| 5 ᠳ᠋ᠤᠭᠠᠷ ᠰᠠᠷ᠎ᠠ ᠶᠢᠨ15 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ | ᠤᠯᠠᠭᠠᠨᠴᠠᠪ ᠬᠤᠳᠠ ᠶᠢᠨ ᠲᠦᠷᠪᠡᠳ ᠬᠤᠰᠢᠭᠤ ᠶᠢᠨ ᠳ᠋ᠠ ᠡᠾᠧᠢ ᠡᠾᠸᠧ ᠰᠢᠶᠠᠩ ᠤᠨ ᠯᠤᠤᠯᠢᠲᠤ ᠲᠤᠰᠬᠤᠨ ᠤ | ᠬᠢᠳᠡᠳ ᠡᠮ ᠤᠨ ᠮᠠᠲ᠋ᠧᠷᠢᠶᠠᠯ ᠲᠠᠷᠢᠬᠤ ᠰᠠᠭᠤᠷᠢᠨ ᠭᠠᠵᠠᠷ ᠲᠤ ᠭᠦᠨᠵᠡᠭᠡᠶᠢᠷᠡᠨ ᠠᠵᠤ ᠦᠢᠯᠡᠰ ᠢᠶᠠᠷ ᠶᠠᠳᠠᠭᠤ ᠶᠢ | ᠳᠡᠳᠬᠦᠵᠦ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠵᠠᠢ᠃ | 14 ᠤ ᠡᠳᠦᠷ ᠠᠴᠠ 15 ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ | ᠾᠧᠩ ᠶᠠᠳᠠᠭᠤ ᠶᠢ ᠲᠡᠳᠭᠦᠭᠦ ᠬᠠᠷᠢᠯᠴᠠᠬᠤ ᠴᠢᠭ᠋ ᠪᠤᠯᠬᠤ ᠤᠯᠠᠭᠠᠨᠴᠠᠪ ᠬᠤᠳᠠ ᠶᠢᠨ ᠲᠦᠷᠪᠡᠳ ᠬᠤᠰᠢᠭᠤᠨ ᠳᠤ | ᠭᠦᠨᠵᠡᠭᠡᠶᠢᠷᠡᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠵᠤ | ᠰᠢᠮᠳᠠᠭᠤᠯᠤᠨ ᠵᠢᠯᠤᠭᠤᠳᠪᠠ᠃ ᠲᠡᠷᠡ ᠴᠢᠬᠤᠯᠠᠴᠢᠯᠠᠭᠰᠠᠨ ᠨᠢ᠂ ᠨᠠᠮ ᠤᠨ ᠲᠦᠪ ᠬᠤᠷᠢᠶ᠎ᠠ ᠪᠠ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ | ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠠᠩᠬᠠᠷᠤᠯ | ᠲᠥᠪᠯᠡᠷᠡᠭᠦᠯᠦᠨ ᠬᠦᠴᠦ ᠲᠠᠯᠪᠢᠵᠤ᠂ ᠠᠵᠤ ᠦᠢᠯᠡᠰ ᠤᠨ ᠬᠦᠭᠵᠢᠯᠳᠡ ᠪᠠ ᠰᠠᠭᠤᠷᠢ ᠪᠡᠯᠡᠳᠬᠡᠮᠵᠢ ᠶᠢᠨ ᠪᠦᠳᠦᠬᠡᠨ | ᠪᠠᠶᠢᠭᠤᠯᠤᠯᠳᠠ ᠶᠢ ᠡᠷᠴᠢᠮᠲᠡᠢ ᠰᠠᠶᠢᠳᠤᠷ ᠠᠳᠬᠤᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠪᠠ ᠶᠠᠳᠠᠭᠤ | ᠬᠦᠴᠢᠷᠳᠡᠯᠳᠡᠢ ᠤᠯᠠᠨ ᠲᠦᠮᠡᠨ ᠤ ᠦᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠲᠠᠰᠤᠷᠠᠯᠳᠠ ᠦᠭᠡᠢ | ᠲᠠᠬᠡᠭᠰᠢᠯᠡᠬᠦᠯᠵᠤ᠂ ᠶᠠᠳᠠᠭᠤ ᠠᠴᠠ ᠠᠩᠬᠢᠵᠢᠷᠠᠭᠤᠯᠤᠨ ᠴᠢᠨᠡᠭᠡᠯᠢᠭᠵᠢᠭᠦᠯᠭᠦ ᠶᠢ ᠨᠡᠩ ᠲᠤᠬᠳᠠᠭᠤᠨ ᠨᠡᠩ | ᠦᠷᠭᠦᠯᠵᠢᠯᠡᠬᠦᠶᠢᠴᠡ ᠪᠣᠯᠭᠠᠬᠤ ᠬᠡᠷᠡᠭᠳᠡᠢ ᠭᠡᠵᠡᠢ᠃ | ᠯᠢ ᠵᠢᠢ ᠾᠧᠩ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ ᠶᠢ ᠬᠢᠷᠢ ᠵᠡᠷᠭᠡ ᠠᠬᠢᠭᠤᠯᠵᠤ ᠪᠠᠶᠢᠬᠤ᠂ | ᠲᠦᠷᠦ ᠶᠢᠨ ᠪᠤᠳᠤᠯᠭ᠎ᠠ ᠶᠢ ᠬᠢᠷᠢ ᠵᠡᠷᠭᠡ ᠨᠠᠶᠢᠳᠠᠪᠤᠷᠢᠵᠢᠭᠤᠯᠵᠤ ᠪᠠᠶᠢᠬᠤ᠂ ᠶᠠᠳᠠᠭᠤ ᠬᠦᠴᠢᠷᠳᠡᠯᠳᠡᠢ ᠤᠯᠠᠨ ᠲᠦᠮᠡᠨ | ᠤ ᠠᠮᠢᠳᠤᠷᠠᠯ ᠬᠢᠷᠢ ᠵᠡᠷᠭᠡ ᠪᠠᠶᠢᠬᠤ ᠶᠢ ᠲᠦᠢᠯ ᠢᠶᠠᠷ ᠬᠠᠯᠠᠮᠵᠢᠯᠠᠵᠤ ᠪᠠᠶᠢᠪᠠ᠃ ᠲᠡᠷᠡ ᠤᠷᠢᠳ ᠬᠤᠵᠢᠳ ᠳ᠋ᠠ ᠡᠾᠧᠢ | ᠡᠾᠸᠧ ᠰᠢᠶᠠᠩ ᠤᠨ ᠯᠤᠤᠯᠢᠲᠤ ᠲᠤᠰᠬᠤᠨ᠂ ᠰᠧ ᠱᠢ ᠴᠢᠩ ᠳ᠋ᠢ ᠲᠤᠰᠬᠤᠨ᠂ ᠶᠠᠩ ᠶᠢᠤ ᠹᠠᠩ ᠲᠤᠰᠬᠤᠨ᠂ ᠰᠦᠨ | ᠵᠢᠶᠠ ᠭᠧ ᠳ᠋ᠠᠨ ᠲᠤᠰᠬᠤᠨ᠂ ᠶᠡᠭᠡ ᠱᠠᠵᠠᠩ ᠲᠤᠰᠬᠤᠨ ᠢᠶᠠᠷ ᠬᠦᠷᠴᠤ᠂ ᠠᠵᠤ ᠦᠢᠯᠡᠰ ᠢᠶᠠᠷ ᠶᠠᠳᠠᠭᠤ ᠶᠢ | ᠲᠡᠳᠭᠦᠵᠤ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠵᠤ᠂ ᠲᠤᠰᠬᠤᠨ ᠳᠤ ᠰᠠᠭᠤᠬᠤ ᠠᠵᠢᠯᠯᠠᠬᠤ ᠠᠩᠬᠢ ᠶᠢ | ᠲᠤᠮᠢᠯᠠᠨ ᠰᠠᠭᠤᠯᠭᠠᠬᠰᠠᠨ ᠪᠠ ᠠᠵᠢᠯ ᠤᠨ ᠪᠠᠶᠢᠳᠠᠯ ᠢ ᠨᠢ ᠰᠤᠭᠤᠴᠢᠨ ᠪᠠᠶᠢᠴᠠᠭᠠᠬᠤ ᠶᠢᠨ ᠬᠠᠮᠳᠤ ᠶᠠᠳᠠᠭᠤ | ᠬᠦᠴᠢᠷᠳᠡᠯᠳᠡᠢ ᠤᠯᠠᠨ ᠲᠦᠮᠡᠨ ᠢ ᠪᠤᠯᠭᠤᠭᠠᠨ ᠲᠤᠬᠤᠨᠢᠭᠤᠯᠵᠠᠢ᠃ | ᠬᠢᠳᠡᠳ ᠡᠮ ᠤᠨ ᠮᠠᠲ᠋ᠧᠷᠢᠶᠠᠯ ᠲᠠᠷᠢᠬᠤ ᠰᠠᠭᠤᠷᠢᠨ ᠭᠠᠵᠠᠷ ᠪᠠ ᠲᠦᠮᠡᠨ ᠮᠦ ᠲᠦᠮᠦᠰᠦ ᠲᠠᠷᠢᠬᠤ ᠰᠠᠭᠤᠷᠢᠨ | ᠭᠠᠵᠠᠷ ᠢ ᠰᠢᠨᠵᠢᠯᠡᠨ ᠪᠠᠶᠢᠴᠠᠭᠠᠬᠤ ᠳᠠᠭᠠᠨ᠂ ᠯᠢ ᠵᠢᠢ ᠾᠧᠩ ᠲᠤᠬᠠᠢ ᠶᠢᠨ ᠭᠠᠵᠠᠷ ᠤᠨ ᠠᠵᠤ ᠦᠢᠯᠡᠰ ᠢᠶᠠᠷ | ᠶᠠᠳᠠᠭᠤ ᠠᠴᠠ ᠠᠩᠬᠢᠵᠢᠷᠠᠭᠤᠯᠬᠤ ᠶᠢ ᠳᠠᠶᠢᠴᠢᠯᠠᠵᠣ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠠᠢ᠃ ᠲᠡᠷᠡ | ᠴᠢᠬᠤᠯᠠᠴᠢᠯᠠᠭᠰᠠᠨ ᠨᠢ᠂ ᠠᠵᠤ ᠦᠢᠯᠡᠰ ᠢ ᠬᠦᠭᠵᠢᠭᠦᠯᠬᠦ ᠪᠤᠯ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠭᠦᠯᠭᠦ | ᠦᠨᠳᠦᠰᠦᠨ ᠠᠷᠭ᠎ᠠ ᠪᠤᠳᠤᠯᠭ᠎ᠠ ᠪᠤᠯᠤᠨ᠎ᠠ᠂ ᠠᠵᠤ ᠦᠢᠯᠡᠰ ᠤᠨ ᠪᠠᠶᠢᠷᠢ ᠲᠤᠬᠳᠠᠭᠠᠯᠳᠠ ᠶᠢ ᠣᠨᠣᠪᠴᠢᠳᠠᠢ ᠣᠯᠵᠤ᠂ | ᠶᠠᠳᠠᠭᠤ ᠶᠢ ᠲᠡᠳᠭᠦᠭᠦ ᠲᠦᠷᠦᠯ ᠵᠦᠢᠯ ᠢ ᠵᠦᠪ ᠰᠤᠩᠭᠤᠵᠤ᠂ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠤᠨ | ᠤᠨᠴᠠᠯᠢᠬᠳᠦ ᠠᠵᠤ ᠦᠢᠯᠡᠰ ᠢ ᠬᠦᠭᠵᠢᠭᠦᠯᠵᠤ᠂ ᠨᠢᠭᠡ ᠪᠦᠯᠦᠭ ᠨᠦᠯᠦᠭᠡᠯᠡᠭᠦ ᠬᠡᠪᠴᠢᠶ᠎ᠠ ᠪᠠᠷ ᠦᠷᠭᠡᠨ᠂ | ᠲᠠᠶᠢᠴᠢᠯᠠᠬᠤ ᠬᠦᠴᠦᠨ ᠢᠶᠠᠷ ᠴᠢᠩᠭ᠎ᠠ᠂ ᠪᠤᠶᠢᠵᠢᠯᠳᠠ ᠰᠠᠶᠢᠳᠠᠢ ᠲᠠᠭᠠᠭᠤᠯᠤᠬᠴᠢ ᠠᠵᠤ ᠠᠬᠤᠶᠢᠯᠠᠯ ᠢ ᠢᠳᠡᠪᠬᠢᠳᠡᠢ | ᠪᠤᠶᠢᠵᠢᠭᠤᠯᠬᠤ ᠪᠤᠶᠤ ᠣᠷᠣᠭᠤᠯᠤᠨ ᠢᠷᠡᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠤᠨᠤᠪᠴᠢᠳᠠᠢ ᠪᠦᠭᠡᠳ | ᠪᠦᠳᠦᠮᠵᠢᠳᠡᠢ ᠪᠠᠷ ᠠᠵᠤ ᠦᠢᠯᠡᠰ ᠤᠨ ᠬᠡᠯᠬᠢᠶ᠎ᠡ ᠳᠤ ᠤᠷᠤᠭᠤᠯᠵᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ | ᠲᠠᠶᠢᠴᠢᠯᠠᠨ ᠤᠷᠤᠯᠭ᠎ᠠ ᠶᠢ ᠨᠢ ᠲᠤᠬᠳᠠᠭᠤᠨ ᠢᠶᠠᠷ ᠨᠡᠮᠡᠭᠳᠡᠭᠦᠯᠭᠦ ᠬᠡᠷᠡᠭᠳᠡᠢ᠃ ᠵᠠᠬ᠎ᠠ ᠲᠡᠯᠭᠡᠭᠦᠷ ᠤᠨ ᠲᠤᠬᠠᠢ | ᠰᠤᠳᠤᠯᠭᠠᠨ ᠢᠶᠠᠨ ᠴᠢᠩᠭᠠᠳᠬᠠᠨ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠢᠯᠡᠳᠪᠦᠷᠢᠯᠡᠯ | ᠪᠤᠷᠤᠯᠠᠭᠤᠯᠭ᠎ᠠ ᠶᠢ ᠵᠤᠯᠭᠠᠭᠤᠯᠬᠤ ᠲᠤᠬᠳᠠᠴᠠ ᠶᠢᠨ ᠰᠢᠨ᠎ᠠ ᠶᠢ ᠡᠭᠦᠳᠴᠤ᠂ ᠲᠦᠭᠦᠮ ᠲᠦᠳᠡ᠂ ᠰᠢᠭᠤᠳ | ᠰᠢᠯᠤᠭᠤᠨ᠂ ᠦᠨᠳᠦᠷ ᠪᠦᠳᠦᠮᠵᠢᠳᠡᠢ᠂ ᠲᠤᠬᠳᠠᠭᠤᠨ ᠪᠦᠬᠦᠢ ᠦᠢᠯᠡᠳᠪᠦᠷᠢᠯᠡᠯ ᠪᠤᠷᠤᠯᠠᠭᠤᠯᠭ᠎ᠠ ᠶᠢᠨ ᠬᠦᠢᠯᠭᠡᠭᠡᠨ ᠤ | ᠵᠠᠮ ᠢ ᠨᠡᠭᠡᠭᠡᠵᠦ᠂ ᠪᠦᠳᠦᠭᠡᠭᠳᠡᠭᠦᠨ ᠤ ᠪᠤᠷᠤᠯᠠᠭᠤᠯᠭ᠎ᠠ ᠶᠢᠨ ᠠᠰᠠᠭᠤᠳᠠᠯ ᠢ ᠰᠠᠶᠢᠳᠤᠷ ᠰᠢᠢᠳᠪᠦᠷᠢᠯᠡᠭᠦ ᠬᠡᠷᠡᠭᠳᠡᠢ | ᠭᠡᠵᠡᠢ᠃ ᠶᠠᠩ ᠶᠢᠦ ᠹᠠᠩ ᠲᠤᠰᠬᠳ ᠪᠤᠯᠤᠨ ᠶᠡᠭᠡ ᠱᠠᠵᠠᠩ ᠲᠤᠰᠬᠤᠨ ᠳᠤ᠂ ᠯᠢ ᠵᠢᠢ ᠾᠧᠩ ᠲᠤᠰᠬᠤᠨ ᠳᠤ | ᠰᠠᠭᠤᠭ᠎ᠠ ᠠᠵᠢᠯᠯᠠᠬᠤ ᠠᠩᠬᠢ ᠶᠢᠨ ᠠᠵᠢᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠤᠰᠬᠤᠨ ᠳᠤ ᠰᠠᠭᠤᠭ᠎ᠠ | ᠺᠠᠳ᠋ᠷᠴᠤᠳ ᠲᠤ ᠰᠡᠳᠬᠢᠯ ᠢᠶᠠᠨ ᠲᠤᠬᠳᠠᠪᠤᠷᠢᠵᠢᠭᠤᠯᠤᠨ ᠶᠠᠳᠠᠭᠤ ᠶᠢ ᠲᠡᠳᠭᠦᠭᠦ ᠶᠢ ᠠᠳᠬᠤᠬᠤ ᠬᠡᠷᠡᠭᠲᠡᠢ᠂ | ᠶᠠᠭᠠᠬᠢᠭᠰᠠᠨ ᠴᠦ ᠲᠤᠷ᠎ᠠ ᠲᠠᠢ ᠰᠢᠷ᠎ᠠ ᠲᠠᠢ ᠪᠠᠶᠢᠵᠤ ᠪᠤᠯᠬᠤ ᠦᠭᠡᠢ ᠬᠡᠵᠤ ᠲᠠᠬᠢᠨ ᠲᠠᠪᠳᠠᠨ ᠵᠠᠬᠢᠭᠰᠠᠨ ᠪᠠᠶᠢᠨ᠎ᠠ᠃ | ᠪᠠᠶᠢᠴᠠᠭᠠᠨ ᠰᠤᠳᠤᠯᠤᠬᠰᠠᠨ ᠬᠤᠭᠤᠴᠠᠭᠠᠨ ᠳᠠᠭᠠᠨ᠂ ᠯᠢ ᠵᠢᠢ ᠾᠧᠩ ᠬᠤᠷᠠᠯ ᠬᠢᠵᠦ ᠤᠯᠠᠭᠠᠨᠴᠠᠪ ᠬᠤᠳᠠ | ᠪᠤᠯᠤᠨ ᠲᠦᠷᠪᠡᠳ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ ᠶᠢᠨ ᠠᠵᠢᠯ ᠤᠨ ᠬᠠᠷᠢᠭᠤ | ᠮᠡᠳᠡᠭᠦᠯᠦᠯᠳᠡ ᠶᠢ ᠰᠤᠨᠤᠰᠴᠠᠢ᠃ ᠲᠡᠷᠡ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ | ᠰᠢᠪᠳᠤᠯᠤᠯᠳᠠ ᠳᠤ ᠬᠠᠰᠢ ᠶᠠᠰᠢ ᠪᠠᠶᠢᠵᠤ ᠪᠤᠯᠬᠤ ᠦᠭᠡᠢ᠂ ᠶᠠᠳᠠᠭᠤ ᠶᠢᠨ ᠦᠨᠳᠦᠰᠦ ᠶᠢ ᠲᠦᠢᠯᠪᠦᠷᠢᠳᠡᠢ ᠦᠭᠳᠡᠭᠡᠨ | ᠬᠠᠶᠠᠬᠤ ᠳᠤ ᠬᠠᠰᠢᠯᠡ ᠠᠵᠤ ᠦᠢᠯᠡᠰ ᠠᠴᠠ ᠵᠠᠮ ᠡᠷᠢᠵᠤ᠂ ᠳᠣᠰ ᠭᠠᠵᠠᠷ ᠤᠨ ᠤᠨᠴᠠᠯᠢᠭ ᠲᠤ ᠬᠠᠮᠤᠭ ᠠᠴᠠ | ᠲᠤᠬᠢᠷᠠᠬᠤ ᠪᠦᠭᠡᠳ ᠨᠦᠭᠡᠴᠡ ᠬᠦᠴᠦᠨ ᠢ ᠨᠢ ᠠᠭᠤᠳᠠᠯᠠᠬᠤ ᠳᠤ ᠠᠰᠢᠬᠳᠠᠢ ᠠᠵᠤ ᠦᠢᠯᠡᠰ ᠢ ᠶᠡᠭᠡᠪᠡᠷ | ᠬᠦᠭᠵᠢᠭᠦᠯᠵᠤ᠂ ᠵᠠᠬ᠎ᠠ ᠲᠡᠯᠭᠡᠭᠦᠷ ᠤᠨ ᠢᠷᠡᠭᠡᠳᠦᠢ ᠲᠠᠢ ᠪᠦᠭᠡᠳ ᠶᠠᠳᠠᠭᠤ ᠬᠦᠴᠢᠷᠳᠡᠯᠳᠡᠢ ᠦᠯᠡᠮᠵᠢ ᠣᠯᠠᠨ | ᠤᠷᠤᠯᠴᠠᠬᠤ ᠠᠵᠤ ᠦᠢᠯᠡᠰ ᠢ ᠶᠡᠭᠡᠪᠡᠷ ᠬᠦᠭᠵᠢᠭᠦᠯᠵᠤ᠂ ︽ᠴᠢᠰᠦ ᠪᠦᠳᠦᠭᠡᠭᠦ︾ ᠴᠢᠳᠠᠪᠣᠷᠢ ᠶᠢ ᠨᠢ | ᠴᠢᠩᠭᠠᠷᠠᠭᠤᠯᠵᠤ᠂ ᠨᠡᠩ ᠤᠯᠠᠨ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠠᠵᠤ ᠦᠢᠯᠡᠰ ᠤᠨ ᠬᠦᠭᠵᠢᠯᠳᠡ ᠶᠢᠨ | ᠠᠰᠢᠭ ᠲᠤᠰᠠ ᠶᠢ ᠬᠦᠷᠲᠡᠭᠡᠬᠦ ᠬᠡᠷᠡᠭᠳᠡᠢ ᠭᠡᠵᠡᠢ᠃ ᠲᠡᠷᠡ ᠵᠢᠭᠠᠵᠤ ᠭᠠᠷᠭᠠᠭᠰᠠᠨ ᠨᠢ᠂ ᠰᠠᠭᠤᠷᠢ ᠲᠦᠭᠦᠭᠡᠷᠦᠮᠵᠢ | ᠪᠠᠭᠤᠷᠠᠢ ᠪᠠᠶᠢᠬᠤ ᠪᠤᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ ᠶᠢ ᠬᠦᠯᠢᠶᠡᠰᠦᠯᠡᠵᠦ ᠪᠠᠶᠢᠭ᠎ᠠ ᠲᠣᠪᠣᠶᠢᠮ᠎ᠠ | ᠠᠰᠠᠭᠤᠳᠠᠯ ᠪᠤᠯᠤᠨ᠎ᠠ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠭᠦ ᠲᠠᠢ ᠤᠶᠠᠯᠳᠤᠭᠤᠯᠤᠨ ᠵᠠᠮ᠂ ᠤᠰᠤ᠂ ᠴᠠᠬᠢᠯᠭᠠᠨ᠂ ᠣᠷᠣᠨ ᠰᠠᠭᠤᠴᠠ᠂ ᠰᠦᠯᠵᠢᠶ᠎ᠠ ᠵᠡᠷᠭᠡ ᠰᠠᠭᠤᠷᠢ | ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠬᠦᠴᠦᠲᠡᠢ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ | ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠨᠵᠡᠭᠡᠢ ᠦᠷᠨᠢᠭᠦᠯᠵᠤ᠂ | ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠨᠢ ᠦᠷᠭᠦᠯᠵᠢᠯᠡᠨ ᠰᠠᠶᠢᠵᠢᠷᠠᠭᠤᠯᠵᠤ᠂ ᠶᠠᠳᠠᠭᠤ ᠬᠦᠴᠢᠷᠳᠡᠯᠳᠡᠢ | ᠭᠠᠵᠠᠷ ᠤᠷᠤᠨ ᠤ ᠬᠦᠭᠵᠢᠯᠳᠡ ᠶᠢᠨ ᠲᠦᠷᠰᠦ ᠪᠠᠶᠢᠳᠠᠯ ᠢ ᠲᠦᠷᠭᠡᠳᠬᠡᠨ ᠰᠠᠶᠢᠵᠢᠷᠠᠭᠤᠯᠬᠤ ᠬᠡᠷᠡᠭᠳᠡᠢ ᠭᠡᠵᠡᠢ᠃ | ᠲᠡᠷᠡ ᠱᠠᠭᠠᠷᠳᠠᠭᠰᠠᠨ ᠨᠢ᠂ ᠬᠤᠳᠠ ᠪᠤᠯᠤᠨ ᠬᠤᠰᠢᠭᠤ ᠬᠤᠶᠠᠷ ᠱᠠᠳᠤᠨ ᠤ ᠬᠢᠨ ᠡᠷᠬᠡᠪᠰᠢ ᠬᠠᠷᠢᠭᠤᠴᠠᠯᠭ᠎ᠠ ᠪᠠᠨ | ᠡᠭᠦᠷᠭᠡᠯᠡᠨ ᠰᠤᠷᠳᠠᠯ ᠢᠶᠠᠨ ᠰᠠᠶᠢᠵᠢᠷᠠᠭᠤᠯᠵᠤ᠂ ᠬᠢᠨᠠᠨ ᠰᠢᠯᠭᠠᠬᠤ ᠶᠢ ᠴᠢᠩᠳᠠᠯᠠᠵᠤ᠂ ᠪᠤᠳᠠᠳᠠᠢ ᠠᠷᠭ᠎ᠠ ᠬᠡᠮᠵᠢᠶ᠎ᠠ᠂ | ᠡᠷᠴᠢᠮᠲᠡᠢ ᠠᠷᠭ᠎ᠠ ᠬᠡᠮᠵᠢᠶ᠎ᠠ᠂ ᠬᠡᠷᠡᠭᠴᠡᠭᠡ ᠲᠠᠢ ᠠᠷᠭ᠎ᠠ ᠪᠠᠷᠢᠯ ᠠᠪᠴᠤ᠂ ᠲᠦᠪᠯᠡᠷᠡᠭᠦᠯᠦᠨ ᠴᠡᠭᠴᠡᠯᠡᠨ ᠵᠠᠰᠠᠬᠤ | ᠲᠤᠰᠬᠠᠢ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠵᠤ᠂ ᠶᠠᠳᠠᠭᠤ ᠶᠢ ᠲᠡᠳᠭᠦᠵᠤ ᠰᠢᠪᠲᠤᠯᠤᠯᠳᠠ ᠶᠢ | ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠠᠳᠬᠤᠵᠣ᠂ ᠡᠨᠡᠭᠦ ᠬᠠᠳᠠᠭᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠤ | ᠢᠯᠠᠯᠳᠠ ᠤᠯᠬᠤ ᠬᠡᠷᠡᠭᠳᠡᠢ ᠭᠡᠵᠡᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ | ᠲᠠᠷᠤᠭ᠎ᠠ ᠯᠦᠸᠧ ᠶᠦᠩ ᠭᠠᠩ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ | ᠪᠠᠶᠢᠴᠠᠭᠠᠨ ᠰᠤᠳᠤᠯᠬᠤ ᠳᠤ ᠤᠷᠤᠯᠴᠠᠵᠠᠢ᠃ |