ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠤᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/5/16
     5 ᠳ᠋ᠤᠭᠠᠷ ᠰᠠᠷ᠎ᠠ ᠶᠢᠨ 11᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠲᠡᠯᠭᠡᠭᠦᠷᠵᠢᠭᠦᠯᠦᠨ ᠰᠢᠯᠵᠢᠭᠦᠯᠦᠨ ᠦᠭᠬᠦ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠰᠠᠨᠠᠯ ᠵᠡᠷᠭᠡ ᠵᠦᠢᠯᠡᠰ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠮᠠᠨ ᠤ ᠤᠷᠤᠨ ᠪᠤᠯ ᠨᠡᠭᠦᠷᠡᠰᠦᠨ ᠤ ᠡᠬᠢ ᠪᠠᠶᠠᠯᠢᠭ ᠤᠨ ᠲᠤᠮᠤ ᠤᠷᠤᠨ ᠪᠤᠯᠤᠨ᠎ᠠ᠂ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠲᠡᠯᠭᠡᠭᠦᠷᠵᠢᠭᠦᠯᠦᠨ ᠲᠤᠬᠢᠷᠠᠭᠤᠯᠬᠤ ᠶᠢ ᠠᠬᠢᠭᠤᠯᠬᠤ ᠨᠢ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠬᠦᠭᠵᠢᠭᠦᠯᠭᠦ ᠶᠢ ᠵᠢᠷᠤᠮᠵᠢᠭᠤᠯᠬᠤ᠂ ᠠᠭᠤᠷᠬᠠᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠤᠬᠢᠰᠳᠠᠢ ᠠᠰᠢᠬᠯᠠᠬᠤ ᠳᠤ ᠴᠦᠮ ᠴᠢᠬᠤᠯᠠ ᠠᠴᠢ ᠬᠤᠯᠪᠤᠬᠳᠠᠯ ᠲᠠᠢ ᠶᠤᠮ᠃ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠢᠶ᠎ᠠ ᠪᠦᠬᠦᠢ ᠬᠠᠤᠯᠢ ᠴᠠᠭᠠᠵᠠ ᠲᠦᠷᠦ ᠶᠢᠨ ᠪᠤᠳᠤᠯᠭ᠎ᠠ ᠶᠢᠨ ᠲᠤᠬᠳᠠᠭᠠᠯ ᠶᠤᠰᠤᠭᠠᠷ᠂ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠲᠡᠯᠭᠡᠭᠦᠷᠵᠢᠭᠦᠯᠦᠨ ᠰᠢᠯᠵᠢᠭᠦᠯᠦᠨ ᠦᠭᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠲᠤᠬᠢᠷᠠᠭᠤᠯᠬᠤ ᠳᠣᠮᠳᠠ ᠵᠠᠬ᠎ᠠ ᠲᠡᠯᠭᠡᠭᠦᠷ ᠤᠨ ᠰᠢᠢᠳᠪᠦᠷᠢᠯᠡᠭᠴᠢ ᠴᠢᠨᠠᠷᠳᠠᠢ ᠦᠢᠯᠡᠳᠦᠯ ᠢ ᠨᠢ ᠪᠠᠳᠠᠷᠠᠭᠤᠯᠬᠤ ᠪᠦᠭᠡᠳ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠬᠢ ᠪᠠᠶᠠᠯᠢᠭ ᠤᠨ ᠲᠤᠬᠢᠷᠠᠭᠤᠯᠤᠯᠳᠠ ᠡᠷᠭᠡ ᠲᠡᠭᠰᠢ᠂ ᠲᠦᠪ ᠭᠤᠤᠯᠴᠢ ᠪᠠᠶᠢᠬᠤ ᠶᠢ ᠠᠬᠢᠭᠤᠯᠵᠤ᠂ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠠ ᠠᠰᠢᠭ ᠢ ᠲᠡᠭᠡᠭᠰᠢᠯᠡᠭᠦᠯᠦᠨ᠂ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠭᠦ ᠬᠡᠷᠡᠭᠳᠡᠢ ᠭᠡᠵᠡᠢ᠃      ᠬᠤᠷᠠᠯ ᠠᠴᠠ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠤᠳᠤᠷᠠᠬᠢ ᠠᠭᠤᠷᠬᠠᠢ ᠶᠢᠨ ᠠᠵᠤ ᠦᠢᠯᠡᠰ ᠎ ᠤᠨ ᠡᠷᠭᠡ ᠶᠢ ᠤᠬᠤᠷᠢᠭᠤᠯᠣᠨ ᠭᠠᠷᠭᠠᠬᠤ ᠪᠤᠯ ᠲᠦᠪ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠪᠠ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠯᠲᠠ ᠠᠴᠠ ᠬᠠᠷᠢᠭᠤ ᠳᠣᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠴᠢᠬᠤᠯᠠ ᠠᠭᠤᠯᠭ᠎ᠠ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠨᠢᠯᠳᠠ ᠪᠠᠨ ᠴᠢᠨᠠᠬᠰᠢᠳᠠ ᠲᠡᠭᠡᠭᠰᠢᠯᠡᠭᠦᠯᠦᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠤᠳᠤᠷᠠᠬᠢ ᠠᠭᠤᠷᠬᠠᠢ ᠶᠢᠨ ᠦᠢᠯᠡᠰ ᠤᠨ ᠡᠷᠭᠡ ᠶᠢ ᠤᠬᠤᠷᠢᠭᠤᠯᠣᠨ ᠭᠠᠷᠭᠠᠬᠤ ᠠᠵᠢᠯ ᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠣᠯᠢ ᠲᠤᠬᠳᠠᠭᠠᠯ ᠶᠣᠰᠣᠭᠠᠷ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠤᠳᠤᠷᠠᠬᠢ ᠠᠭᠤᠷᠬᠠᠢ ᠶᠢᠨ ᠦᠢᠯᠡᠰ ᠤᠨ ᠡᠷᠭᠡ ᠶᠢ ᠦᠨᠡᠨᠬᠦ ᠤᠬᠤᠷᠢᠭᠤᠯᠤᠨ ᠭᠠᠷᠭᠠᠬᠤ ᠬᠡᠷᠡᠭᠳᠡᠢ ᠬᠡᠵᠤ ᠵᠢᠭᠠᠵᠤ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠳᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠶᠢᠨ ᠴᠢᠬᠤᠯᠠ ᠴᠢᠨᠠᠷ ᠤᠨ ᠲᠤᠬᠠᠢ ᠲᠠᠨᠢᠯᠳᠠ ᠪᠠᠨ ᠴᠢᠨᠠᠬᠰᠢᠳᠠ ᠲᠡᠭᠡᠭᠰᠢᠯᠡᠭᠦᠯᠵᠤ᠂ ᠳᠠᠯ᠎ᠠ ᠨᠤᠳᠤᠭ ᠢ ᠬᠠᠤᠯᠢ ᠪᠤᠰᠤ ᠪᠠᠷ ᠲᠠᠳᠠᠪᠤᠷᠢᠯᠡᠨ ᠬᠡᠷᠡᠭᠯᠡᠭᠰᠡᠨ᠂ ᠲᠠᠯ᠎ᠠ ᠨᠤᠳᠤᠭ ᠤᠨ ᠤᠷᠭᠤᠮᠠᠯ ᠬᠤᠴᠢᠯᠠᠭ᠎ᠠ ᠶᠢ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠨᠤᠳᠤᠭ ᠪᠡᠯᠴᠢᠭᠡᠷ ᠢ ᠲᠠᠲᠠᠪᠤᠷᠢᠯᠠᠬᠤ ᠡᠵᠡᠯᠡᠬᠦ ᠬᠡᠷᠡᠭᠯᠡᠭᠦ ᠭᠠᠷ ᠬᠦᠢᠴᠡᠳᠭᠡᠯ ᠢ ᠦᠯᠦ ᠬᠦᠢᠴᠡᠳᠭᠡᠭᠰᠡᠨ ᠲᠦᠷᠦᠯ ᠵᠦᠢᠯ ᠢ ᠪᠦᠬᠦ ᠲᠠᠯ᠎ᠠ ᠪᠠᠷ ᠴᠡᠪᠡᠷᠯᠡᠨ ᠴᠡᠭᠴᠡᠯᠡᠭᠦ ᠬᠡᠷᠡᠭᠳᠡᠢ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠴᠢᠩᠭᠠᠷᠠᠭᠤᠯᠵᠤ᠂ ᠬᠠᠮᠢᠶ᠎ᠠ ᠪᠦᠬᠦᠢ ᠬᠠᠤᠯᠢ ᠴᠠᠭᠠᠵᠠ ᠪᠠ ᠬᠠᠤᠯᠢ ᠴᠠᠭᠠᠵᠠ ᠶᠢᠨ ᠲᠠᠶᠢᠯᠪᠤᠷᠢ ᠳᠠᠬᠢ ᠲᠤᠬᠳᠠᠭᠠᠯ ᠶᠤᠰᠤᠭᠠᠷ᠂ ᠳᠠᠯ᠎ᠠ ᠨᠤᠳᠤᠭ ᠢ ᠲᠠᠲᠠᠪᠤᠷᠢᠯᠠᠬᠤ ᠡᠵᠡᠯᠡᠬᠦ ᠬᠡᠷᠡᠭᠯᠡᠭᠦ ᠳᠠᠬᠢ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ ᠵᠢᠷᠤᠮᠵᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号