ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠨ ᠳᠤ ᠡᠷᠡᠰ ᠢᠯᠠᠯᠲᠠ ᠣᠯᠬᠤ ᠶᠢᠨ ᠲᠦᠯᠦᠭᠡ᠂ | ᠪᠠᠶᠠᠨᠨᠠᠭᠤᠷ ᠬᠤᠲᠠ ᠪᠣᠬᠢᠷᠲᠤᠯ ᠦᠭᠡᠢ ᠠᠷᠪᠢᠴᠢ ᠠᠶᠤᠯ ᠦᠬᠡᠢ ᠦᠢᠯᠡᠳᠪᠦᠷᠢᠯᠡᠯ ᠤᠨ ᠬᠡᠪ ᠵᠠᠭᠪᠤᠷ ᠢ ᠶᠡᠬᠡᠪᠡᠷ | ᠳᠡᠯᠭᠡᠷᠡᠭᠦᠯᠵᠦ᠂ ︽ᠳᠥᠷᠪᠡᠨ ᠡᠵᠡᠮᠳᠡᠯ︾ ᠤᠨ ᠬᠡᠷᠡᠭᠵᠢᠭᠦᠯᠬᠦ ᠰᠠᠨᠠᠯ ᠵᠢᠴᠢ ᠬᠤᠯᠪᠣᠭᠳᠠᠯ ᠪᠦᠬᠦᠢ ᠳᠦᠬᠦᠷ | ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠲᠠᠷᠢᠶᠠᠯᠠᠩ ᠤᠨ ᠭᠠᠳᠠᠷᠭᠤ ᠪᠠᠶᠠᠯᠢᠭ ᠤᠨ | ᠪᠣᠬᠢᠷᠲᠤᠯ ᠢ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ ᠪᠤᠢ᠃ ᠨᠢᠭᠡ ᠳᠤ ᠤᠰᠤ ᠶᠢ ᠡᠵᠡᠮᠰᠢᠬᠦ ᠲᠠᠯ᠎ᠠ ᠪᠠᠷ᠂ | ᠡᠨᠡ ᠵᠢᠯ ᠤᠰᠤᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ 1.5 ᠳ᠋ᠦᠩᠰᠢᠭᠤᠷ ᠪᠤᠰᠤᠭ᠎ᠠ | ᠲᠦᠷᠪᠠᠯᠵᠢᠨ ᠲᠠᠯᠠᠪᠠᠢ ᠤᠰᠤ ᠶᠢ ᠠᠷᠪᠢᠯᠠᠵᠤ᠂ 50 ᠲᠦᠮᠡᠨ ᠮᠦ ᠤᠰᠤ ᠠᠷᠪᠢᠯᠠᠬᠤ ᠢᠨᠵᠧᠨᠧᠷᠢᠩ ᠶᠢ | ᠬᠡᠷᠡᠭᠵᠢᠬᠦᠯᠵᠦ᠂ 200 ᠲᠦᠮᠡᠨ ᠮᠥ ᠳᠤᠰᠤᠭᠠᠬᠤ ᠤᠰᠤᠯᠤᠯᠲᠠ ᠶᠢ ᠬᠦᠭᠵᠢᠭᠦᠯᠬᠦ ᠪᠠᠷ ᠲᠦᠯᠦᠪᠯᠡᠵᠠᠢ᠃ | ᠬᠤᠶᠠᠷ ᠲᠤ ᠪᠦᠷᠬᠦᠪᠴᠢ ᠶᠢ ᠡᠵᠡᠮᠰᠢᠬᠦ ᠲᠠᠯ᠎ᠠ ᠪᠠᠷ᠂ ᠲᠣᠭᠲᠠᠭᠠᠯ ᠠᠴᠠ ᠵᠦᠷᠢᠴᠠᠵᠤ ᠦᠢᠯᠡᠳᠪᠤᠷᠢᠯᠡᠭᠰᠡᠨ ᠪᠠ | ᠤᠯᠤᠰ ᠤᠨ ᠪᠠᠷᠢᠮᠵᠢᠶᠠᠲᠦ ᠪᠤᠰᠤ ᠪᠦᠷᠬᠦᠪᠴᠢ ᠶᠢ ᠬᠤᠳᠠᠯᠳᠤᠬᠤ ᠠᠵᠢᠯᠯᠠᠭ᠎ᠠ ᠶᠢ ᠴᠢᠩᠭ᠎ᠠ ᠬᠠᠮᠢᠶᠠᠷᠦᠨ᠎ᠠ᠃ ︽ᠬᠡᠨ | ᠦᠢᠯᠡᠳᠪᠦᠷᠢᠯᠡᠭᠰᠡᠨ ᠪᠣᠯ ᠲᠡᠷᠡ ᠪᠤᠷᠤᠯᠠᠭᠤᠯᠵᠤ᠂ ᠲᠡᠷᠡ ᠬᠤᠷᠢᠶᠠᠨ ᠠᠪᠬᠤ︾ ᠵᠠᠷᠴᠢᠮ ᠢ ᠪᠠᠷᠢᠮᠲᠠᠯᠠᠵᠤ᠂ | ᠤᠯᠤᠰ ᠤᠨ ᠪᠠᠷᠢᠮᠵᠢᠶᠠᠲᠦ ᠦᠯᠡᠳᠡᠭᠳᠡᠯ ᠪᠦᠷᠬᠦᠪᠴᠢ ᠶᠢ ᠪᠤᠴᠠᠭᠠᠨ ᠬᠤᠷᠢᠶᠠᠬᠤ ᠨᠤᠷᠮ᠎ᠠ ᠶᠢ 100 % ᠳᠤ | ᠬᠦᠷᠭᠦᠯᠦᠨᠡ᠃ 2018 ᠣᠨ ᠳᠤ ᠤᠯᠤᠰ ᠤᠨ ᠪᠠᠷᠢᠮᠵᠢᠶᠠᠲᠦ ᠪᠦᠷᠬᠦᠪᠴᠢ ᠶᠢ 400 ᠲᠦᠮᠡᠨ ᠮᠦ ᠭᠡᠷᠡᠭᠯᠡᠬᠦ ᠪᠠᠷ | ᠲᠦᠯᠦᠪᠯᠡᠪᠠ᠃ ᠭᠤᠷᠪᠠ ᠳᠤ ᠲᠡᠷᠢᠶᠠᠨ ᠡᠮ ᠢ ᠡᠵᠡᠮᠰᠢᠬᠦ ᠲᠠᠯ᠎ᠠ ᠪᠠᠷ ᠂ 39 ᠲᠦᠷᠦᠯ ᠤᠨ ᠴᠠᠭᠠᠵᠠ ᠲᠠᠢ ᠲᠠᠷᠢᠶᠠᠨ | ᠡᠮ ᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠬᠡᠷᠡᠭᠯᠡᠬᠦ ᠶᠢ ᠨᠢ ᠬᠢᠵᠠᠭᠠᠷᠯᠠᠵᠤ ᠪᠠᠶᠢᠭ᠎ᠠ 21 ᠵᠦᠢᠯ ᠤᠨ ᠲᠠᠷᠢᠶᠠᠨ | ᠡᠮ ᠳᠤ ᠴᠢᠭ᠋ ᠲᠤᠭᠳᠠᠭᠠᠨ ᠪᠤᠷᠤᠯᠠᠭᠤᠯᠵᠤ᠂ ᠦᠨᠡᠨ ᠨᠡᠷ᠎ᠡ ᠪᠠᠷ ᠬᠤᠳᠠᠯᠳᠤᠨ ᠠᠪᠬᠤ ᠶᠢ ᠬᠡᠷᠡᠭᠵᠢᠬᠦᠯᠵᠦ᠂ ᠪᠦᠬᠦ | ᠶᠠᠪᠤᠴᠠ ᠶᠢ ᠮᠦᠷᠳᠡᠨ ᠬᠠᠮᠢᠶᠠᠷᠤᠨ᠎ᠠ᠃ 2018 ᠣᠨ ᠳᠤ 300 ᠲᠦᠮᠡᠨ ᠮᠦ ᠶᠢ ᠨᠢᠭᠡᠳᠤᠯᠲᠠᠢ ᠰᠡᠷᠭᠡᠶᠢᠯᠡᠨ | ᠵᠠᠰᠠᠵᠤ᠂ 100 ᠲᠦᠮᠡᠨ ᠮᠦ ᠲᠠᠯᠠᠪᠠᠢ ᠶᠢ ᠪᠣᠬᠢᠷᠲᠤᠯ ᠦᠭᠡᠢ ᠵᠠᠰᠠᠬᠤ ᠪᠠᠷ ᠲᠦᠯᠦᠪᠯᠡᠪᠡ᠃ ᠲᠦᠷᠪᠡ ᠳᠤ | ᠪᠤᠷᠳᠤᠭ᠎ᠠ ᠡᠵᠡᠮᠳᠡᠬᠦ ᠲᠠᠯ᠎ᠠ ᠪᠠᠷ᠂ ᠡᠨᠡ ᠵᠢᠯ 370 ᠲᠦᠮᠡᠨ ᠮᠦ ᠳᠤ ᠣᠷᠭᠠᠨᠢᠭ ᠪᠣᠷᠳᠣᠭᠤᠷ ᠢ ᠬᠡᠷᠡᠭᠯᠡᠵᠦ᠂ 300 | ᠲᠦᠮᠡᠨ ᠮᠦ ᠳᠤ ᠬᠦᠷᠦᠰᠦ ᠰᠢᠷᠦᠢ ᠶᠢ ᠬᠡᠮᠵᠢᠨ ᠨᠠᠶᠢᠷᠠᠭᠤᠯᠤᠭᠰᠠᠨ ᠪᠤᠷᠳᠤᠭᠤᠷ ᠬᠡᠷᠡᠭᠯᠡᠬᠦ ᠪᠠᠷ ᠲᠦᠯᠦᠪᠯᠡᠵᠠᠢ᠃ | ᠬᠠᠤᠯᠢ ᠬᠡᠷᠡᠭᠵᠢᠬᠦᠯᠵᠦ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ ᠴᠢᠭᠯᠡᠭᠦᠯᠦᠨ ᠬᠠᠮᠲᠤᠷᠠᠨ ᠬᠠᠤᠯᠢ ᠬᠡᠷᠡᠭᠵᠢᠬᠦᠯᠵᠦ᠂ ︽ | ᠳᠥᠷᠪᠡᠨ ᠡᠵᠡᠮᠳᠡᠯ︾ ᠳᠤ ᠴᠣᠬᠢᠯᠲᠠ ᠥᠭᠬᠦ ᠪᠠ ᠬᠢᠨᠠᠵᠤ ᠬᠠᠮᠢᠶᠠᠷᠠᠬᠤ ᠪᠠᠨ ᠦᠷᠭᠦᠯᠵᠢᠯᠡᠨ ᠴᠢᠩᠭᠠᠳᠬᠠᠨ᠎ᠠ᠃ |