ᠡᠨᠡ ᠵᠢᠯ ᠤᠨ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠦᠢᠳᠬᠡᠯ ᠦᠯᠦ ᠬᠤᠷᠢᠶᠠᠬᠤ ᠠᠨᠠᠭᠠᠬᠤ ᠤᠬᠠᠭᠠᠨ ᠤ ᠬᠠᠨᠳᠤᠯᠭᠠᠳᠤ ᠰᠤᠷᠦᠬᠴᠢ ᠶᠢᠨ ᠬᠢᠷᠢ ᠬᠡᠮ ᠪᠦᠬᠦᠢ ᠰᠢᠯᠭᠠᠭᠤᠯᠤᠭᠰᠠᠳ ᠤᠨ ᠨᠡᠷᠡᠰ ᠢ  ᠨᠡᠶᠢᠲᠡᠯᠡᠪᠡ
ᠨᠡᠶᠢᠲᠡᠯᠡᠭᠰᠡᠨ ᠴᠠᠭ᠄
2018/5/17
     ᠡᠨᠡ ᠵᠢᠯ ᠤᠨ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠦᠢᠳᠬᠡᠯ ᠦᠯᠦ ᠬᠤᠷᠢᠶᠠᠬᠤ ᠠᠨᠠᠭᠠᠬᠤ ᠤᠬᠠᠭᠠᠨ ᠤ ᠬᠠᠨᠳᠤᠯᠭᠠᠳᠤ ᠰᠤᠷᠦᠬᠴᠢ ᠶᠢᠨ ᠬᠢᠷᠢ ᠬᠡᠮ ᠢ ᠭᠤᠶᠤᠴᠢᠯᠠᠭᠰᠠᠨ ᠰᠢᠯᠭᠠᠭᠤᠯᠤᠭᠰᠠᠳ ᠤᠨ ᠨᠡᠷᠡᠰ ᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ︽ᠡᠩ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ︾ ᠰᠤᠪᠠᠭ ᠲᠤ ᠨᠡᠶᠢᠲᠡᠯᠡᠭᠡᠳ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠪᠠᠷ ᠪᠤᠯᠪᠠ᠃ ᠣᠶᠢᠯᠠᠭᠠᠭᠰᠠᠨ ᠢᠶᠠᠷ᠂ ᠰᠦᠶᠳᠬᠡᠯ ᠦᠯᠦ ᠬᠤᠷᠢᠶᠠᠬᠤ ᠠᠨᠠᠭᠠᠬᠤ ᠤᠬᠠᠭᠠᠨ ᠤ ᠬᠠᠨᠳᠤᠯᠭᠠᠳᠤ ᠰᠤᠷᠦᠬᠴᠢ ᠡᠯᠰᠡᠬᠦ ᠲᠥᠯᠥᠪᠯᠡᠭᠡ ᠨᠢ ᠵᠥᠪᠬᠡᠨ ᠮᠠᠨ ᠤ ᠣᠷᠣᠨ ᠤ ᠠᠵᠢᠯ ᠤᠨ ᠪᠠᠶᠢᠷᠢ ᠲᠤᠭᠳᠠᠭᠠᠭᠰᠠᠨ ᠨᠢᠭᠡᠴᠡ ᠶᠢᠨ ᠰᠠᠭᠤᠭ᠎ᠠ ᠬᠤᠰᠢᠭᠤ ᠰᠢᠶᠠᠨ ᠤ ᠬᠥᠳᠡᠭᠡ ᠲᠣᠰᠬᠤᠨ ᠤ ᠰᠤᠷᠤᠭᠴᠢ ᠶᠢ ᠡᠯᠰᠡᠨ᠎ᠡ᠂ ᠰᠤᠷᠤᠭᠴᠢ ᠶᠢᠨ ᠢᠷᠡᠯᠲᠡ ᠬᠦᠷᠦᠯᠴᠡᠬᠦ ᠦᠭᠡᠢ ᠦᠶᠡᠰ᠂ ᠦᠯᠦ ᠪᠡᠶᠡᠯᠡᠬᠦᠯᠦᠭᠰᠡᠨ ᠲᠥᠯᠥᠪᠯᠡᠭᠡ ᠳᠤ ᠪᠦᠬᠦ ᠣᠷᠣᠨ ᠠᠴᠠ ᠰᠠᠶᠢᠨ ᠳᠤᠷ᠎ᠠ ᠶᠢᠨ ᠡᠷᠭᠦᠳᠡᠯ ᠡᠯᠰᠡᠨ᠎ᠡ᠃ ᠰᠦᠢᠳᠬᠡᠯ ᠦᠯᠦ ᠬᠤᠷᠢᠶᠠᠬᠤ ᠠᠨᠠᠭᠠᠬᠤ ᠤᠬᠠᠭᠠᠨ ᠤ ᠬᠠᠨᠳᠤᠯᠭᠠᠳᠤ ᠰᠤᠷᠦᠬᠴᠢ ᠶᠢᠨ ᠬᠢᠷᠢ ᠬᠡᠮ ᠭᠤᠶᠤᠴᠢᠯᠠᠭᠰᠠᠨ ᠰᠢᠯᠭᠠᠭᠤᠯᠤᠭᠰᠠᠳ ᠳᠤᠤᠷᠠᠬᠢ ᠨᠥᠬᠦᠴᠡᠯ ᠢ ᠪᠦᠷᠢᠳᠦᠬᠦᠯᠦᠨ᠎ᠡ᠄ 2018 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠶ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ︔ ᠲᠤᠰ ᠬᠥᠮᠦᠨ ᠵᠢᠴᠢ ᠡᠴᠢᠬᠡ ᠪᠤᠶᠤ ᠡᠬᠡ ᠡᠰᠡᠬᠦᠯ᠎ᠡ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠪᠠᠶᠢᠭ᠎ᠠ ᠭᠠᠵᠠᠷ  ᠨᠢ ᠡᠷᠬᠡᠪᠰᠢ ᠬᠥᠳᠡᠭᠡ ᠲᠣᠰᠬᠤᠨ ᠳᠤ ᠪᠠᠶᠢᠵᠤ᠂ ᠲᠤᠰ ᠬᠥᠮᠦᠨ ᠤ ᠡᠷᠦᠬᠡ ᠠᠮᠠ ᠨᠢ ᠲᠤᠬᠠᠶ ᠶᠢᠨ ᠭᠠᠵᠠᠷ ᠲᠤ ᠵᠠᠯᠭᠠᠭ᠎ᠠ ᠪᠠᠷ 3 ᠵᠢᠯ ᠠᠴᠠ ᠲᠡᠭᠡᠭᠰᠢ ᠬᠤᠭᠤᠴᠠᠭ᠎ᠠ ᠲᠠᠢ ᠪᠠᠶᠢᠭᠰᠠᠨ ᠪᠠᠶᠢᠬᠤ ᠬᠡᠷᠡᠭᠳᠡᠢ᠃ ᠲᠤᠰ ᠨᠡᠶᠢᠲᠡᠯᠡᠯ ᠳᠤ᠂ ᠡᠴᠢᠭᠡ ᠪᠤᠶᠤ ᠡᠬᠡ ᠡᠰᠡᠬᠦᠯ᠎ᠡ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠢ ᠨᠢ ᠪᠦᠷᠢᠯᠳᠦᠬᠦᠨ ᠨᠦᠭᠦᠳ ᠤᠨ ᠪᠤᠯᠤᠩ ᠳᠤ ᠦᠵᠡᠬᠦᠯᠦᠨ᠎ᠡ᠃ ᠬᠡᠷᠪᠡ ᠬᠢᠷᠢ ᠬᠡᠮ ᠭᠤᠶᠤᠴᠢᠯᠠᠬᠤ ᠳᠤ ᠦᠯᠦ ᠨᠡᠶᠢᠴᠡᠬᠦ ᠰᠢᠯᠭᠠᠭᠤᠯᠤᠭᠰᠠᠳ ᠢ ᠣᠯᠵᠤ ᠮᠡᠳᠡᠪᠡᠯ᠂ ᠰᠢᠯᠭᠠᠭᠤᠯᠤᠭᠴᠢ ᠶᠢᠨ ᠨᠡᠷ᠎ᠡ ᠮᠡᠳᠡᠬᠦᠯᠦᠭᠰᠡᠨ ᠭᠠᠵᠠᠷ ᠤᠨ ᠬᠤᠰᠢᠭᠤ ᠰᠢᠶᠠᠨ ᠤ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠪᠤᠶᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠰᠢᠯᠭᠠᠯᠳᠠ ᠶᠢᠨ ᠠᠵᠢᠯ ᠤᠨ ᠬᠢᠨᠠᠨ ᠪᠠᠶᠢᠴᠠᠭᠠᠬᠤ ᠭᠠᠵᠠᠷ ᠲᠤ ᠢᠯᠡᠴᠢᠯᠡᠨ ᠮᠡᠳᠡᠭᠦᠯᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠢᠯᠡᠴᠢᠯᠡᠨ ᠮᠡᠳᠡᠭᠦᠯᠬᠦ ᠤᠲᠠᠰᠤ᠄ 0471-3261815᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号