ᠠᠯᠠᠱᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠤᠨ ᠬᠡᠷᠡᠭ ᠶᠠᠪᠤᠳᠠᠯ ᠬᠦᠢᠴᠡᠳᠬᠡᠬᠦ ᠴᠤᠪᠤᠷᠠᠯ ᠢ ᠰᠢᠯᠢᠳᠡᠭᠵᠢᠭᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2018/5/16
    ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠨᠢ ᠠᠯᠠᠱᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠩᠬᠢᠮ ᠤᠨ ᠠᠶᠢᠮᠠᠭ᠂ ᠠᠯᠠᠱᠠ ᠵᠡᠭᠦᠨ ᠬᠤᠰᠢᠭᠤ ᠶᠢᠨ ᠣᠷᠣᠵᠤ ᠰᠠᠭᠤᠭᠰᠠᠨ ᠡᠯ᠎ᠡ ᠰᠠᠯᠠᠭ᠎ᠠ ᠮᠦᠴᠢᠷ ᠤᠨ ᠬᠡᠷᠡᠭ ᠶᠠᠪᠤᠳᠠᠯ ᠬᠦᠢᠴᠡᠳᠬᠡᠬᠦ ᠴᠤᠪᠤᠷᠠᠯ ᠢ ᠰᠢᠯᠢᠳᠡᠭᠵᠢᠬᠦᠯᠬᠦ ᠪᠠ ᠬᠢᠨᠠᠨ ᠵᠥᠪᠰᠢᠶᠡᠷᠡᠬᠦ ᠠᠵᠢᠯ ᠤᠨ ᠦᠷ᠎ᠡ ᠪᠦᠲᠦᠮᠵᠢ ᠶᠢ ᠲᠦᠷᠭᠡᠳᠬᠡᠭᠦ  ᠠᠵᠢᠯ ᠢ ᠨᠢᠭᠡᠨᠲᠡ ᠪᠦᠬᠦ ᠲᠠᠯ᠎ᠠ ᠪᠠᠷ ᠪᠡᠶᠡᠯᠡᠭᠦᠯᠵᠦ᠂ ᠴᠤᠪᠤᠷᠠᠯ ᠢ ᠳᠠᠬᠢᠨ ︽ᠴᠣᠮᠬᠠᠳᠬᠠᠵᠤ︾᠂ ᠦᠶᠯᠡᠴᠢᠯᠡᠭᠡ ᠶᠢ ᠨᠠᠩ ᠥᠨᠳᠥᠷ ᠪᠦᠲᠦᠮᠵᠢᠲᠡᠶ ᠪᠤᠯᠭᠠᠵᠤ᠂ ᠠᠵᠤ ᠠᠬᠤᠶᠢᠯᠠᠯ᠂ ᠠᠷᠠᠳ ᠲᠦᠮᠡᠨ ᠤ ᠬᠡᠷᠡᠭ ᠶᠠᠪᠤᠳᠠᠯ ᠰᠢᠢᠳᠪᠦᠷᠢᠯᠡᠵᠦ ᠠᠲᠠᠯ ᠤᠶᠢᠯᠡᠰ ᠴᠤᠭᠴᠠᠯᠠᠬᠤ ᠳᠤ ᠤᠯᠠᠮ ᠲᠦᠭᠦᠮ ᠦᠵᠡᠭᠦᠯᠪᠡ᠃      ᠬᠢᠨᠠᠨ ᠵᠦᠪᠰᠢᠶᠡᠷᠡᠬᠦ ᠦᠶᠯᠡᠴᠢᠯᠡᠭᠡᠨ ᠤ ᠴᠤᠪᠤᠷᠠᠯ ᠢ ᠲᠦᠷᠢᠮᠵᠢᠭᠦᠯᠦᠨ ᠰᠢᠯᠢᠳᠡᠭᠵᠢᠭᠦᠯᠭᠦ ᠠᠵᠢᠯ ᠪᠣᠯ ᠠᠯᠠᠱᠠ ᠠᠶᠢᠮᠠᠭ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ  ᠭᠦᠨᠵᠡᠬᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ  ᠪᠤᠯᠤᠨ᠎ᠠ᠃ ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠨᠢ ᠡᠨᠡ ᠬᠦ ᠠᠵᠢᠯ ᠢ ᠡᠨᠡ ᠵᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠪᠤᠯᠭᠠᠨ ᠲᠣᠬᠢᠷᠠᠭᠤᠯᠤᠨ ᠪᠠᠶᠢᠷᠢᠯᠠᠭᠤᠯᠵᠦ᠂ ᠠᠯᠠᠱᠠ ᠵᠡᠭᠦᠨ ᠬᠤᠰᠢᠭᠤ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠠᠢ ᠬᠠᠮᠲᠤᠷᠠᠨ ᠲᠤᠰᠬᠠᠶ ᠠᠵᠢᠯ ᠤᠨ ᠳᠤᠭᠤᠶᠢᠯᠠᠩ ᠪᠠᠶᠢᠭᠤᠯᠵᠤ᠂ ︽ ᠶᠠᠪᠤᠴᠠ ᠨᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ᠂ ᠦᠢᠯᠡᠴᠢᠯᠡᠭᠡ ᠨᠢ ᠤᠯᠠᠨ ᠲᠦᠮᠡᠨ ᠳᠤ ᠳᠦᠭᠦᠮ ᠦᠵᠡᠭᠦᠯᠬᠦ ᠮᠦᠷᠲᠡᠭᠡᠨ ᠥᠨᠳᠥᠷ ᠦᠷ᠎ᠡ ᠪᠦᠲᠦᠮᠵᠢᠲᠡᠶ ᠪᠠᠶᠢᠬᠤ︾ ᠵᠠᠷᠴᠢᠮ ᠢ ᠪᠠᠷᠢᠮᠲᠠᠯᠠᠵᠤ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠴᠠᠭ ᠤᠨ ᠬᠦᠰᠦᠨᠦᠭ ᠪᠤᠯᠤᠨ ᠠᠬᠢᠴᠠ ᠶᠢᠨ ᠵᠢᠷᠤᠭ ᠢ ᠲᠣᠳᠣᠷᠬᠠᠶ ᠪᠤᠯᠭᠠᠵᠤ᠂ ᠨᠢᠭᠡ ᠳᠤ ᠨᠢᠭᠡ ᠶᠢᠨ ᠠᠵᠢᠯ ᠤᠨ ᠵᠠᠭᠪᠤᠷᠰᠢᠯ ᠢ ᠠᠪᠴᠤ᠂ ᠠᠶᠢᠮᠠᠭ᠂ ᠠᠯᠠᠱᠠ ᠵᠡᠭᠦᠨ ᠬᠤᠰᠢᠭᠤ ᠶᠢᠨ ᠣᠷᠣᠵᠤ ᠰᠠᠭᠤᠭᠰᠠᠨ ᠡᠯ᠎ᠡ ᠰᠠᠯᠠᠭ᠎ᠠ ᠮᠦᠴᠢᠷ ᠤᠨ ᠳᠡᠭᠡᠭᠰᠢ ᠮᠡᠳᠡᠭᠦᠯᠦᠭᠰᠡᠨ ᠤᠴᠢᠷ ᠶᠠᠪᠤᠳᠠᠯ ᠢ ᠰᠠᠯᠠᠭ᠎ᠠ ᠮᠦᠴᠢᠷ ᠳᠠᠷᠠᠭᠠᠯᠠᠨ ᠨᠢᠭᠡ ᠨᠢᠭᠡ ᠵᠦᠢᠯᠡᠰ ᠢᠶᠠᠷ ᠬᠢᠨᠠᠨ ᠪᠠᠶᠢᠴᠠᠭᠠᠵᠤ᠂  ᠭᠤᠶᠤᠴᠢᠯᠠᠠᠬᠤ ᠮᠠᠲ᠋ᠧᠷᠢᠶᠠᠯ᠂ ᠰᠢᠢᠳᠪᠦᠷᠢᠯᠡᠬᠦ ᠶᠠᠪᠤᠴᠠ ᠪᠤᠯᠤᠨ ᠴᠠᠭ ᠤᠨ ᠬᠢᠵᠠᠭᠠᠷ ᠢ ᠲᠦᠭᠦᠮᠴᠢᠯᠡᠵᠦ᠂  ᠭᠤᠶᠤᠴᠢᠯᠠᠬᠤ ᠮᠠᠲ᠋ᠧᠷᠢᠶᠠᠯ ᠢ ᠬᠠᠮᠤᠭ ᠤᠨ ᠶᠡᠭᠡ ᠬᠡᠮᠵᠢᠶ᠎ᠡ ᠪᠠᠷ ᠴᠤᠮᠬᠠᠳᠬᠠᠬᠤ᠂ ᠠᠵᠢᠯᠯᠠᠬᠤ ᠠᠯᠬᠤᠮ ᠳᠠᠷᠠᠭ᠎ᠠ ᠶᠢ  ᠪᠠᠭᠠᠰᠬᠠᠬᠤ᠂  ᠰᠢᠢᠳᠪᠤᠷᠢᠯᠡᠬᠦ ᠴᠠᠭ ᠢ ᠪᠤᠭᠤᠨᠢᠰᠬᠠᠬᠤ᠂ ᠵᠠᠰᠠᠭ ᠵᠠᠬᠢᠷᠭᠠᠨ ᠤ ᠴᠢᠳᠠᠮᠵᠢ ᠶᠢ ᠲᠡᠭᠡᠭᠰᠢᠯᠡᠭᠦᠯᠬᠦ ᠪᠠᠷ ᠴᠢᠷᠮᠠᠶᠢᠵᠤ ᠪᠤᠢ᠃      ᠰᠠᠯᠠᠭ᠎ᠠ ᠮᠦᠴᠢᠷ ᠦᠪᠡᠰᠦᠪᠡᠨ ᠪᠠᠶᠢᠴᠠᠭᠠᠨ ᠰᠢᠯᠢᠳᠡᠭᠵᠢᠭᠦᠯᠬᠦ ᠪᠠ ᠠᠵᠢᠯᠯᠠᠬᠤ ᠳᠤᠭᠤᠶᠢᠯᠠᠩ ᠬᠢᠨᠠᠨ ᠬᠠᠷᠭᠤᠭᠤᠯᠬᠤ ᠪᠠᠷ ᠳᠠᠮᠵᠢᠨ᠂ ᠠᠶᠢᠮᠠᠭ ᠤᠨ ᠰᠢᠭᠤᠳ ᠬᠠᠷᠢᠶ᠎ᠠ 23 ᠰᠠᠯᠠᠭ᠎ᠠ ᠮᠦᠴᠢᠷ ᠤᠨ ᠳᠡᠭᠡᠭᠰᠢ ᠮᠡᠳᠡᠭᠦᠯᠦᠭᠰᠡᠨ 386 ᠵᠦᠢᠯᠡᠰ ᠠᠴᠠ᠂ ᠪᠦᠬᠦ ᠭᠤᠶᠤᠴᠢᠯᠠᠭᠰᠠᠨ ᠮᠠᠲ᠋ᠧᠷᠢᠶᠠᠯ ᠨᠢ 3.12% ᠴᠤᠮᠬᠠᠳᠴᠤ᠂ ᠶᠡᠷᠦᠩᠬᠡᠶ ᠭᠤᠶᠤᠴᠢᠯᠠᠨ ᠭᠦᠢᠴᠡᠳᠬᠡᠭᠰᠡᠨ ᠴᠤᠪᠤᠷᠠᠯ ᠨᠢ 12.66% ᠴᠤᠮᠬᠠᠳᠴᠤ᠂ ᠪᠦᠬᠦ ᠬᠦᠢᠴᠡᠳᠭᠡᠭᠦ ᠴᠠᠭ ᠎ ᠤᠨ ᠬᠢᠵᠠᠭᠠᠷ ᠨᠢ 69% ᠪᠤᠭᠤᠨᠢᠰᠪᠠ︔ ᠠᠯᠠᠱᠠ ᠵᠡᠭᠦᠨ ᠬᠤᠰᠢᠭᠤ ᠶᠢᠨ 24 ᠰᠠᠯᠠᠭ᠎ᠠ ᠮᠦᠴᠢᠷ ᠤᠨ ᠲᠡᠭᠡᠭᠰᠢ ᠮᠡᠳᠡᠭᠦᠯᠦᠭᠰᠡᠨ 384 ᠵᠦᠢᠯᠡᠰ ᠠᠴᠠ᠂ ᠪᠦᠬᠦ ᠭᠤᠶᠤᠴᠢᠯᠠᠭᠰᠠᠨ ᠮᠠᠲ᠋ᠧᠷᠢᠶᠠᠯ ᠨᠢ 3.1% ᠴᠤᠮᠬᠠᠳᠴᠤ᠂ ᠶᠡᠷᠦᠩᠬᠡᠶ ᠭᠤᠶᠤᠴᠢᠯᠠᠨ ᠬᠦᠢᠴᠡᠳᠭᠡᠭᠰᠡᠨ ᠴᠤᠪᠤᠷᠠᠯ ᠨᠢ 21.33% ᠴᠤᠮᠬᠠᠳᠴᠤ᠂  ᠭᠦᠢᠴᠡᠳᠭᠡᠬᠦ ᠪᠦᠬᠦ ᠴᠠᠭ ᠤᠨ ᠬᠢᠵᠠᠭᠠᠷ ᠨᠢ 44.97% ᠪᠤᠭᠤᠨᠢᠰᠪᠠ᠃      ᠳᠠᠷᠠᠭᠠᠴᠢ ᠶᠢᠨ ᠠᠯᠬᠤᠮ ᠳᠤ᠂ ᠲᠤᠰ ᠲᠥᠪ ᠨᠢ ᠦᠢᠯᠡᠴᠢᠯᠡᠭᠡᠨ ᠤ ᠬᠡᠷᠡᠭ ᠶᠠᠪᠤᠳᠠᠯ ᠬᠦᠢᠴᠡᠳᠬᠡᠬᠦ ᠴᠤᠪᠤᠷᠠᠯ ᠢ ᠰᠢᠯᠢᠳᠡᠭᠵᠢᠭᠦᠯᠦᠭᠰᠡᠨ ᠤ ᠳᠠᠷᠠᠭᠠᠬᠢ ᠪᠠᠶᠢᠳᠠᠯ ᠢ ᠪᠦᠬᠦ ᠲᠠᠯ᠎ᠠ ᠎ ᠪᠠᠷ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶᠠᠵᠢᠭᠰᠠᠨ ᠵᠢᠷᠦᠮᠵᠢᠯ ᠤᠨ ᠰᠠᠭᠠᠷᠳᠠᠯᠭ᠎ᠠ ᠶᠤᠰᠤᠭᠠᠷ᠂ ᠵᠦᠢᠯ ᠳᠠᠷᠠᠭᠠᠯᠠᠨ ᠬᠡᠷᠡᠭ ᠶᠠᠪᠤᠳᠠᠯ ᠬᠦᠢᠴᠡᠳᠬᠡᠬᠦ ᠵᠦᠭᠯᠡᠭᠦᠷ ᠢ ᠲᠤᠭᠤᠷᠪᠢᠬᠤ ᠶᠢᠨ ᠬᠠᠮᠲᠤ᠂ ᠬᠡᠷᠡᠭ ᠶᠠᠪᠤᠳᠠᠯ ᠬᠦᠢᠴᠡᠳᠬᠡᠬᠦ ᠴᠤᠪᠤᠷᠠᠯ ᠤᠨ ᠴᠠᠭ ᠤᠨ ᠬᠢᠵᠠᠭᠠᠷ ᠢ ᠬᠢᠨᠠᠨ ᠡᠵᠡᠮᠳᠡᠬᠦ ᠭᠦᠴᠦᠯᠡᠴᠡ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠪᠠᠷᠢᠮᠵᠢᠶᠠᠵᠢᠭᠰᠠᠨ ᠦᠢᠯᠡᠴᠢᠯᠡᠭᠡᠨ ᠤ ᠡᠯᠧᠮᠧᠨ᠋ᠲ ᠢ ᠡᠯᠧᠺᠲᠷᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠠᠪᠴᠠᠩ ᠳᠤ ᠨᠢᠭᠡᠳᠦᠯᠲᠡᠶ ᠰᠢᠩᠭᠡᠭᠡᠨ ᠣᠷᠣᠭᠤᠯᠬᠤ ᠪᠠ ᠶᠡᠷᠤᠭ᠍ᠬᠡᠶᠢᠯᠡᠨ ᠬᠦᠢᠴᠡᠳᠬᠡᠬᠦ ᠲᠠᠪᠴᠠᠩ ᠤᠨ ᠬᠥᠯᠢᠶᠡᠨ ᠠᠪᠴᠤ ᠳᠠᠩᠰᠠᠯᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠴᠢᠳᠠᠮᠵᠢ ᠪᠦᠬᠦᠢ ᠡᠯᠧᠺᠲᠷᠣᠨ ᠬᠢᠨᠠᠨ ᠪᠠᠶᠢᠴᠠᠭᠠᠬᠤ ᠰᠢᠰᠲ᠋ᠧᠮ ᠢᠶᠠᠷ ᠳᠠᠮᠵᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠤᠨ ᠬᠡᠷᠡᠭ ᠶᠠᠪᠤᠳᠠᠯ ᠬᠦᠢᠴᠡᠳᠬᠡᠬᠦ ᠴᠤᠪᠤᠷᠠᠯ ᠪᠣᠯᠤᠨ ᠴᠠᠭ ᠤᠨ ᠬᠢᠵᠠᠭᠠᠷ ᠲᠤ ᠲᠤᠬᠠᠢ ᠶᠢᠨ  ᠴᠠᠭ ᠤᠨ ᠬᠢᠨᠠᠯᠲᠠ ᠲᠠᠯᠪᠢᠬᠤ ᠶᠢ ᠪᠡᠶᠡᠯᠡᠭᠦᠯᠬᠦ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号