ᠥᠪᠥᠷ ᠮᠣᠩᠭᠤᠯ᠄ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠨ ᠵᠢᠷᠤᠮᠵᠢᠭᠤᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/5/17
     5 ᠳ᠋ᠤᠭᠠᠷ ᠰᠠᠷ᠎ᠠ ᠶᠢᠨ 16᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠎ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠣᠬᠠᠢ ᠬᠠᠮᠲᠤᠷᠠᠭᠰᠠᠨ ᠬᠤᠷᠠᠯ ᠬᠢᠵᠦ᠂ ᠲᠤᠰᠬᠠᠶ ᠵᠠᠰᠠᠬᠤ ᠠᠵᠢᠯᠯᠠᠭ᠎ᠠ ᠶᠢᠨ ᠪᠣᠳᠠᠲᠠᠶ ᠠᠵᠢᠯ ᠤᠨ ᠲᠥᠰᠦᠯ ᠢ ᠲᠣᠬᠢᠷᠠᠭᠤᠯᠤᠨ ᠪᠠᠶᠢᠷᠢᠯᠠᠭᠤᠯᠵᠠᠶ᠃ ᠡᠨᠡ ᠤᠳᠠᠭ᠎ᠠ ᠶᠢᠨ ᠲᠤᠰᠬᠠᠶ ᠵᠠᠰᠠᠬᠤ ᠠᠵᠢᠯᠯᠠᠭ᠎ᠠ ᠨᠢ ︽ᠰᠢᠯᠭᠠᠯᠲᠠ ᠶᠢ ᠠᠷᠭᠠᠴᠠᠬᠤ︾᠎ ᠪᠠᠷ ᠤᠳᠤᠷᠢᠳᠤᠮᠵᠢ ᠪᠣᠯᠭᠠᠭᠰᠠᠨ ᠡᠯ᠎ᠡ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠴᠢᠭᠯᠡᠭᠦᠯᠦᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠤᠨ ᠥᠷᠨᠢᠭᠦᠯᠵᠦ ᠪᠠᠶᠢᠭ᠎ᠠ ᠡᠯ᠎ᠡ ᠲᠥᠷᠥᠯ ᠤᠨ ᠪᠣᠯᠪᠠᠰᠤᠷᠠᠭᠤᠯᠤᠯ ᠬᠥᠮᠦᠵᠢᠯ ᠢ ᠤᠯᠤᠰ ᠤᠨ ᠰᠤᠷᠭᠠᠨ ᠬᠥᠮᠦᠵᠢᠯ ᠤᠨ ᠨᠢᠭᠡᠳᠦᠯᠲᠡᠶ ᠬᠠᠮᠢᠶᠠᠷᠬᠤ ᠬᠡᠪᠴᠢᠶ᠎ᠡ ᠳᠤ ᠣᠷᠣᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠵᠤ᠂ ᠰᠤᠷᠭᠠᠭᠤᠯᠢ ᠶᠢᠨ ᠭᠠᠳᠠᠨᠠᠬᠢ ᠵᠢᠩᠬᠢᠨᠢ ᠪᠣᠯᠪᠠᠰᠤᠷᠠᠭᠤᠯᠤᠯ ᠬᠥᠮᠦᠵᠢᠯ ᠤᠨ ᠪᠠᠶᠢᠭᠤᠯᠤᠮᠵᠢ ᠶᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠰᠢᠭᠲᠠᠶ ᠨᠥᠬᠦᠪᠥᠷᠢ ᠪᠣᠯᠭᠠᠬᠤ ᠪᠣᠯᠣᠨ᠎ᠠ᠃      ᠬᠤᠷᠠᠯ ᠠᠴᠠ ᠱᠠᠭᠠᠷᠳᠠᠭᠰᠠᠨ ᠨᠢ ᠴᠢᠬᠤᠯᠠ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠳᠠᠷᠤᠶᠢᠬᠠᠨ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠥᠷᠨᠢᠭᠦᠯᠬᠦ ᠵᠡᠷᠭᠡ ᠮᠠᠭᠤ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠬᠤ ᠬᠡᠷᠡᠭᠲᠡᠢ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠳ ᠲᠤ ᠪᠠᠭ᠎ᠠ ᠰᠤᠷᠭᠠᠭᠤᠯᠢᠴᠢᠯᠠᠬᠤ ᠰᠤᠷᠭᠠᠨ ᠬᠥᠮᠦᠵᠢᠯ ᠬᠢᠵᠦ ᠪᠣᠯᠬᠤ ᠦᠭᠡᠢ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠡᠰ ᠤᠨ ᠰᠢᠯᠭᠠᠯᠲᠠ ᠵᠢᠴᠢ ᠤᠷᠤᠯᠳᠤᠭᠠᠨ ᠢ ᠵᠣᠬᠢᠶᠠᠨ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠭᠰᠠᠨ ᠦᠷ᠎ᠡ ᠳ᠋ᠦᠩ ᠢ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠲᠠᠢ ᠬᠤᠯᠪᠣᠭᠳᠠᠭᠤᠯᠬᠤ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠤᠯᠪᠣᠭᠳᠠᠯ ᠪᠦᠬᠦᠢ ᠰᠤᠷᠭᠠᠭᠤᠯᠢ᠂ ᠪᠣᠯᠪᠠᠰᠤᠷᠠᠭᠤᠯᠤᠯ ᠤᠨ ᠪᠠᠶᠢᠭᠤᠯᠤᠮᠵᠢ ᠪᠣᠯᠤᠨ ᠬᠠᠮᠢᠶ᠎ᠠ ᠪᠦᠬᠦᠢ ᠬᠥᠮᠦᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠠᠤᠯᠢ ᠶᠣᠰᠣᠭᠠᠷ ᠰᠤᠷᠭᠠᠨ ᠬᠥᠮᠥᠵᠢᠯ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠲᠥᠯᠥᠪᠯᠡᠭᠡ ᠶᠢ ᠵᠢᠷᠤᠮᠯᠠᠬᠤ ᠦᠭᠡᠢ᠂ ︽ᠳᠡᠭ ᠪᠤᠰᠤ ᠡᠬᠢᠯᠡᠯᠲᠡ ᠠᠴᠠ ᠵᠢᠭᠠᠨ ᠰᠤᠷᠭᠠᠬᠤ︾ ᠵᠡᠷᠭᠡ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠵᠠᠬᠢᠷᠤᠯ ᠪᠠ ᠬᠤᠯᠪᠣᠭᠳᠠᠯ ᠪᠦᠬᠦᠢ ᠪᠠᠭᠰᠢ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ︽ᠬᠢᠴᠢᠶᠡᠯ ᠳᠡᠭᠡᠷ᠎ᠡ ᠵᠢᠭᠠᠬᠤ ᠦᠭᠡᠶ᠂ ᠬᠢᠴᠢᠶᠡᠯ ᠠᠴᠠ ᠭᠠᠳᠠᠭᠤᠷ ᠵᠢᠭᠠᠬᠤ᠂ ᠰᠤᠷᠭᠠᠭᠤᠯᠢ ᠳᠠᠭᠠᠨ ᠵᠢᠭᠠᠬᠤ ᠦᠭᠡᠶ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠵᠢᠭᠠᠬᠤ︾ ᠵᠡᠷᠭᠡ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠪᠠᠶᠢᠴᠠᠭᠠᠨ ᠳᠣᠲᠣᠯᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠬᠡᠬᠦ ᠪᠠ ᠴᠢᠨᠠᠭᠰᠢᠯᠠᠪᠠᠯ ᠪᠠᠭᠰᠢ ᠶᠢᠨ ᠬᠢᠷᠢ ᠬᠡᠮ ᠢ ᠨᠢ ᠬᠠᠰᠤᠬᠤ ᠬᠡᠷᠡᠭᠲᠡᠢ ᠭᠡᠵᠡᠢ᠃      ᠣᠶᠢᠯᠠᠭᠠᠭᠰᠠᠨ ᠢᠶᠠᠷ᠂ ᠳᠥᠷᠪᠡᠨ ᠰᠠᠯᠠᠭ᠎ᠠ ᠮᠥᠴᠢᠷ ᠣᠶᠢᠷ᠎ᠠ ᠶᠢᠨ ᠡᠳᠦᠷ ᠬᠠᠮᠲᠤᠷᠠᠨ ᠬᠠᠤᠯᠢ ᠬᠡᠷᠡᠭᠵᠢᠭᠦᠯᠬᠦ ᠳᠤᠭᠤᠶᠢᠯᠠᠩ ᠢ ᠳᠠᠷᠤᠶᠢᠬᠠᠨ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠡᠯ᠎ᠡ ᠠᠶᠢᠮᠠᠭ ᠬᠤᠳᠠ ᠳᠤ ᠬᠦᠷᠴᠦ ᠢᠯᠡ ᠪᠠᠷ ᠪᠠᠶᠢᠴᠠᠭᠠᠨ ᠳᠠᠯᠳᠠᠭᠤᠷ ᠰᠤᠷᠪᠤᠯᠵᠢᠯᠠᠬᠤ ᠪᠠᠷ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号