ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠢ ᠲᠡᠮᠵᠢᠬᠦ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2018/5/15
             ᠦᠪᠦᠷ ᠵᠠᠰᠠᠭ ᠠᠯᠪᠠᠨ ᠲᠠᠷᠬᠠᠭᠠᠭᠰᠠᠨ ﹇2017﹈ 168 ᠳ᠋ᠤᠭᠠᠷ ᠲᠤᠭᠠᠳᠤ                                                   11 ᠳ᠋ᠦ᠋ᠭᠡᠷ ᠰᠠᠷ᠎ᠠ ᠶᠢᠨ 24᠎ ᠤ ᠡᠳᠤᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠤᠶᠢᠯᠡᠰ ᠤᠨ ᠨᠢᠭᠡᠴᠡ ᠳᠤ᠄      ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠠᠶᠢᠭᠤᠯᠤᠯᠲᠠ ᠶᠢᠨ ᠦᠪᠡᠷ ᠤᠨ ᠦᠷᠳᠡᠭ ᠢ ᠪᠠᠭᠤᠷᠠᠭᠤᠯᠵᠤ᠂ ᠶᠠᠳᠠᠭᠤ ᠭᠦᠴᠢᠷᠲᠠᠯᠲᠠᠢ ᠭᠦᠮᠤᠨ ᠠᠮᠠ ᠶᠢᠨ ᠬᠢᠨ ᠤ ᠨᠡᠭᠦᠭᠦ ᠠᠴᠠ ᠪᠤᠯᠵᠤ ᠬᠡᠳᠦᠷᠭᠡᠢ ᠦᠷᠢᠳᠤᠬᠦ ᠶᠢ ᠰᠡᠷᠬᠡᠶᠢᠯᠡᠨ᠂ ᠮᠠᠨ ᠤ ᠤᠷᠤᠨ ᠤ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠬᠡᠳ᠂ ᠡᠳᠦᠭᠡ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠢ ᠲᠡᠮᠵᠢᠬᠦ ᠬᠤᠯᠪᠤᠭᠳᠠᠯ ᠪᠦᠬᠦᠢ ᠲᠦᠷᠦ ᠶᠢᠨ ᠪᠣᠳᠤᠯᠭ᠎ᠠ ᠶᠢ ᠲᠤᠤᠷᠠᠬᠢ ᠮᠡᠲᠤ ᠮᠡᠳᠡᠭᠳᠡᠪᠡ  ᠄      ᠨᠢᠭᠡ᠂ ᠭᠠᠶᠢᠯᠢ ᠲᠠᠳᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠲᠠᠯ᠎ᠠ ᠪᠠᠷ᠃ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠳᠤ ᠬᠤᠯᠪᠤᠭᠳᠠᠬᠤ ᠬᠤᠲᠠ ᠪᠠᠯᠭᠠᠰᠤᠨ ᠤ ᠭᠠᠵᠠᠷ ᠰᠢᠷᠤᠢ ᠬᠡᠷᠡᠭᠯᠡᠬᠦ ᠭᠠᠶᠢᠯᠢ᠂ ᠭᠡᠷ ᠪᠠᠶᠢᠰᠢᠩ ᠭᠦᠷᠦᠩᠭᠡ ᠶᠢᠨ ᠭᠠᠶᠢᠯᠢ᠂ ᠬᠡᠷᠡᠲᠤ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠤᠳᠤ ᠶᠢᠨ ᠬᠡᠷᠡᠭᠵᠢᠬᠦᠯᠵᠦ ᠪᠠᠶᠢᠭ᠎ᠠ ᠭᠠᠶᠢᠯᠢ ᠶᠢᠨ ᠬᠠᠤᠯᠢ ᠶᠢᠨ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠭᠦᠭᠦ ᠠᠵᠢᠯ ᠢ ᠡᠷᠬᠢᠯᠡᠵᠤ ᠪᠠᠶᠢᠭ᠎ᠠ ᠲᠦᠷᠦᠯ ᠵᠦᠢᠯ ᠤᠨ ᠪᠠᠶᠢᠭᠤᠯᠤᠯᠲᠠ ᠶᠢᠨ ᠨᠢᠭᠡᠴᠡ ( ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠠᠶᠢᠭᠤᠯᠤᠯᠲᠠ ᠪᠠᠷ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠤᠯᠭᠠᠭᠰᠠᠨ ᠪᠦᠭᠡᠳ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠎ ᠤᠨ ᠤᠷᠤᠯᠭ᠎ᠠ ᠨᠢ ᠠᠵᠤ ᠠᠬᠤᠶᠢᠯᠠᠯ ᠤᠨ ᠤᠷᠤᠯᠭ᠎ᠠ ᠶᠢᠨ ᠶᠡᠷᠤᠩᠬᠡᠢ ᠲᠤᠭᠠᠨ ᠤ 70%᠎ ᠠᠴᠠ ᠲᠡᠭᠡᠭᠰᠢᠬᠢ ᠶᠢ ᠡᠵᠡᠯᠡᠭᠰᠡᠨ ᠪᠡᠶ᠎ᠡ ᠪᠠᠨ ᠲᠠᠭᠠᠭᠠᠭᠰᠠᠨ ᠬᠠᠤᠯᠢ ᠶᠢᠨ ᠡᠷᠭᠡᠲᠡᠨ ᠢ ᠵᠢᠭᠠᠵᠤ ᠪᠤᠢ᠂ ᠡᠭᠦᠨ ᠳᠤ ᠦᠪᠡᠷᠳᠡᠭᠡᠨ ᠵᠠᠰᠠᠬᠤ ᠤᠷᠤᠨ ᠤ ᠲᠡᠰ ᠤᠨ ᠲᠠᠪᠴᠠᠩ ᠪᠤᠯᠬᠤ ᠺᠤᠮᠫᠠᠨᠢ ᠪᠠ ᠠᠶᠢᠮᠠᠭ ᠬᠤᠲᠠ ᠶᠢᠨ ᠲᠡᠰ᠂ ᠬᠤᠰᠢᠭᠤ ᠰᠢᠶᠠᠨ ᠤ ᠲᠡᠰ ᠤᠨ ᠲᠠᠪᠴᠠᠩ ᠪᠤᠯᠬᠤ ᠺᠤᠮᠫᠠᠨᠢ ᠵᠢᠴᠢ ᠲᠦᠷᠦᠯ ᠵᠦᠢᠯ ᠤᠨ ᠪᠠᠶᠢᠭᠤᠯᠤᠯᠲᠠ ᠶᠢᠨ ᠨᠢᠭᠡᠴᠡ ᠪᠠᠭᠲᠠᠨ᠎ᠠ )᠎ ᠳᠤ᠂ ᠲᠦᠷᠦᠯ ᠵᠦᠢᠯ ᠨᠢ ᠤᠶᠢᠯᠡᠳᠪᠤᠷᠢᠯᠡᠯ ᠡᠵᠡᠩᠨᠡᠯᠲᠡ ᠶᠢᠨ ᠠᠩᠬᠠᠨ ᠤ  ᠤᠷᠤᠯᠭ᠎ᠠ ᠤᠯᠤᠭᠰᠠᠨ ᠭᠠᠶᠢᠯᠢ ᠲᠤᠰᠢᠶᠠᠬᠤ ᠤᠨ ᠠᠴᠠ ᠡᠬᠢᠯᠡᠨ᠂ ᠭᠤᠷᠪᠠᠨ ᠵᠢᠯ ᠤᠨ ᠲᠤᠳᠤᠷ᠎ᠠ ᠠᠵᠤ ᠠᠬᠤᠶᠢᠯᠠᠯ ᠤᠨ ᠠᠰᠢᠭ ᠤᠯᠵᠠᠪᠤᠷᠢ ᠶᠢᠨ ᠭᠠᠶᠢᠯᠢ ᠶᠢᠨ ᠤᠷᠤᠨ ᠨᠤᠲᠤᠭ ᠤᠨ ᠬᠤᠪᠢᠳᠠᠬᠤ ᠬᠡᠰᠡᠭ ᠠᠴᠠ ᠲᠠᠲᠠᠪᠤᠷᠢᠯᠠᠬᠤ ᠶᠢ ᠬᠡᠯᠳᠤᠷᠢᠭᠦᠯᠦᠨ᠎ᠡ᠃ ᠦᠪᠡᠷᠳᠡᠭᠡᠨ ᠵᠠᠰᠠᠬᠤ  ᠤᠷᠤᠨ ᠤ  ᠲᠠᠪᠴᠠᠩ ᠪᠤᠯᠬᠤ ᠺᠤᠮᠫᠠᠨᠢ ᠨᠢ ᠪᠠᠩᠬᠢ ᠯᠤᠭ᠎ᠠ ︽ᠵᠢᠭᠡᠯᠡᠯᠭᠡ ᠶᠢᠨ ᠭᠡᠷ᠎ᠡ︾ ᠲᠤᠭᠲᠠᠭᠰᠠᠨ᠂ ᠵᠢᠴᠢ ᠡᠯ᠎ᠡ ᠬᠤᠰᠢᠭᠤ ᠰᠢᠶᠠᠨ ︵ ᠬᠤᠲᠠ᠂ ᠲᠤᠭᠤᠷᠢᠭ︶᠎ ᠤ ᠲᠦᠷᠦᠯ ᠵᠦᠢᠯ ᠤᠨ ᠬᠡᠷᠡᠭᠵᠢᠬᠦᠯᠬᠦ ᠭᠤᠣᠯ ᠴᠤᠭᠴᠠ ᠯᠤᠭ᠎ᠠ  ᠲᠤᠭᠲᠠᠭᠰᠠᠨ ︽ ᠤᠨᠳᠤᠤ ᠭᠠᠵᠠᠷ ᠨᠡᠭᠦᠯᠭᠡᠨ  ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠡᠯᠡ ᠮᠦᠩᠭᠦ ᠶᠢ ᠭᠡᠷᠡᠭᠯᠡᠭᠦ ᠵᠦᠪᠯᠡᠯᠴᠡᠭᠡᠷ︾ ᠵᠡᠷᠭᠡ ᠶᠢ ᠲᠤᠭᠳᠠᠭᠰᠠᠨ ᠪᠠᠶᠢᠵᠤ᠂ ︽ᠪᠦᠭᠦᠳᠡ ᠨᠠᠶᠢᠷᠠᠮᠳᠠᠬᠤ ᠲᠤᠮᠳᠠᠲᠤ ᠠᠷᠠᠳ ᠤᠯᠤᠰ ᠤᠨ ᠲᠡᠮᠳᠡᠭᠲᠦ ᠶᠢᠨ ᠭᠠᠶᠢᠯᠢ ᠶᠢᠨ ᠲᠦᠷ ᠬᠡᠷᠡᠭᠵᠢᠬᠦᠯᠬᠦ ᠳᠦᠷᠢᠮ ᠢ ᠭᠡᠷᠡᠭᠵᠢᠬᠦᠯᠬᠦ ᠨᠠᠷᠢᠨ ᠳᠦᠷᠢᠮ︾᠎ ᠳᠤ ᠲᠤᠭᠲᠠᠭᠠᠭᠰᠠᠨ ᠬᠦᠦ ᠮᠦᠩᠭᠦ ᠦᠬᠡᠢ ᠵᠢᠭᠡᠯᠡᠯᠭᠡ᠂ ᠳᠠᠮ ᠬᠦᠦ ᠲᠠᠢ  ᠵᠢᠬᠡᠯᠡᠯᠬᠡ ᠶᠢᠨ ᠭᠡᠷ᠎ᠡ ᠳᠤ ᠨᠡᠶᠢᠴᠡᠪᠡᠯ᠂ ᠲᠡᠮᠳᠡᠭᠲᠦ ᠶᠢᠨ ᠭᠠᠶᠢᠯᠢ ᠳᠠᠳᠠᠪᠤᠷᠢᠯᠠᠬᠤ ᠠᠴᠠ ᠬᠡᠯᠲᠤᠷᠢᠭᠦᠯᠦᠨ᠎ᠡ᠃ ᠡᠬᠦᠨ ᠤ ᠬᠠᠮᠲᠤ᠂ ᠤᠯᠤᠰ ᠤᠨ ᠪᠠᠷᠢᠯᠭ᠎ᠠ ᠶᠢᠨ ᠤᠶᠢᠯᠡᠰ ᠤᠨ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠨ ᠲᠠᠳᠠᠪᠤᠷᠢᠯᠠᠬᠤ ᠲᠦᠷᠦ ᠶᠢᠨ ᠪᠤᠳᠤᠯᠭ᠎ᠠ ᠵᠢᠴᠢ ᠪᠠᠷᠢᠯᠭ᠎ᠠ ᠶᠢᠨ ᠦᠢᠯᠡᠰ ᠤᠨ ᠭᠦᠭᠵᠢᠯᠲᠡ ᠶᠢ ᠲᠡᠮᠵᠢᠭᠦ ᠭᠠᠶᠢᠯᠢ ᠳᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠷᠤᠨ ᠤ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠢ ᠢᠳᠡᠪᠬᠢᠲᠠᠢ ᠪᠠᠷ ᠲᠡᠮᠵᠢᠨ᠎ᠡ᠃ ᠡᠳᠡᠭᠡᠷ ᠠᠵᠢᠯ ᠤᠳ ᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠤᠯᠪᠤᠭᠳᠠᠯ ᠪᠦᠬᠦᠢ ᠲᠡᠰ ᠳᠠᠷᠠᠭᠠᠯᠠᠯ ᠶᠤᠰᠤᠭᠠᠷ ᠭᠦᠢᠴᠡᠳᠬᠡᠨ᠎ᠡ᠃      ᠬᠤᠶᠠᠷ᠂ ᠤᠢ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠭᠦ ᠰᠦᠢᠳᠭᠡᠯ ᠳᠠᠲᠠᠪᠤᠷᠢᠯᠠᠬᠤ ᠠᠴᠠ ᠬᠡᠯᠲᠦᠷᠢᠭᠦᠯᠭᠦ  ᠬᠡᠷᠡᠭᠳᠡᠢ᠃ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠢᠨᠵᠧᠨᠧᠷᠢᠭ ᠨᠢ ᠨᠡᠭᠦᠭᠰᠡᠨ ᠤᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠪᠠ  ᠭᠦᠭᠵᠢᠯᠲᠡ ᠶᠢᠨ ᠣᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠲᠤᠭᠤᠷᠢᠨ ᠳᠤ᠂ ᠤᠷᠤᠨ ᠰᠠᠭᠤᠴᠠ ᠪᠠ ᠴᠢᠬᠤᠯᠠ ᠳᠠᠭᠠᠯᠲᠠ ᠪᠡᠯᠡᠳᠬᠡᠮᠵᠢ᠂ ᠤᠰᠤ᠂ ᠴᠠᠬᠢᠯᠭᠠᠨ᠂ ᠵᠠᠮ᠂ ᠬᠡᠢ᠂ ᠰᠦᠯᠵᠢᠶ᠎ᠡ ᠵᠡᠷᠭᠡ ᠦᠨᠳᠤᠰᠦᠨ ᠤᠶᠢᠯᠡᠳᠪᠤᠷᠢᠯᠡᠯ ᠠᠮᠢᠳᠤᠷᠠᠯ ᠤᠨ ᠪᠡᠯᠡᠳᠬᠡᠮᠵᠢ ᠶᠢ ᠪᠠᠶᠢᠭᠤᠯᠵᠤ᠂ ᠰᠤᠷᠭᠠᠨ ᠭᠦᠮᠦᠵᠢᠯ᠂ ᠡᠷᠡᠭᠦᠯ ᠬᠠᠮᠠᠭᠠᠯᠠᠯ᠂ ᠰᠤᠶᠤᠯ ᠵᠡᠷᠭᠡ ᠤᠯᠠᠨ ᠨᠡᠶᠢᠲᠡ ᠶᠢᠨ ᠤᠶᠢᠯᠠᠴᠢᠯᠡᠭᠡᠨ ᠤ ᠪᠡᠯᠡᠳᠬᠡᠮᠵᠢ ᠶᠢ ᠲᠦᠭᠦᠷᠵᠢᠭᠦᠯᠤᠨ ᠪᠠᠶᠢᠭᠤᠯᠵᠤ᠂ ᠨᠡᠭᠦᠭᠰᠡᠨ ᠤᠯᠠᠨ ᠲᠦᠮᠡᠨ ᠤ ᠠᠵᠢᠯ ᠣᠯᠵᠣ ᠤᠷᠤᠯᠭ᠎ᠠ ᠪᠠᠨ ᠨᠡᠮᠡᠭᠳᠡᠭᠦᠯᠬᠦ ᠳᠤ ᠲᠦᠭᠦᠷᠵᠢᠭᠦᠯᠦᠨ ᠪᠠᠶᠢᠭᠤᠯᠤᠭᠰᠠᠨ ᠠᠵᠤ ᠤᠶᠢᠯᠡᠰ ᠤᠨ ᠲᠦᠷᠦᠯ ᠵᠦᠢᠯ ᠵᠡᠷᠭᠡ ᠳᠤ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠤᠢ ᠰᠢᠭᠤᠢ ᠶᠢᠨ ᠲᠤᠪᠴᠢᠶ᠎ᠠ ᠶᠢᠨ ︽ᠤᠢ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠭᠦ ᠰᠦᠢᠳᠬᠡᠯ ᠤᠨ ᠳᠠᠲᠠᠪᠤᠷᠢᠯᠠᠵᠤ ᠬᠤᠷᠢᠶᠠᠬᠤ ᠪᠠᠷᠢᠮᠵᠢᠶ᠎ᠠ ᠳᠤ ᠲᠤᠬᠢᠷᠠᠭᠤᠯᠤᠯᠲᠠ ᠬᠢᠵᠤ ᠤᠶᠢᠲᠤ ᠭᠠᠵᠠᠷ ᠢ ᠠᠷᠪᠢᠲᠠᠢ ᠡᠷᠴᠢᠮᠳᠠᠢ ᠠᠰᠢᠭᠯᠠᠬᠤ ᠶᠢ ᠭᠦᠳᠦᠯᠦᠨ ᠵᠢᠯᠤᠭᠤᠳᠬᠤ ᠲᠤᠬᠠᠢ ᠮᠡᠳᠡᠭᠳᠡᠯ︾ ︵ᠡᠳ᠋ ᠭᠠᠶᠢᠯᠢ ﹇2015﹈ 122 ᠳ᠋ᠤᠭᠠᠷ ᠲᠤᠭᠠᠲᠤ︶ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠤᠭᠳᠠᠭᠠᠯ  ᠶᠤᠰᠤᠭᠠᠷ᠂ ᠤᠢ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠬᠦᠬᠡᠬᠦ ᠰᠤᠶᠢᠳᠭᠡᠯ ᠲᠠᠳᠠᠪᠤᠷᠢᠯᠠᠬᠤ ᠠᠴᠠ ᠬᠡᠯᠲᠦᠷᠢᠭᠦᠯᠦᠨ᠎ᠡ᠃      ᠭᠤᠷᠪᠠ᠂ ᠡᠵᠡᠩᠨᠡᠵᠤ ᠤᠶᠢᠯᠡᠴᠢᠯᠡᠬᠦ ᠴᠢᠨᠠᠷᠲᠠᠢ ᠬᠤᠷᠢᠶᠠᠬᠤ ᠰᠤᠶᠢᠳᠬᠡᠯ ᠢ ᠨᠢ ᠬᠠᠰᠤᠵᠤ ᠬᠡᠯᠲᠦᠷᠢᠭᠦᠯᠭᠦ ᠬᠡᠷᠡᠭᠳᠡᠢ᠃ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠨᠢ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠴᠠᠭ ᠠᠭᠤᠷ᠂ ᠪᠦᠳᠦᠭᠡᠨ ᠪᠠᠶᠢᠭᠤᠯᠤᠯᠲᠠ᠂ ᠤᠷᠴᠢᠨ ᠲᠤᠭᠤᠷᠢᠨ ᠤ ᠬᠠᠮᠠᠭᠠᠯᠠᠯᠲᠠ᠂ ᠭᠠᠵᠠᠷ ᠭᠦᠳᠡᠯᠤᠯᠲᠡ᠂ ᠭᠠᠯ ᠰᠡᠷᠭᠡᠶᠢᠯᠡᠬᠦ ᠵᠡᠷᠭᠡ ᠲᠠᠯ᠎ᠠ ᠪᠠᠷ ᠵᠠᠰᠠᠭ ᠤᠨ ᠤᠷᠳᠤᠨ ᠠᠴᠠ ᠦᠨ᠎ᠡ ᠲᠤᠭᠳᠠᠭᠠᠬᠤ ᠶᠢ ᠬᠡᠷᠡᠭᠵᠢᠬᠦᠯᠵᠦ ᠪᠠᠶᠢᠭ᠎ᠠ ᠡᠵᠡᠩᠨᠡᠬᠦ ᠤᠶᠢᠯᠡᠴᠢᠯᠡᠬᠦ ᠴᠢᠨᠠᠷᠲᠠᠢ ᠬᠤᠷᠢᠶᠠᠬᠤ ᠰᠤᠶᠢᠳᠬᠡᠯ ᠳᠤ ᠬᠤᠯᠪᠤᠭᠳᠠᠪᠠᠯ᠂ ᠡᠯ᠎ᠡ ᠰᠤᠶᠢᠳᠬᠡᠯ ᠬᠤᠷᠢᠶᠠᠬᠤ ᠨᠢᠭᠡᠴᠡ ᠨᠢ ᠲᠤᠤᠷ᠎ᠠ ᠬᠢᠵᠠᠭᠠᠷ ᠢ ᠦᠨᠳᠤᠰᠤᠯᠡᠵᠤ ᠬᠠᠭᠠᠰ ᠢᠶᠠᠷ ᠬᠤᠷᠢᠶᠠᠨ᠎ᠠ᠃ ᠵᠠᠬ᠎ᠠ ᠲᠡᠯᠭᠡᠭᠦᠷ ᠠᠴᠠ ᠦᠨ᠎ᠡ ᠲᠤᠭᠳᠠᠭᠠᠬᠤ ᠶᠢ ᠭᠡᠷᠡᠭᠵᠢᠭᠦᠯᠵᠦ ᠪᠠᠶᠢᠭ᠎ᠠ ᠡᠵᠡᠩᠨᠡᠬᠦ ᠤᠶᠢᠯᠡᠴᠢᠯᠡᠬᠦ ᠴᠢᠨᠠᠷᠲᠠᠢ ᠬᠤᠷᠢᠶᠠᠬᠤ ᠰᠤᠶᠢᠳᠬᠡᠯ ᠳᠤ ᠪᠣᠯ᠂ ᠶᠠᠳᠠᠭᠤ ᠶᠢ ᠲᠡᠳᠭᠦᠨ ᠲᠡᠮᠵᠢᠭᠦ ᠪᠠ ᠪᠡᠯᠡ ᠪᠠᠨ ᠪᠠᠳᠤᠯᠠᠵᠤ ᠦᠴᠦᠬᠡᠨ ᠠᠰᠢᠭ ᠤᠯᠬᠤ ᠵᠠᠷᠴᠢᠮ ᠢᠶᠠᠷ᠂ ᠡᠯ᠎ᠡ ᠠᠵᠢᠯ ᠲᠦᠷᠦᠯ ᠤᠨ ᠨᠡᠶᠢᠭᠡᠮᠯᠢᠭ ᠤᠳ ᠬᠠᠮᠢᠶ᠎ᠠ ᠪᠦᠬᠦᠢ ᠤᠶᠢᠯᠡᠴᠢᠯᠡᠭᠡᠨ ᠤ ᠪᠠᠶᠢᠭᠤᠯᠤᠮᠵᠢ ᠶᠢ ᠵᠤᠬᠢᠴᠠᠭᠤᠯᠵᠤ ᠪᠠᠶᠢᠭᠠᠳ ᠤᠶᠢᠯᠡᠴᠢᠯᠡᠭᠡᠨ ᠤ ᠶᠠᠰᠤ ᠴᠢᠨᠠᠷ ᠢ ᠪᠠᠳᠤᠯᠠᠭᠰᠠᠨ ᠰᠠᠭᠤᠷᠢᠨ ᠲᠡᠭᠡᠷ᠎ᠡ᠂ ᠠᠵᠢᠯ ᠡᠷᠬᠢᠯᠡᠭᠰᠡᠨ ᠰᠤᠶᠢᠳᠬᠡᠯ ᠬᠤᠷᠢᠶᠠᠬᠤ ᠪᠠᠷᠢᠮᠵᠢᠶ᠎ᠠ ᠶᠢᠨ ᠲᠤᠤᠷ᠎ᠠ ᠬᠢᠵᠠᠭᠠᠷ ᠶᠤᠰᠤᠭᠠᠷ ᠬᠠᠷᠠᠭᠠᠯᠵᠠᠵᠤ ᠬᠤᠷᠢᠶᠠᠬᠤ ᠬᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号