ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠠᠵᠢᠯ ᠢ ᠲᠥᠯᠬᠢᠨ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2018/5/22
     5 ᠳ᠋ᠤᠭᠠᠷ ᠰᠠᠷ᠎ᠠ ᠶᠢᠨ 11᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠠᠵᠢᠯ ᠢ ᠲᠥᠯᠬᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠠᠵᠢᠯ ᠤᠨ ᠲᠤᠷᠰᠢᠯᠭ᠎ᠠ ᠶᠢ ᠳ᠋ᠦᠩᠨᠡᠨ ᠰᠣᠯᠢᠯᠴᠠᠵᠤ᠂  ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠠᠵᠢᠯ ᠢ  ᠲᠦᠷᠭᠡᠳᠭᠡᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠹᠸᠡᠭ ᠷᠧᠨ ᠹᠸᠢ ᠨᠥᠬᠦᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ ᠃ ᠡᠯ᠎ᠡ ᠠᠶᠢᠮᠠᠭ ᠬᠤᠳᠠ ᠪᠣᠯᠤᠨ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠡᠭᠦᠷᠭᠡ ᠲᠠᠢ 52 ᠬᠤᠰᠢᠭᠤ ᠰᠢᠶᠠᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠤᠯᠠᠭᠠᠨᠴᠠᠪ ᠬᠤᠲᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠵᠦᠪᠯᠡᠯ ᠲᠤᠷᠰᠢᠯᠭ᠎ᠠ ᠪᠠᠨ ᠰᠣᠯᠢᠯᠴᠠᠨ ᠦᠭᠡ ᠬᠡᠯᠡᠵᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠠᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠬᠤᠶᠠᠷ ᠶᠠᠪᠤᠳᠠᠯ ᠳᠤ ᠰᠠᠨᠠᠭ᠎ᠠ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠶᠠᠳᠠᠭᠤ ᠠᠴᠠ ᠠᠩᠭᠢᠵᠢᠷᠠᠭᠤᠯᠬᠤ ᠲᠠᠪᠤᠨ ᠶᠡᠭᠡ ᠬᠠᠷᠠᠯᠲᠠ ᠶᠢᠨ ᠴᠢᠬᠤᠯᠠ ᠬᠦᠢᠴᠡᠳᠭᠡᠯ ᠲᠤᠭ᠎ᠠ ᠶᠢᠨ ᠨᠢᠬᠡ ᠨᠢ ᠮᠦᠨ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠵᠠᠶᠢᠯᠠᠭᠤᠯᠵᠤ ᠪᠣᠯᠤᠰᠢ ᠦᠭᠡᠢ ᠵᠦᠢ ᠶᠣᠰᠣᠨ ᠤ ᠡᠭᠦᠷᠭᠡ ᠬᠠᠷᠢᠭᠤᠴᠠᠯᠭ᠎ᠠ ᠪᠤᠯᠤᠨ᠎ᠠ᠂ ᠪᠦᠬᠦ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠳ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠪᠠᠲᠤ ᠴᠢᠩᠭ᠎ᠠ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠬᠦᠴᠦᠨ᠂ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠪᠠᠷ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠡᠭᠦᠷᠭᠡ ᠶᠢ ᠲᠡᠷᠡ ᠴᠢᠭ ᠢᠶᠠᠷ ᠨᠢ ᠪᠡᠶᠡᠯᠡᠬᠦᠯᠬᠦ ᠬᠡᠷᠡᠭᠲᠠᠢ ᠬᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠬᠤᠭᠤᠴᠠᠭ᠎ᠠ ᠪᠠᠨ ᠡᠭᠡᠯᠵᠢᠯᠡᠨ ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠤᠲᠠᠲᠠᠶᠢᠵᠢᠭᠤᠯᠵᠤ᠂ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ᠂ 2017 ᠣᠨ ᠤ ᠦᠯᠡᠳᠡᠭᠳᠡᠯ ᠡᠭᠦᠷᠭᠡ ᠪᠤᠯᠤᠨ 2018 ᠣᠨ ᠤ ᠳᠥᠷᠪᠡᠨ ᠲᠥᠷᠥᠯ ᠤᠨ ᠭᠤᠤᠯᠳᠠᠯᠭ᠎ᠠ ᠲᠠᠢ ᠬᠦᠮᠦᠰ ᠤᠨ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠬᠡᠷᠡᠭᠲᠠᠢ᠃ ᠣᠳᠣᠬᠠᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠵᠠᠰᠠᠨ ᠰᠠᠶᠢᠵᠢᠷᠠᠭᠤᠯᠵᠤ ᠪᠠᠶᠢᠭ᠎ᠠ ᠪᠠᠶᠢᠳᠠᠯ ᠢ ᠲᠦᠢᠯᠪᠤᠷᠢᠲᠠᠶ ᠪᠠᠷ ᠪᠠᠶᠢᠴᠠᠭᠠᠨ ᠳᠣᠲᠣᠯᠠᠭᠠᠳ᠂ ᠴᠠᠭ ᠲᠤᠨᠢ ᠲᠣᠬᠢᠷᠠᠭᠤᠯᠤᠨ ᠬᠥᠳᠡᠯᠦᠩᠭᠦᠶ ᠲᠤᠬᠢᠷᠠᠭᠤᠯᠤᠯᠳᠠ ᠬᠢᠵᠤ᠂ ᠬᠡᠷ ᠪᠠᠶᠢᠰᠢᠩ ᠢ ᠨᠢ ᠵᠠᠰᠠᠨ ᠰᠠᠶᠢᠵᠢᠷᠠᠭᠤᠯᠬᠤ ᠬᠦᠮᠦᠰ ᠢ ᠲᠤᠶᠢᠯ ᠤᠨ ᠤᠨᠤᠪᠴᠢᠲᠠᠢ ᠪᠠᠶᠢᠯᠭᠠᠬᠤ᠂ ᠨᠤᠷᠠᠬᠤ ᠠᠶᠤᠯᠲᠠᠶ ᠭᠡᠷ ᠪᠠᠶᠢᠰᠢᠩ ᠢ ᠬᠢᠨᠠᠨ ᠲᠣᠭᠲᠠᠭᠠᠬᠤ ᠳᠤ ᠲᠤᠶᠢᠯ ᠤᠨ ᠤᠨᠤᠪᠴᠢᠲᠠᠢ ᠪᠠᠶᠢᠯᠭᠠᠬᠤ᠂ ᠪᠡᠯᠡ ᠮᠥᠩᠭᠦ ᠶᠢᠨ ᠲᠤᠰᠠᠯᠠᠮᠵᠢ ᠣᠯᠭᠤᠬᠤ ᠳᠤ ᠲᠤᠶᠢᠯ ᠤᠨ ᠤᠨᠤᠪᠴᠢᠲᠠᠢ ᠪᠠᠶᠢᠯᠭᠠᠬᠤ᠂ ᠬᠢᠨᠠᠨ ᠪᠠᠶᠢᠴᠠᠭᠠᠵᠤ ᠰᠢᠯᠭᠠᠨ ᠠᠪᠬᠤ ᠳᠤ ᠲᠤᠶᠢᠯ ᠤᠨ ᠤᠨᠤᠪᠴᠢᠲᠠᠢ ᠪᠠᠶᠢᠯᠭᠠᠬᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠲᠤᠶᠢᠯ ᠤᠨ ᠤᠨᠤᠪᠴᠢᠲᠠᠢ ᠪᠠᠶᠢᠯᠭᠠᠬᠤ ᠵᠡᠷᠭᠡ ︽ᠲᠠᠪᠤᠨ ᠲᠤᠶᠢᠯ ᠤᠨ ᠤᠨᠤᠪᠴᠢᠲᠠᠢ︾ ᠪᠠᠶᠢᠯᠭᠠᠬᠤ ᠡᠬᠦᠷᠭᠡ ᠶᠢ ᠪᠡᠶᠡᠯᠡᠬᠦᠯᠬᠦ ᠬᠡᠷᠡᠭᠲᠡᠶ᠃  ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠪᠠᠶᠢᠭᠤᠯᠬᠤ ᠶᠢᠨ ᠵᠡᠷᠭᠡᠪᠡᠷ ᠵᠠᠰᠠᠬᠤ ᠶᠢᠨ ᠬᠠᠮᠲᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ ᠬᠡᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号