ᠪᠦ᠋ ᠰᠢᠶᠤᠤ ᠯᠢᠨ᠄ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2018/5/17
     5 ᠳ᠋ᠤᠭᠠᠷ ᠰᠠᠷ᠎ᠠ ᠶᠢᠨ 15᠎ ᠤ ᠡᠳᠦᠷ ᠠᠴᠠ 16᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠷᠳᠤᠰ ᠬᠤᠳᠠ ᠶᠢᠨ ᠲᠠᠯᠠᠳ ᠬᠤᠰᠢᠭᠤ᠂ ᠡᠵᠡᠨ ᠬᠤᠷᠤᠭ᠎ᠠ ᠬᠤᠰᠢᠭᠤ᠂ ᠳ᠋ᠦᠩᠱᠧᠩ ᠲᠤᠭᠤᠷᠢᠭ᠂ ᠵᠡᠭᠦᠨᠭᠠᠷ ᠬᠤᠰᠢᠭᠤ ᠪᠤᠯᠤᠨ ᠬᠦᠬᠡᠬᠤᠳᠠ ᠶᠢᠨ ᠲᠤᠬᠳᠠᠬᠤ ᠰᠢᠶᠠᠨ ᠳᠤ ᠪᠠᠶᠢᠴᠠᠭᠠᠨ ᠰᠤᠳᠤᠯᠣᠯᠳᠠ ᠬᠢᠬᠦ ᠳᠡᠭᠡᠨ᠂ ᠪᠤᠬᠢᠷᠳᠦᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠤᠷᠳᠤᠰ ᠬᠤᠳᠠ ᠳᠤ᠂ ᠪᠦ᠋ ᠰᠢᠶᠤᠤ ᠯᠢᠨ ᠤᠷᠢᠳ ᠬᠤᠵᠢᠳ ᠰᠢᠨ ᠤᠤ ᠨᠡᠭᠦᠷᠡᠰᠦ ᠪᠠᠷ ᠲᠦᠬᠦᠬᠡᠢ ᠮᠠᠲ᠋ᠧᠷᠢᠶᠠᠯ ᠪᠣᠯᠭᠠᠭᠰᠠᠨ ᠪᠠᠭ᠎ᠠ ᠨᠡᠭᠦᠷᠡᠰᠦᠳᠦ᠋ᠷᠦᠭᠴᠢᠲᠦ ᠠᠮᠢ ᠠᠬᠤᠢ ᠶᠢᠨ ᠡᠷᠬᠢᠯᠳᠡᠳᠦ ᠠᠵᠤ ᠦᠢᠯᠡᠰ ᠤᠨ ᠵᠢᠱᠢᠶ᠎ᠠ ᠦᠵᠡᠭᠦᠯᠭᠦ ᠰᠠᠭᠤᠷᠢᠨ᠂ ᠦᠪᠦᠷ ᠮᠤᠩᠭᠤᠯ ᠤᠨ ᠬᠤᠢ ᠨᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠳᠦ ᠺᠤᠮᠫᠠᠨᠢ ᠪᠤᠯᠤᠨ ᠦᠪᠦᠷ ᠮᠤᠩᠭᠤᠯ ᠤᠨ ᠢ ᠭᠤᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠨᠢᠭᠡᠳᠭᠡᠪᠦᠷᠢ ᠬᠡᠢ ᠪᠠᠷ ᠡᠲ᠋ᠢᠯ ᠬᠤᠶᠠᠷᠴᠢ ᠠᠯᠺᠤᠤᠯ ᠦᠢᠯᠡᠳᠪᠦᠷᠢᠯᠡᠬᠦ᠂ ᠵᠢᠦ ᠲᠠᠢ ᠡᠨᠧᠷᠬᠢ ︵ᠵᠡᠭᠦᠨᠭᠠᠷ︶᠎ ᠶᠢᠨ ᠬᠢᠵᠠᠭᠠᠷᠳᠤ ᠺᠤᠮᠫᠠᠨᠢ ᠶᠢᠨ ᠮᠧᠲ᠋ᠢᠯ ᠠᠯᠺᠤᠤᠯ ᠢ ᠬᠦᠨ ᠡᠳ᠋ᠰᠢᠭᠦᠯᠭᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠤ᠂ ᠲᠦᠷᠦᠯ ᠵᠦᠢᠯ ᠤᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠲᠠ ᠪᠠ ᠤᠷᠠᠨ ᠲᠠᠷᠬ᠎ᠠ ᠶᠢᠨ ᠶᠠᠪᠤᠴᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠤᠶᠢᠯᠠᠭᠠᠵᠤ᠂ ᠠᠵᠤ ᠠᠬᠤᠶᠢᠯᠠᠯ ᠤᠳ ᠤᠯᠤᠰ ᠤᠨ ᠲᠤᠳᠤᠭᠠᠳᠤ ᠭᠠᠳᠠᠭᠠᠳᠦ ᠶᠢᠨ ᠲᠡᠷᠢᠭᠦᠨ ᠤ ᠮᠡᠷᠭᠡᠵᠢᠯ ᠢ ᠬᠡᠷᠡᠭᠯᠡᠨ ᠦᠢᠯᠡᠳᠭᠦᠨ ᠤ ᠨᠡᠮᠡᠯᠳᠡ ᠦᠷᠳᠡᠭ ᠢᠶᠠᠨ ᠲᠡᠭᠡᠭᠰᠢᠯᠡᠭᠦᠯᠵᠤ᠂ ᠪᠠᠭ᠎ᠠ  ᠨᠡᠭᠦᠷᠡᠰᠦᠳᠦ᠋ᠷᠦᠭᠴᠢᠲᠦ᠂ ᠪᠤᠬᠢᠷᠳᠦᠯ ᠦᠭᠡᠢ᠂ ᠡᠷᠬᠢᠯᠳᠡᠳᠦ ᠬᠦᠭᠵᠢᠯᠳᠡ ᠶᠢ ᠪᠡᠶᠡᠯᠡᠭᠦᠯᠵᠤ ᠪᠠᠶᠢᠭ᠎ᠠ ᠠᠷᠭ᠎ᠠ ᠬᠢᠳᠠᠯ ᠢ ᠨᠢ ᠬᠦᠢᠴᠡᠳ ᠨᠤᠳᠠᠯᠠᠪᠠ᠃ ᠪᠦ᠋ ᠰᠢᠶᠤᠤ ᠯᠢᠨ ᠰᠢᠩ ᠬᠤᠢ ᠸᠠᠭᠠᠷ ᠱᠠᠭᠠᠵᠠᠩ ᠤᠨ ᠬᠢᠵᠠᠭᠠᠷᠳᠤ ᠺᠤᠮᠫᠠᠨᠢ᠂ ᠤᠷᠳᠤᠰ ᠤᠨ ᠤᠳᠤ ᠦᠶ᠎ᠠ ᠶᠢᠨ ᠢᠮᠠᠭᠠᠨ ᠨᠤᠯᠤᠤᠷ ᠤᠨ ᠠᠵᠤ ᠦᠢᠯᠡᠰ ᠤᠨ ᠬᠦᠷᠢᠶᠡᠯᠡᠩ ᠢᠶᠠᠷ ᠬᠦᠷᠴᠦ ᠪᠠᠶᠢᠴᠠᠭᠠᠨ ᠰᠤᠳᠤᠯᠵᠤ᠂ ᠡᠬᠢ ᠪᠠᠶᠠᠯᠢᠭ ᠢ ᠡᠷᠬᠢᠯᠳᠡᠭᠦᠯᠵᠤ ᠶᠡᠷᠦᠩᠭᠡᠶᠢᠯᠡᠨ ᠠᠰᠢᠬᠯᠠᠬᠤ ᠪᠠ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠵᠤ ᠪᠠᠶᠢᠭ᠎ᠠ ᠪᠠᠶᠢᠳᠠᠯ ᠢ ᠨᠢ ᠨᠠᠷᠢᠨ ᠤᠶᠢᠯᠠᠭᠠᠵᠠᠢ᠃ ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠳᠤ ᠭᠤᠤᠯᠳᠠᠯᠭ᠎ᠠ ᠪᠠᠨ ᠠᠵᠤ ᠦᠢᠯᠡᠰ ᠤᠨ ᠪᠦᠳᠦᠴᠡ ᠶᠢᠨ ᠬᠡᠯᠪᠡᠷᠢ ᠶᠢ ᠬᠤᠪᠢᠷᠠᠭᠤᠯᠦᠨ ᠲᠡᠰ ᠲᠡᠪᠰᠢᠭᠦᠯᠭᠦ ᠲᠡᠭᠡᠷ᠎ᠠ ᠲᠠᠯᠪᠢᠬᠤ ᠬᠡᠷᠡᠭᠳᠡᠢ᠃ ᠲᠠᠪᠠᠭᠤᠯᠢᠭ ᠲᠠᠭᠠᠨ ᠰᠠᠭᠤᠷᠢᠯᠠᠨ ᠨᠦᠭᠡᠴᠡ ᠬᠦᠴᠦᠨ ᠢᠶᠠᠨ ᠠᠭᠤᠳᠠᠯᠵᠤ᠂ ᠲᠠᠪᠠᠭᠤᠯᠢᠭ ᠢᠶᠠᠨ ᠪᠠᠳᠠᠷᠠᠭᠤᠯᠤᠨ ᠲᠤᠳᠠᠭᠤᠳᠠᠯ ᠢᠶᠠᠨ ᠨᠦᠬᠦᠪᠦᠷᠢᠯᠡᠵᠤ᠂ ᠰᠢᠨ᠎ᠠ ᠮᠡᠷᠭᠡᠵᠢᠯ᠂ ᠰᠢᠨ᠎ᠠ ᠡᠵᠡᠩᠨᠡᠯᠳᠡ ᠶᠢᠨ ᠬᠡᠯᠪᠡᠷᠢ ᠰᠢᠨ᠎ᠠ ᠵᠠᠭᠪᠤᠷᠰᠢᠯ ᠢ ᠬᠡᠷᠡᠭᠯᠡᠨ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠢ ᠬᠤᠪᠢᠷᠠᠭᠤᠯᠤᠨ ᠲᠡᠰ ᠲᠡᠪᠰᠢᠭᠦᠯᠵᠤ᠂ ᠰᠢᠨ᠎ᠠ ᠬᠦᠳᠡᠯᠭᠡᠭᠦ ᠡᠨᠧᠷᠬᠢ ᠶᠢ ᠶᠡᠭᠡᠪᠡᠷ ᠪᠤᠶᠢᠵᠢᠭᠤᠯᠤᠨ᠂ ᠠᠵᠤ ᠦᠢᠯᠡᠰ ᠢ ᠲᠤᠮᠳᠠ ᠲᠡᠭᠡᠳᠦ ᠲᠡᠰ ᠲᠤ ᠤᠷᠤᠭᠤᠯᠬᠤ ᠶᠢ ᠠᠬᠢᠭᠤᠯᠬᠤ ᠬᠡᠷᠡᠭᠳᠡᠢ ᠬᠡᠵᠠᠢ᠃      ᠲᠤᠬᠳᠠᠬᠤ ᠰᠢᠶᠠᠨ ᠳᠤ᠂ ᠪᠦ᠋ ᠰᠢᠶᠤᠤ ᠯᠢᠨ ᠦᠪᠦᠷ ᠮᠤᠩᠭᠤᠯ ᠤᠨ ᠳ᠋ᠠ ᠲᠠᠩ ᠤᠯᠠᠨ ᠤᠯᠤᠰ ᠤᠨ ᠲᠤᠬᠳᠠᠬᠤ ᠴᠠᠬᠢᠯᠭᠠᠨ ᠭᠠᠷᠭᠠᠬᠤ ᠬᠢᠵᠠᠭᠠᠷᠳᠤ ᠺᠤᠮᠫᠠᠨᠢ ᠳᠤ ᠠᠵᠤ ᠠᠬᠤᠶᠢᠯᠠᠯ ᠤᠨ ᠤᠷᠴᠢᠨ ᠲᠤᠭᠤᠷᠢᠨ ᠢ ᠬᠠᠮᠠᠭᠠᠯᠠᠬᠤ᠂ ᠡᠨᠧᠷᠬᠢ ᠠᠷᠪᠢᠯᠠᠬᠤ ᠵᠡᠷᠭᠡ ᠲᠠᠯ᠎ᠠ ᠶᠢᠨ ᠪᠠᠶᠢᠳᠠᠯ ᠢ ᠨᠢ ᠨᠠᠷᠢᠨ ᠤᠶᠢᠯᠠᠭᠠᠪᠠ᠃ ᠦᠪᠦᠷ ᠮᠤᠩᠭᠤᠯ ᠤᠨ ᠵᠦᠩ ᠵᠢᠶᠠᠨ ᠠᠽᠢᠶ᠎ᠠ ᠨᠤᠮᠤᠬᠠᠨ ᠲᠠᠯᠠᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠳᠤ᠂ ᠪᠦ᠋ ᠰᠢᠶᠤᠤ ᠯᠢᠨ ᠦᠢᠯᠡᠳᠪᠦᠷᠢ ᠶᠢᠨ ᠲᠠᠰᠤᠭ ᠲᠤᠨᠢ ᠤᠷᠤᠵᠤ᠂ ᠠᠵᠤ ᠠᠬᠤᠶᠢᠯᠠᠯ ᠤᠨ ᠨᠡᠭᠦᠷᠡᠰᠦᠨ ᠨᠤᠨᠳᠠᠭ ᠠᠴᠠ ᠬᠦᠩᠭᠡᠨ ᠴᠠᠭᠠᠨ ᠤ ᠢᠰᠦᠯ ᠰᠢᠷᠭᠠᠭᠠᠨ ᠠᠪᠣᠭᠰᠠᠨ ᠬᠠᠶᠠᠬᠳᠠᠮᠠᠯ ᠰᠢᠭᠠᠷᠤ ᠪᠠᠷ ᠭᠤᠤᠯ ᠲᠦᠭᠦᠭᠡᠢ ᠮᠠᠲ᠋ᠧᠷᠢᠶᠠᠯ ᠢᠶᠠᠨ ᠪᠤᠯᠭᠠᠨ ᠦᠢᠯᠡᠳᠪᠦᠷᠢᠯᠡᠭᠰᠡᠨ ᠢᠯᠴᠢ ᠲᠤᠰᠠᠭᠠᠷᠯᠠᠬᠤ ᠮᠠᠲ᠋ᠧᠷᠢᠶᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠦᠪᠦᠷ ᠮᠤᠩᠭᠤᠯ ᠤᠨ ᠶᠢᠨ ᠾᠧ ᠤᠷᠴᠢᠨ ᠲᠤᠭᠤᠷᠢᠨ ᠢ ᠬᠠᠮᠠᠭᠠᠯᠠᠬᠤ ᠰᠢᠨᠵᠢᠯᠡᠭᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠳᠤ᠂ ᠪᠦ᠋ ᠰᠢᠶᠤᠤ ᠯᠢᠨ ᠠᠵᠤ ᠠᠬᠤᠶᠢᠯᠠᠯ ᠤᠨ ᠲᠤᠰᠬᠠᠢ ᠠᠰᠢᠭ ᠤᠨ ᠮᠡᠷᠭᠡᠵᠢᠯ ᠢ ᠠᠰᠢᠬᠯᠠᠵᠣ ᠪᠠᠶᠢᠭ᠎ᠠ ᠪᠠ ᠤᠷᠴᠢᠨ ᠲᠤᠭᠤᠷᠢᠨ ᠤ ᠪᠤᠬᠢᠷᠳᠦᠯ ᠢ ᠭᠤᠷᠪᠠᠳᠠᠭᠴᠢ ᠡᠳᠡᠭᠡᠳ ᠢᠶᠠᠷ ᠵᠠᠰᠠᠭᠤᠯᠬᠤ ᠶᠢ ᠰᠦᠪᠡᠭᠴᠢᠯᠡᠨ ᠬᠡᠷᠡᠭᠵᠢᠭᠦᠯᠵᠤ ᠪᠠᠶᠢᠭ᠎ᠠ ᠬᠤᠯᠪᠤᠭᠳᠠᠯ ᠪᠦᠬᠦᠢ ᠪᠠᠶᠢᠳᠠᠯ ᠢ ᠨᠢ ᠨᠠᠷᠢᠨ ᠤᠶᠢᠯᠠᠭᠠᠵᠤ᠂ ᠪᠤᠬᠢᠷ ᠤᠰᠤ ᠶᠢ ᠰᠢᠢᠳᠪᠦᠷᠢᠯᠡᠭᠦ ᠶᠠᠪᠤᠴᠠ ᠶᠢ ᠨᠢ ᠲᠤᠭᠤᠷᠢᠨ ᠦᠵᠡᠪᠡ᠃ ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ︽ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠭᠦᠨ ᠠᠭᠤᠯᠠ︾ ᠪᠣᠯᠬᠤ ᠤᠨᠤᠯᠵᠢᠬᠤᠨ ᠢ ᠪᠡᠳᠤ ᠪᠠᠬᠢ ᠪᠤᠢ ᠪᠤᠯᠭᠠᠵᠤ᠂ ᠤᠷᠴᠢᠨ ᠲᠤᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠡᠷᠡᠰ ᠬᠡᠷᠡᠭᠵᠢᠭᠦᠯᠵᠤ᠂ ᠠᠵᠤ ᠠᠬᠤᠶᠢᠯᠠᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠨᠧᠷᠬᠢ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠦᠯ ᠤᠨ ᠴᠡᠪᠡᠷ ᠦᠢᠯᠡᠳᠪᠦᠷᠢᠯᠡᠯ ᠤᠨ ᠦᠭᠡᠷᠡᠴᠢᠯᠡᠯᠳᠡ ᠶᠢ ᠠᠬᠢᠭᠤᠯᠵᠤ᠂ ᠪᠦᠬᠦ ᠨᠡᠶᠢᠭᠡᠮ ᠤᠨ ᠬᠠᠮᠳᠤ ᠶᠢᠨ  ᠴᠢᠷᠮᠠᠶᠢᠯᠭ᠎ᠠ ᠪᠠᠷ ᠲᠠᠮᠵᠢᠨ ᠪᠦᠬᠦ ᠤᠷᠤᠨ ᠤ ᠭᠤᠣᠯ ᠪᠣᠯᠬᠤ ᠪᠤᠬᠢᠷᠳᠦᠯ ᠪᠤᠳᠠᠰ ᠢ ᠭᠠᠳᠠᠬᠰᠢᠯᠠᠭᠤᠯᠬᠤ ᠶᠡᠷᠦᠩᠬᠡᠢ ᠬᠡᠮᠵᠢᠶ᠎ᠠ ᠶᠢ ᠶᠡᠭᠡᠪᠡᠷ ᠪᠠᠭᠠᠰᠬᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠶᠢ ᠶᠡᠷᠦᠩᠬᠡᠢ ᠳᠤᠨᠢ ᠰᠠᠶᠢᠵᠢᠷᠠᠭᠤᠯᠬᠤ ᠬᠡᠷᠡᠭᠳᠡᠢ ᠬᠡᠪᠡ᠃      ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠤᠷᠳᠤᠰ ᠬᠤᠳᠠ᠂ ᠬᠦᠬᠡᠬᠤᠳᠠ ᠶᠢᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号