠨ ᠬᠤᠳᠠ᠂ ᠬᠠᠩᠭᠢᠨ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠦᠶᠤᠸᠠᠨ | ᠰᠢᠶᠠᠨ᠂ ᠬᠠᠩᠭᠢᠨ ᠬᠤᠶᠢᠲᠤ ᠬᠤᠰᠢᠭᠤ᠂ ᠳ᠋ᠧᠩᠺᠧᠤ ᠰᠢᠶᠠᠨ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ | ᠬᠤᠰᠢᠭᠤ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠤᠨ 13 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢ | ᠶᠠᠳᠠᠭᠤ ᠰᠢᠶᠠᠨ ᠤ ᠡᠩᠨᠡᠭᠡ ᠠᠴᠠ ᠭᠠᠷᠭᠠᠬᠤ ᠱᠠᠭᠠᠷᠳᠠᠯᠭ᠎ᠠ ᠶᠣᠰᠣᠭᠠᠷ᠂ ᠰᠢᠶᠠᠨ ᠤ ᠱᠠᠲᠤᠨ ᠠᠴᠠ ᠭᠤᠶᠤᠴᠢᠯᠠᠬᠤ᠂ | ᠬᠤᠳᠠ ᠶᠢᠨ ᠱᠠᠲᠤᠨ ᠠᠴᠠ ᠠᠩᠬ᠎ᠠ ᠬᠢᠨᠠᠬᠤ᠂ ᠥᠪᠡᠷᠲᠡᠭᠡᠨ ᠵᠠᠰᠠᠬᠤ ᠣᠷᠣᠨ ᠰᠢᠯᠭᠠᠨ ᠠᠪᠴᠤ ᠬᠢᠨᠠᠨ ᠪᠠᠶᠢᠴᠠᠭᠠᠬᠤ᠂ | ᠭᠤᠷᠪᠠᠳᠠᠬᠢ ᠡᠲᠡᠭᠡᠳ ᠠᠴᠠ ᠬᠠᠷᠭᠤᠭᠤᠯᠤᠨ ᠪᠠᠶᠢᠴᠠᠭᠠᠵᠤ ᠦᠨᠡᠯᠡᠨ ᠵᠢᠱᠢᠬᠦ ᠳᠡᠰ ᠳᠠᠷᠠᠭᠠᠯᠠᠯ ᠢ ᠪᠡᠶᠡᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠬᠠᠷᠭᠤᠭᠤᠯᠤᠭᠰᠠᠨ ᠪᠠᠶᠢᠴᠠᠭᠠᠯᠲᠠ ᠪᠠ ᠭᠤᠷᠪᠠᠳᠠᠬᠢ ᠡᠲᠡᠭᠡᠳ ᠤᠨ ᠦᠨᠡᠯᠡᠨ | ᠵᠢᠱᠢᠯᠲᠡ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ 13 ᠬᠤᠰᠢᠭᠤ ᠰᠢᠶᠠᠨ | ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠬᠢᠭᠳᠠᠭᠤᠯᠤᠨ ᠦᠨᠡᠯᠡᠭᠰᠡᠨ ᠨᠤᠷᠮ᠎ᠠ ᠪᠠ ᠠᠨᠳᠠᠭᠤ ᠨᠤᠷᠮ᠎ᠠ ᠨᠢ | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠪᠠᠷᠢᠮᠵᠢᠶ᠎ᠠ ᠠᠴᠠ ᠳᠣᠣᠷ᠎ᠠ ᠪᠠᠶᠢᠨ᠎ᠠ︔ | ᠤᠯᠠᠨ ᠲᠦᠮᠡᠨ ᠤ ᠵᠥᠪᠰᠢᠶᠡᠷᠡᠵᠦ ᠪᠠᠶᠢᠭ᠎ᠠ ᠬᠡᠮᠵᠢᠶ᠎ᠡ ᠴᠥᠮ 90% ᠠᠴᠠ ᠳᠡᠭᠡᠭᠰᠢ ᠪᠠᠶᠢᠵᠤ᠂ ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠪᠠᠷᠢᠮᠵᠢᠶ᠎ᠠ ᠠᠴᠠ ᠥᠨᠳᠥᠷ ᠪᠠᠶᠢᠨ᠎ᠠ︔ ᠮᠠᠯᠵᠢᠬᠤ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ | ᠨᠡᠮᠡᠭᠳᠡᠯ ᠤᠨ ᠬᠡᠮᠵᠢᠶ᠎ᠡ ᠨᠢ ᠪᠦᠬᠦ ᠣᠷᠣᠨ ᠤ ᠳᠤᠮᠳᠠᠴᠢ ᠬᠡᠮᠵᠢᠶ᠎ᠡ ᠠᠴᠠ ᠥᠨᠳᠥᠷ ᠪᠠᠶᠢᠵᠤ᠂ ᠣᠯᠠᠨ ᠨᠡᠶᠢᠲᠡ ᠶᠢᠨ | ᠦᠢᠯᠡᠴᠢᠯᠡᠭᠡ ᠪᠠ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠨᠢ ᠢᠯᠡᠳᠲᠡ ᠳᠡᠭᠡᠭᠰᠢᠯᠡᠵᠡᠢ︔ | ᠶᠠᠳᠠᠭᠤ ᠠᠴᠠ ᠠᠩᠭᠢᠵᠢᠷᠠᠭᠤᠯᠬᠤ ᠤᠷᠳᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠨᠢ ᠪᠦᠷᠢᠨᠰᠢᠵᠦ᠂ | ᠦᠷᠭᠦᠯᠵᠢᠯᠡᠬᠦᠶᠢᠴᠡ ᠬᠥᠭᠵᠢᠯᠲᠡ ᠶᠢᠨ ᠴᠢᠳᠠᠪᠤᠷᠢ ᠨᠢ ᠴᠢᠩᠭᠠᠷᠠᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ | ᠡᠩᠨᠡᠭᠡ ᠠᠴᠠ ᠭᠠᠷᠭᠠᠬᠤ ᠪᠠᠷᠢᠮᠵᠢᠶ᠎ᠠ ᠳᠤ ᠨᠢᠭᠡᠨᠲᠡ ᠬᠦᠷᠴᠡᠢ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ | ᠵᠥᠪᠰᠢᠶᠡᠷᠡᠭᠦᠯᠦᠭᠡᠳ᠂ ᠳᠡᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠳᠡᠰ ᠤᠨ 13 ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠪᠠᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ | ᠵᠠᠷᠯᠠᠨ ᠨᠡᠢᠲᠡᠯᠡᠪᠡ᠃ | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠭᠰᠠᠨ ᠤ ᠳᠠᠷᠠᠭ᠎ᠠ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠬᠤᠭᠤᠴᠠᠭᠠᠨ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠤᠤᠯ ᠤᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠤᠤᠯ ᠶᠣᠰᠣᠭᠠᠷ ᠬᠦᠷᠲᠡᠭᠡᠬᠦ ᠪᠦᠭᠡᠳ ᠳᠡᠮᠵᠢᠬᠦ | ᠡᠷᠴᠢᠮ ᠢᠶᠠᠨ ᠰᠤᠯᠠᠷᠠᠭᠤᠯᠬᠤ ᠥᠬᠡᠶ᠂ ᠶᠠᠳᠠᠭᠤ ᠠᠴᠠ ᠲᠣᠭᠲᠠᠪᠤᠷᠢᠲᠠᠶ ᠠᠩᠭᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ | ᠡᠳᠦᠭᠡ ᠤᠯᠠᠭᠠᠨᠬᠤᠲᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ | ᠰᠢᠯᠤᠭᠤᠨ ᠬᠦᠬᠡ ᠬᠤᠰᠢᠭᠤ᠂ ᠹᠧᠩᠵᠧᠨ ᠬᠤᠳᠠ᠂ ᠬᠠᠩᠭᠢᠨ ᠬᠤᠰᠢᠭᠤ᠂ ᠤᠷᠠᠳ ᠤᠨ ᠳᠤᠮᠳᠠᠳᠤ ᠬᠤᠰᠢᠭᠤ᠂ | ᠦᠶᠤᠸᠠᠨ ᠰᠢᠶᠠᠨ᠂ ᠬᠠᠩᠭᠢᠨ ᠬᠤᠶᠢᠲᠤ ᠬᠤᠰᠢᠭᠤ᠂ ᠳ᠋ᠧᠩᠺᠧᠤ ᠰᠢᠶᠠᠨ᠂ ᠠᠯᠠᠱᠠ ᠵᠡᠭᠦᠨ ᠬᠤᠰᠢᠭᠤ᠂ ᠠᠯᠠᠱᠠ | ᠪᠠᠷᠠᠭᠤᠨ ᠬᠤᠰᠢᠭᠤ ᠵᠡᠷᠭᠡ 13 ᠥᠪᠡᠷᠲᠡᠭᠡᠨ ᠵᠠᠰᠠᠬᠤ ᠣᠷᠣᠨ ᠤ ᠳᠠᠰ ᠤᠨ ᠶᠠᠳᠠᠭᠤ ᠬᠦᠴᠢᠷᠳᠡᠯᠲᠡᠶ ᠬᠤᠰᠢᠭᠤ | ᠰᠢᠶᠠᠨ ᠤ ᠨᠡᠷᠡᠰ ᠢ ᠣᠯᠠᠨ ᠨᠡᠶᠢᠲᠡ ᠳᠤ 7 ᠡᠳᠦᠷ ᠢᠯᠡ ᠨᠡᠶᠢᠲᠡᠯᠡᠬᠦ ᠪᠠᠷ ᠪᠣᠯᠪᠠ ︵ᠠᠮᠠᠷᠠᠯᠲᠠ ᠶᠢᠨ ᠡᠳᠦᠷ ᠢ | ᠪᠠᠭᠲᠠᠭᠠᠬᠤ ᠤᠢᠭᠡᠢ︶᠂ ᠬᠡᠷᠪᠡ ᠰᠠᠨᠠᠯ ᠰᠠᠨᠠᠭᠤᠯᠭ᠎ᠠ ᠪᠠᠶᠢᠪᠠᠯ 2018 ᠣᠨ ᠤ 5 ᠳ᠋ᠤᠭᠠᠷ ᠰᠠᠷ᠎ᠠ ᠶᠢᠨ 24 ᠤ | ᠡᠳᠦᠷ ᠠᠴᠠ ᠡᠮᠦᠨ᠎ᠡ ᠪᠢᠴᠢᠭ ᠢᠶᠠᠷ ᠪᠤᠶᠤ ᠢᠮᠧᠯ᠂ ᠹᠠᠺᠰ᠂ ᠤᠲᠠᠰᠤ ᠵᠡᠷᠭᠡ ᠠᠷᠭ᠎ᠠ ᠬᠡᠯᠪᠡᠷᠢ ᠪᠠᠷ ᠥᠪᠡᠷᠲᠡᠭᠡᠨ | ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ ᠲᠤ ᠬᠠᠷᠢᠭᠤ ᠲᠤᠰᠬᠠᠬᠤ ᠪᠣᠯᠪᠠᠤ᠃ | | ᠬᠠᠷᠢᠯᠴᠠᠬᠤ ᠬᠥᠮᠦᠨ᠄ ᠵᠠᠩ ᠵᠢᠶᠠᠨ ᠬᠤᠸᠠ | ᠬᠠᠷᠢᠯᠴᠠᠬᠤ ᠤᠲᠠᠰᠤ᠄ 0471-4937825 | ᠢᠮᠧᠯ᠄ 1134740779@qq.com | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠯᠪᠠᠨ ᠭᠡᠷ ︵ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ 82 ᠳ᠋ᠤᠭᠠᠷ ᠨᠣᠮᠧᠷ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ | 2018 ᠣᠨ ᠤ 5 ᠳ᠋ᠤᠭᠠᠷ ᠰᠠᠷ᠎ᠠ ᠶᠢᠨ 14 ᠤ ᠡᠳᠦᠷ |