ᠨᠡᠶᠢᠭᠡᠮ ᠤᠨ ᠬᠦᠴᠣᠨ ᠤ ᠰᠣᠷᠭᠠᠨ ᠬᠦᠮᠦᠵᠢᠯ ᠡᠷᠬᠢᠯᠡᠬᠦ ᠶᠢ ᠵᠣᠷᠢᠠᠠᠵᠢᠭᠤᠯᠵᠦ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠲᠣᠬᠠᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠭᠡᠷᠡᠭᠵᠢᠬᠦᠯᠬᠦ ᠰᠠᠨᠠᠯ
ᠨᠡᠶᠢᠲᠡᠯᠡᠭᠰᠡᠨ ᠴᠠᠭ᠄
2018-05-22
                            ᠥᠪᠥᠷ ᠵᠠᠰᠠᠭ ᠲᠠᠷᠬᠠᠭᠠᠭᠰᠠᠨ ﹇2018﹈ 2 ᠳ᠋ᠤᠭᠠᠷ ᠲᠤᠭᠠᠳᠤ                                                    1 ᠳ᠋ᠦ᠋ᠭᠡᠷ ᠰᠠᠷ᠎ᠠ ᠶᠢᠨ 2᠎ ᠤᠨ ᠡᠳᠦᠷᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠨᠡᠶᠢᠭᠡᠮ ᠤᠨ ᠬᠦᠴᠣᠨ ᠤ ᠰᠣᠷᠭᠠᠨ ᠬᠦᠮᠦᠵᠢᠯ ᠡᠷᠬᠢᠯᠡᠬᠦ ᠶᠢ ᠵᠣᠷᠢᠠᠠᠵᠢᠭᠤᠯᠵᠦ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠰᠠᠨᠠᠯ ᠤᠳ︾ ︵ᠳᠥᠷᠥ ᠲᠠᠷᠬᠠᠭᠠᠠᠠᠰᠠᠨ ﹇2016﹈ 81 ᠳ᠋ᠣᠭᠡᠷ ᠲᠣᠭᠠᠳᠣ︶᠎ ᠤᠨ ᠵᠣᠷᠢᠭ ᠰᠠᠨᠠᠭ᠎ᠠ ᠶᠢ ᠦᠨᠳᠣᠰᠣᠯᠡᠨ᠂ ᠮᠠᠨ ᠤ ᠣᠷᠣᠨ ᠤ ᠪᠤᠳᠡᠳᠡᠢ ᠲᠠᠢ ᠪᠠᠨ ᠣᠶᠠᠯᠳᠣᠭᠤᠯᠵᠦ᠂ ᠡᠳᠦᠬᠡ ᠲᠣᠣᠷᠡᠬᠢ ᠮᠡᠳᠣ ᠰᠠᠨᠠᠯ ᠢ ᠲᠣᠷᠠᠳᠪᠡ᠃      ᠨᠢᠭᠡ᠂ ᠶᠡᠷᠦᠩᠭᠡᠢ ᠱᠠᠭᠠᠷᠳᠡᠯᠭ᠎ᠠ      ︵ᠨᠢᠭᠡ︶ ᠵᠢᠯᠥᠭᠤᠳᠬᠤ ᠦᠵᠡᠯ ᠰᠠᠨᠠᠭ᠎ᠠ ᠪᠠ ᠦᠨᠳᠣᠰᠣᠡ ᠵᠠᠷᠴᠢᠮ᠃ ᠰᠢ ᠶᠢᠨ ᠫᠢᠡᠭ ᠤᠨ ᠰᠢᠨ᠎ᠡ ᠴᠠᠭ ᠦᠶ᠎ᠠ ᠶᠢᠨ ᠲᠣᠮᠳᠠᠳᠣ ᠣᠯᠥᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠥᠭᠤᠳᠣᠯᠭ᠎ᠠ ᠪᠤᠯᠭᠠᠵᠦ᠂ ᠨᠠᠮ ᠤᠨ ᠰᠣᠷᠭᠠᠨ ᠬᠦᠮᠦᠵᠢᠯ ᠤᠨ ᠴᠢᠭᠯᠡᠯᠳᠡ ᠶᠢ ᠪᠦᠬᠦ ᠳᠡᠯ᠎ᠠ ᠪᠠᠷ ᠲᠣᠣᠱᠯᠠᠭᠤᠯᠥᠨ᠂ ᠨᠡᠶᠢᠭᠡᠮ ᠵᠢᠷᠣᠮ ᠤᠨ ᠰᠣᠷᠭᠠᠭᠤᠯᠢ ᠡᠷᠬᠢᠯᠡᠬᠦ ᠴᠢᠭᠯᠡᠯ ᠢ ᠪᠠᠷᠢᠮᠳᠡᠯᠡᠵᠦ᠂ ︽ᠬᠦᠮᠦᠨ ᠢ ᠬᠦᠮᠦᠵᠢᠬᠦᠯᠬᠦ ᠪᠠᠷ ᠦᠨᠳᠣᠰᠣ ᠪᠣᠯᠭᠠᠬᠤ᠂ ᠶᠣᠰᠣ ᠮᠤᠷᠡᠯ ᠤᠨ ᠬᠦᠮᠦᠵᠢᠯ ᠢ ᠳᠡᠷᠢᠬᠦᠨ ᠳᠤ ᠲᠠᠯᠪᠢᠬᠤ᠂ ᠳᠥᠷᠦᠯ ᠬᠤᠪᠢᠶᠡᠨ ᠬᠠᠮᠢᠶᠡᠷᠬᠤ᠂ ᠠᠰᠠᠷᠡᠮᠵᠢ ᠦᠵᠡᠬᠦᠯᠬᠦ ᠪᠠᠷ ᠣᠳᠣᠷᠢᠳᠣᠮᠵᠢ ᠪᠤᠯᠭᠠᠬᠤ᠂ ᠦᠭᠡᠷᠡᠴᠢᠯᠡᠯᠳᠡ ᠬᠢᠵᠦ ᠰᠢᠨ᠎ᠡ ᠶᠢ ᠡᠬᠦᠳᠬᠦ᠂ ᠣᠷᠴᠢᠨ ᠲᠤᠭᠤᠷᠢᠨ ᠢ ᠰᠢᠯᠢᠳᠡᠭᠵᠢᠬᠦᠯᠬᠦ᠂ ᠬᠠᠦᠯᠢ ᠶᠣᠰᠣᠭᠠᠷ ᠬᠠᠮᠢᠶᠡᠷᠬᠤ᠂ ᠰᠣᠷᠭᠠᠭᠤᠯᠢ ᠡᠷᠬᠢᠯᠡᠬᠦ ᠶᠢ ᠵᠢᠷᠣᠮᠵᠢᠭᠤᠯᠬᠤ︾ ᠵᠠᠷᠴᠢᠮ ᠶᠣᠰᠣᠭᠠᠷ᠂ ᠳᠥᠷᠦᠯ ᠬᠤᠪᠢᠶᠡᠨ ᠬᠠᠮᠢᠶᠡᠷᠬᠤ ᠶᠢ ᠭᠡᠷᠡᠭᠵᠢᠬᠦᠯᠬᠦ ᠪᠠᠷ ᠰᠢᠪᠳᠣᠯᠥᠯᠳᠡ ᠶᠢᠨ ᠴᠢᠭ ᠪᠤᠯᠭᠠᠵᠦ᠂ ᠪᠠᠶᠢᠭᠤᠯᠥᠯ ᠲᠣᠠᠠᠳᠡᠴᠠ ᠶᠢᠨ ᠰᠢᠨ᠎ᠡ ᠶᠢ ᠡᠬᠦᠳᠣᠨ᠂ ᠨᠡᠶᠢᠭᠡᠮ ᠤᠨ ᠬᠦᠴᠣᠨ ᠤ ᠰᠣᠷᠭᠠᠨ ᠬᠦᠮᠦᠵᠢᠯ ᠡᠷᠬᠢᠯᠡᠬᠦ ᠶᠢ ᠵᠣᠷᠢᠠᠠᠵᠢᠭᠤᠯᠵᠦ᠂ ᠮᠠᠨ ᠤ ᠣᠷᠣᠨ ᠤ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠡᠷᠡᠬᠦᠯ ᠢᠶᠠᠷ ᠬᠦᠭᠵᠢᠬᠦ ᠶᠢ ᠠᠬᠢᠭᠤᠯᠥᠨ᠎ᠠ᠃      ᠬᠤᠶᠡᠷ᠂ ᠠᠷᠠᠳ ᠠᠴᠠ ᠡᠷᠬᠢᠯᠡᠭᠰᠡᠨ ᠰᠣᠷᠭᠠᠭᠤᠯᠢ ᠶᠢᠨ ᠳᠥᠷᠦᠯ ᠬᠤᠪᠢᠶᠡᠨ ᠬᠠᠮᠢᠶᠡᠷᠬᠤ ᠦᠭᠡᠷᠡᠴᠢᠯᠡᠯᠳᠡ ᠶᠢ ᠠᠬᠢᠭᠤᠯᠥᠨ᠎ᠠ      ︵ᠬᠤᠶᠡᠷ︶ ᠳᠥᠷᠦᠯ ᠬᠤᠪᠢᠶᠡᠨ ᠬᠠᠮᠢᠶᠡᠷᠬᠤ ᠳᠥᠷᠢᠮ ᠢ ᠪᠠᠶᠢᠭᠤᠯᠥᠨ᠎ᠠ᠃ ᠠᠷᠠᠳ ᠠᠴᠠ ᠡᠷᠬᠢᠯᠡᠭᠰᠡᠨ ᠰᠣᠷᠭᠠᠭᠤᠯᠢ ︵ᠠᠷᠡᠳ ᠠᠴᠠ ᠡᠷᠬᠢᠯᠡᠭᠰᠡᠨ ᠬᠡᠥᠭᠡᠳ ᠤᠨ ᠴᠡᠴᠡᠷᠯᠢᠭ᠂ ᠪᠤᠰᠣᠳ ᠠᠷᠠᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠪᠠᠶᠢᠭᠤᠯᠥᠮᠵᠢ ᠪᠠᠭᠳᠠᠨ᠎ᠠ᠂ ᠲᠣᠷᠣᠠᠠᠰᠢ ᠠᠳᠡᠯᠢ︶᠎ ᠳᠤ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠪᠠ ᠠᠰᠢᠭ ᠬᠤᠨᠵᠢᠪᠦᠷᠢ ᠶᠢᠨ ᠴᠢᠨᠡᠷᠳᠡᠢ ᠳᠥᠷᠦᠯ ᠬᠤᠪᠢᠶᠠᠭᠰᠠᠨ ᠬᠠᠮᠢᠶᠡᠷᠦᠯᠳᠡ ᠶᠢ ᠭᠡᠷᠡᠭᠵᠢᠬᠦᠯᠦᠨ᠎ᠡ᠃ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢ ᠡᠷᠬᠢᠯᠡᠭᠰᠡᠳ ᠨᠢ ᠰᠣᠷᠭᠠᠭᠤᠯᠢ ᠡᠷᠬᠢᠯᠡᠭᠰᠡᠨ ᠠᠰᠢᠭ ᠣᠷᠣᠯᠭ᠎ᠠ ᠶᠢ ᠣᠯᠵᠦ ᠪᠤᠯᠬᠤ ᠦᠭᠡᠢ᠂ ᠰᠣᠷᠭᠠᠭᠤᠯᠢ ᠡᠷᠬᠢᠯᠡᠭᠡᠳ ᠣᠯᠥᠠᠠᠰᠠᠨ ᠦᠯᠡᠳᠡᠪᠦᠷᠢ ᠶᠢ ᠪᠦᠬᠦᠨ ᠢ ᠰᠣᠷᠭᠠᠭᠤᠯᠢ ᠡᠷᠬᠢᠯᠡᠬᠦ ᠳᠤ ᠭᠡᠷᠡᠭᠯᠡᠨ᠎ᠡ᠃ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢ ᠡᠷᠬᠢᠯᠡᠭᠰᠡᠳ ᠨᠢ ᠰᠣᠷᠭᠠᠭᠤᠯᠢ ᠡᠷᠬᠢᠯᠡᠭᠰᠡᠨ ᠠᠰᠢᠭ ᠣᠷᠣᠯᠭ᠎ᠠ ᠶᠢ ᠣᠯᠵᠦ᠂ ᠰᠤᠷᠭᠠᠭᠤᠯᠢ ᠡᠷᠬᠢᠯᠡᠭᠡᠳ ᠣᠯᠥᠠᠠᠰᠠᠨ ᠦᠯᠡᠳᠡᠪᠦᠷᠢ ᠶᠢ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠢ ᠦᠨᠳᠣᠰᠣᠯᠡᠨ ᠬᠤᠪᠢᠶᠡᠷᠢᠯᠡᠯᠳᠡ ᠬᠢᠵᠦ ᠪᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠬᠠᠦᠯᠢ ᠶᠣᠰᠣᠭᠠᠷ ᠬᠠᠦᠯᠢ ᠶᠢᠨ ᠡᠷᠭᠡᠳᠡᠨ ᠤ ᠡᠳ᠋ ᠬᠦᠷᠦᠩᠬᠡ ᠶᠢᠨ ᠡᠷᠬᠡ ᠶᠢ ᠡᠳ᠋ᠯᠡᠨ᠎ᠠ᠃ ᠡᠷᠬᠢᠯᠡᠭᠰᠡᠳ ᠨᠢ ᠡᠵᠡᠨ ᠮᠡᠳᠡᠵᠦ ᠠᠰᠢᠭ ᠬᠤᠨᠵᠢᠪᠦᠷᠢ ᠶᠢᠨ ᠪᠣᠰᠥ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠪᠤᠶᠤ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠡᠷᠬᠢᠯᠡᠬᠦ ᠶᠢ ᠰᠣᠩᠭᠤᠨ᠎ᠠ᠃ ᠡᠵᠡᠨ ᠮᠡᠳᠡᠵᠦ ᠠᠰᠢᠭ ᠬᠤᠨᠵᠢᠪᠦᠷᠢ ᠶᠢᠨ ᠴᠢᠨᠡᠷᠳᠡᠢ ᠪᠤᠶᠤ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠡᠷᠬᠢᠯᠡᠬᠦ ᠶᠢ ᠰᠣᠩᠭᠤᠠᠠᠰᠠᠨ ᠪᠣᠯ ᠬᠠᠦᠯᠢ ᠲᠣᠠᠠᠳᠠᠭᠠᠯ ᠶᠣᠰᠣᠭᠠᠷ ᠳᠥᠷᠦᠯ ᠬᠤᠪᠢᠶᠡᠨ ᠳᠡᠩᠰᠡᠯᠡᠭᠤᠯᠬᠤ ᠶᠢ ᠭᠡᠷᠡᠭᠵᠢᠬᠦᠯᠦᠨ᠎ᠡ᠃ ᠬᠢᠨᠡᠨ ᠵᠦᠪᠰᠢᠶᠡᠷᠡᠬᠦ ᠡᠷᠬᠡ ᠶᠢ ᠨᠢ ᠨᠢᠭᠡᠨᠳᠡ ᠲᠤᠷᠣᠠᠠᠰᠢ ᠰᠢᠯᠵᠢᠬᠦᠯᠥᠭᠰᠡᠨ ᠳᠥᠷᠦᠯ ᠵᠦᠢᠯ ᠳᠤ᠂ ᠳᠡᠬᠦᠨ ᠤ ᠳᠡᠩᠰᠡᠯᠡᠨ ᠬᠠᠮᠢᠶᠡᠷᠬᠤ ᠡᠷᠬᠡ ᠮᠡᠳᠡᠯ ᠤᠨ ᠭᠡᠪᠴᠢᠶ᠎ᠠ ᠶᠢ ᠵᠣᠬᠢᠬᠤ ᠭᠡᠮᠵᠢᠶ᠎ᠠ ᠪᠠᠷ ᠲᠣᠷᠣᠠᠠᠰᠢ ᠰᠢᠯᠵᠢᠬᠦᠯᠦᠨ᠎ᠠ᠃ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠱᠠᠳᠣ ᠦᠶ᠎ᠡ ᠳᠤ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢ ᠪᠠᠶᠢᠭᠤᠯᠵᠦ ᠪᠤᠯᠬᠤ ᠦᠭᠡᠢ᠃ ᠨᠡᠶᠢᠭᠡᠮ ᠤᠨ ᠬᠦᠴᠣᠨ ᠤ ᠠᠰᠢᠭ ᠬᠤᠨᠵᠢᠪᠦᠷᠢ ᠶᠢᠨ ᠪᠣᠰᠥ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠡᠷᠬᠢᠯᠡᠬᠦ ᠶᠢ ᠢᠳᠡᠪᠬᠢᠳᠡᠢ ᠪᠠᠷ ᠵᠣᠷᠢᠠᠠᠵᠢᠭᠤᠯᠬᠤ ᠪᠠ ᠶᠡᠭᠡᠪᠡᠷ ᠳᠡᠮᠵᠢᠨ᠎ᠠ᠃ ᠡᠯ᠎ᠠ ᠱᠠᠳᠣᠨ ᠤ ᠠᠷᠡᠳ ᠤᠨ ᠵᠠᠰᠠᠭ ᠤᠨ ᠣᠷᠳᠣᠨ ᠨᠤᠭᠤᠳ ᠳᠥᠷᠢᠮ ᠤᠨ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠵᠦ᠂ ᠵᠠᠰᠠᠭ ᠤᠨ ᠣᠷᠳᠣᠨ ᠨᠦᠬᠦᠪᠦᠷᠢ ᠦᠭᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠣᠨ ᠠᠪᠬᠤ᠂ ᠰᠠᠭᠤᠷᠢ ᠮᠦᠡᠭᠬᠦᠨ ᠤ ᠱᠠᠩᠨᠠᠯ᠂ ᠵᠤᠭᠤᠰ ᠢᠶᠠᠷ ᠲᠣᠰᠠᠯᠠᠨ ᠣᠷᠮᠠᠰᠢᠭᠤᠯᠬᠤ᠂ ᠭᠠᠵᠡᠷ ᠰᠢᠷᠦᠢ ᠰᠢᠯᠵᠢᠬᠦᠯᠥᠨ ᠦᠭᠬᠦ᠂ ᠭᠠᠶᠢᠯᠢ ᠰᠦᠢᠳᠭᠡᠯ ᠢ ᠬᠠᠰᠣᠵᠦ ᠭᠡᠯᠳᠦᠷᠢᠬᠦᠯᠬᠦ ᠵᠡᠷᠭᠡ ᠳᠡᠯ᠎ᠠ ᠪᠠᠷ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠡᠷᠬᠢᠯᠡᠬᠦ ᠳᠤ ᠳᠡᠮᠵᠢᠯᠬᠡ ᠦᠵᠡᠬᠦᠯᠥᠨ᠎ᠠ᠃ ᠡᠯ᠎ᠠ ᠱᠠᠳᠣᠨ ᠤ ᠠᠷᠠᠳ ᠤᠨ ᠵᠠᠰᠠᠭ ᠤᠨ ᠣᠷᠳᠣᠨ ᠨᠢ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠭᠡᠷᠡᠭᠴᠡᠭᠡ ᠪᠠ ᠣᠯᠡᠨ ᠨᠡᠶᠢᠲᠡ ᠶᠢᠨ ᠦᠢᠯᠡᠴᠢᠯᠡᠭᠡᠨ ᠤ ᠭᠡᠷᠡᠭᠴᠡᠭᠡ ᠱᠠᠭᠠᠷᠳᠡᠯᠭ᠎ᠠ ᠶᠢ ᠦᠨᠳᠣᠰᠣᠯᠡᠨ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠣᠨ ᠠᠪᠬᠤ ᠵᠢᠴᠢ ᠭᠠᠶᠢᠯᠢ ᠶᠢᠨ ᠣᠷᠣᠯᠭ᠎ᠠ ᠳᠤ ᠬᠠᠷᠡᠭᠠᠯᠵᠠᠯ ᠦᠵᠡᠬᠦᠯᠬᠦ ᠵᠡᠷᠭᠡ ᠠᠷᠭ᠎ᠠ ᠬᠡᠯᠪᠡᠷᠢ ᠪᠠᠷ ᠳᠡᠮᠵᠢᠭᠤᠯᠥᠨ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠡᠷᠬᠢᠯᠡᠬᠦ ᠳᠤ ᠳᠡᠮᠵᠢᠯᠬᠡ ᠦᠵᠡᠬᠦᠯᠥᠨ᠎ᠠ᠃      ︵ᠭᠤᠷᠪᠡ︶ ᠳᠥᠷᠦᠯ ᠬᠤᠪᠢᠶᠡᠨ ᠰᠢᠯᠵᠢᠯᠳᠡ ᠬᠢᠬᠦ ᠶᠢ ᠯᠠᠪᠳᠠᠭᠤᠨ ᠢᠶᠠᠷ ᠠᠬᠢᠭᠤᠯᠥᠨ᠎ᠠ᠃ 2017 ᠣᠨ ᠤ 9 ᠳ᠋ᠣᠭᠡᠷ ᠰᠡᠷ᠎ᠠ ᠶᠢᠨ 1᠎ ᠤ ᠡᠳᠣᠷ ᠠᠴᠠ ᠡᠮᠣᠨ᠎ᠠ ᠪᠠᠶᠢᠭᠤᠯᠥᠠᠠᠰᠠᠨ ᠠᠷᠡᠳ ᠠᠴᠠ ᠡᠷᠬᠢᠯᠡᠭᠰᠡᠨ ᠰᠣᠷᠭᠠᠭᠤᠯᠢ ᠳᠤ ᠰᠢᠯᠵᠢᠯᠳᠡ ᠶᠢᠨ ᠴᠠᠭ ᠬᠤᠭᠤᠴᠠᠭ᠎ᠠ ᠲᠣᠠᠠᠳᠠᠭᠠᠵᠦ᠂ ᠳᠥᠷᠥ ᠶᠢᠨ ᠪᠤᠳᠣᠯᠭ᠎ᠠ ᠪᠠᠷ ᠬᠦᠳᠦᠯᠥᠨ ᠵᠢᠯᠥᠭᠤᠳᠬᠤ ᠪᠠᠷ ᠳᠡᠮᠵᠢᠭᠤᠯᠥᠨ᠂ ᠵᠠᠷᠴᠢᠮ ᠳᠡᠭᠡᠷ᠎ᠠ ᠪᠠᠨ ᠡᠷᠬᠢᠯᠡᠭᠰᠡᠳ ᠠᠴᠠ 2023 ᠣᠨ ᠤ 8 ᠳ᠋ᠣᠭᠠᠷ ᠰᠡᠷ᠎ᠠ ᠶᠢᠨ 31᠎ ᠤ ᠡᠳᠣᠷ ᠠᠴᠠ ᠡᠮᠣᠨ᠎ᠠ ᠰᠠᠶᠢᠨ ᠲᠣᠷ᠎ᠠ ᠠᠴᠠ ᠪᠠᠨ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠪᠤᠶᠤ ᠠᠰᠢᠭ ᠬᠤᠨᠵᠢᠪᠦᠷᠢ ᠶᠢᠨ ᠴᠢᠨᠡᠷᠳᠡᠢ ᠪᠠᠶᠢᠬᠤ ᠡᠰᠡᠬᠦ ᠳᠤ ᠰᠣᠩᠭᠤᠯᠳᠡ ᠬᠢᠨ᠎ᠠ᠃ ᠰᠢᠯᠵᠢᠯᠳᠡ ᠶᠢᠨ ᠬᠤᠭᠤᠴᠠᠭᠠᠨ ᠳᠤ ᠰᠣᠩᠭᠤᠯᠳᠡ ᠬᠢᠭᠰᠡᠨ ᠦᠭᠡᠢ ᠪᠠᠶᠢᠪᠠᠯ᠂ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠰᠣᠷᠭᠠᠭᠤᠯᠢ ᠡᠷᠬᠢᠯᠡᠭᠰᠡᠨ ᠢᠶᠠᠷ ᠦᠵᠡᠨ᠎ᠠ᠃ ᠡᠯ᠎ᠠ ᠭᠠᠵᠡᠷ ᠣᠷᠣᠨ ᠨᠢ ᠬᠤᠯᠪᠤᠠᠠᠳᠡᠯ ᠪᠦᠬᠦᠢ ᠳᠡᠥᠬᠡ ᠪᠠ ᠠᠬᠤᠢ ᠪᠠᠶᠢᠳᠡᠯ ᠢ ᠬᠦᠢᠴᠡᠳ ᠪᠤᠳᠣᠯᠬᠢᠯᠡᠨ ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠭᠠᠨ ᠬᠦᠮᠦᠵᠢᠯ ᠬᠦᠷᠳᠡᠭᠰᠡᠳ᠂ ᠪᠠᠭᠰᠢ ᠠᠵᠢᠯᠳᠡᠨ ᠠᠵᠢᠯᠴᠢᠨ ᠪᠤᠯᠥᠨ ᠡᠷᠬᠢᠯᠡᠭᠰᠡᠳ ᠤᠨ ᠬᠠᠦᠯᠢ ᠶᠣᠰᠣᠨ ᠤ ᠡᠷᠬᠡ ᠠᠰᠢᠭ ᠢ ᠪᠠᠳᠣᠯᠠᠵᠦ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠳᠥᠷᠦᠯ ᠬᠤᠪᠢᠶᠡᠨ ᠬᠠᠮᠢᠶᠡᠷᠬᠤ ᠦᠭᠡᠷᠡᠴᠢᠯᠡᠯᠳᠡ ᠶᠢ ᠯᠠᠪᠳᠠᠭᠤᠨ ᠪᠦᠭᠡᠳ ᠡᠮᠬᠢ ᠵᠢᠷᠣᠮ ᠲᠠᠢ ᠠᠬᠢᠭᠤᠯᠬᠤ ᠶᠢ ᠦᠨᠡᠨᠬᠦ ᠪᠠᠳᠣᠯᠠᠨ᠎ᠠ᠃ ᠦᠪᠡᠷᠳᠡᠭᠡᠨ ᠵᠠᠰᠠᠬᠤ ᠣᠷᠣᠨ ᠠᠴᠠ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠳᠥᠷᠦᠯ ᠬᠤᠪᠢᠶᠡᠨ ᠳᠡᠩᠰᠡᠯᠡᠨ ᠬᠠᠮᠢᠶᠡᠷᠬᠤ ᠠᠷᠭ᠎ᠠ ᠶᠢ ᠠᠰᠳᠠᠭᠠᠨ ᠲᠣᠠᠠᠳᠠᠭᠠᠨ᠎ᠠ᠃      ᠭᠤᠷᠪᠡ᠂ ᠪᠠᠶᠢᠭᠤᠯᠥᠯ ᠲᠣᠠᠠᠳᠡᠴᠠ ᠶᠢᠨ ᠰᠢᠨ᠎ᠡ ᠶᠢ ᠡᠬᠦᠳᠣᠨ᠎ᠠ      ︵ᠳᠥᠷᠪᠡ︶ ᠣᠷᠣᠭᠤᠯᠬᠤ ᠶᠢ ᠵᠦᠪᠰᠢᠶᠡᠷᠡᠬᠦ ᠲᠣᠠᠠᠳᠡᠴᠠ ᠶᠢ ᠳᠡᠬᠦᠯᠳᠡᠷᠵᠢᠬᠦᠯᠥᠨ᠎ᠠ᠃ ᠨᠡᠶᠢᠭᠡᠮ ᠤᠨ ᠬᠦᠴᠣᠨ ᠰᠣᠷᠭᠠᠨ ᠬᠦᠮᠦᠵᠢᠯ ᠳᠤ ᠣᠷᠣᠭᠤᠯᠥᠯᠳᠡ ᠬᠢᠬᠦ ᠳᠤ᠂ ᠭᠠᠭᠴᠠᠬᠦ ᠬᠠᠦᠯᠢ ᠴᠠᠭᠠᠵᠠ ᠬᠠᠦᠯᠢ ᠲᠣᠠᠠᠳᠠᠭᠠᠯ ᠳᠤ ᠣᠷᠣᠬᠤ ᠶᠢ ᠴᠠᠭᠠᠵᠠᠯᠬᠠᠥ ᠳᠤ ᠦᠯᠥ ᠬᠠᠷᠢᠶᠡᠯᠬᠠᠳᠠᠬᠤ ᠵᠢᠴᠢ ᠭᠤᠷᠪᠠᠳᠡᠬᠢ ᠡᠳᠡᠭᠡᠳ ᠤᠨ ᠠᠰᠢᠭ ᠲᠣᠰᠠ᠂ ᠨᠡᠶᠢᠭᠡᠮ ᠤᠨ ᠣᠯᠡᠨ ᠨᠡᠶᠢᠲᠡ ᠶᠢᠨ ᠠᠰᠢᠭ ᠲᠣᠰᠠ᠂ ᠣᠯᠥᠰ ᠤᠨ ᠠᠮᠥᠷ ᠳᠥᠪᠰᠢᠨ ᠤ ᠬᠦᠷᠢᠶ᠎ᠠ ᠴᠡᠷᠠᠭ᠎ᠠ ᠶᠢ ᠬᠤᠬᠢᠷᠡᠭᠤᠯᠬᠤ ᠦᠭᠡᠢ ᠪᠠᠶᠢᠪᠠᠯ᠂ ᠵᠠᠰᠠᠭ ᠤᠨ ᠣᠷᠳᠣᠨ ᠠᠴᠠ ᠬᠢᠵᠠᠭᠠᠷᠯᠠᠵᠦ ᠪᠤᠯᠬᠤ ᠦᠭᠡᠢ᠃ ᠡᠯ᠎ᠠ ᠭᠠᠵᠡᠷ ᠣᠷᠣᠨ ᠨᠤᠭᠤᠳ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠣᠷᠣᠭᠤᠯᠬᠤ ᠶᠢ ᠵᠦᠪᠰᠢᠶᠡᠷᠡᠬᠦ ᠨᠦᠬᠦᠴᠡᠯ ᠪᠠ ᠳᠡᠰ ᠳᠡᠷᠡᠭᠠᠯᠠᠯ ᠢ ᠳᠡᠬᠢᠨ ᠰᠢᠨ᠎ᠡ ᠪᠠᠷ ᠡᠮᠬᠢᠯᠡᠵᠦ᠂ ᠨᠡᠩ ᠣᠯᠡᠨ ᠨᠡᠶᠢᠭᠡᠮ ᠤᠨ ᠡᠬᠢ ᠪᠠᠶᠠᠯᠢᠭ ᠢ ᠳᠡᠳᠡᠵᠦ ᠰᠣᠷᠭᠠᠨ ᠬᠦᠮᠦᠵᠢᠯ ᠤᠨ ᠬᠦᠷᠢᠶ᠎ᠠ ᠴᠡᠷᠠᠭ᠎ᠠ ᠳᠤ ᠣᠷᠣᠭᠤᠯᠥᠨ᠎ᠠ᠃      ︵ᠲᠠᠪᠤ︶ ᠡᠵᠡᠨ ᠮᠡᠳᠡᠵᠦ ᠰᠦᠢᠳᠭᠡᠯ ᠬᠤᠷᠢᠶᠡᠬᠤ ᠳᠥᠷᠥ ᠶᠢᠨ ᠪᠤᠳᠣᠯᠭ᠎ᠠ ᠶᠢ ᠭᠡᠷᠡᠭᠵᠢᠬᠦᠯᠥᠨ᠎ᠡ᠃ ᠠᠷᠡᠳ ᠠᠴᠠ ᠡᠷᠬᠢᠯᠡᠭᠰᠡᠨ ᠰᠣᠷᠭᠠᠭᠤᠯᠢ ᠳᠤ ᠵᠠᠬ᠎ᠠ ᠳᠡᠯᠭᠡᠬᠦᠷ ᠢᠶᠠᠷ ᠦᠨ᠎ᠠ ᠬᠠᠩᠰᠢ ᠲᠣᠬᠢᠷᠡᠭᠤᠯᠬᠤ ᠶᠢ ᠭᠡᠷᠡᠭᠵᠢᠬᠦᠯᠵᠦ᠂ ᠰᠦᠢᠳᠭᠡᠯ ᠬᠤᠷᠢᠶᠡᠬᠤ ᠪᠤᠳᠡᠳᠡᠢ ᠪᠡᠷᠢᠮᠵᠢᠶ᠎ᠠ ᠶᠢ ᠰᠣᠷᠭᠠᠭᠤᠯᠢ ᠠᠴᠠ ᠡᠵᠡᠨ ᠮᠡᠳᠡᠨ ᠲᠣᠠᠠᠳᠠᠭᠠᠵᠦ᠂ ᠨᠡᠶᠢᠭᠡᠮ ᠳᠤ ᠢᠯᠡ ᠨᠡᠶᠢᠳᠡᠯᠡᠭᠰᠡᠨ ᠤ ᠳᠡᠷᠠᠭ᠎ᠠ ᠬᠠᠦᠯᠢ ᠲᠣᠠᠠᠳᠠᠭᠠᠯ ᠶᠣᠰᠣᠭᠠᠷ ᠭᠡᠷᠡᠭᠵᠢᠬᠦᠯᠥᠨ᠎ᠡ᠃ ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠳ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠰᠦᠢᠳᠭᠡᠯ ᠬᠤᠷᠢᠶᠡᠬᠤ ᠦᠢᠯᠡ ᠠᠵᠢᠯᠯᠠᠭ᠎ᠠ ᠶᠢᠨ ᠭᠡᠷᠩ ᠤᠨ ᠲᠣᠮᠳᠡ ᠪᠠ ᠭᠡᠷᠩ ᠤᠨ ᠳᠡᠷᠡᠭᠠᠬᠢ ᠬᠢᠨᠡᠯᠳᠡ ᠬᠠᠮᠢᠶᠡᠷᠦᠯᠳᠡ ᠶᠢ ᠴᠢᠩᠭᠠᠳᠬᠠᠨ᠎ᠠ᠃      ︵ᠵᠢᠷᠭᠤᠭ᠎ᠠ︶ ᠰᠣᠷᠭᠠᠨ ᠬᠦᠮᠦᠵᠢᠯ ᠤᠨ ᠪᠡᠯᠡ ᠣᠷᠣᠭᠤᠯᠵᠦ ᠪᠡᠯᠡ ᠲᠣᠬᠢᠷᠡᠭᠤᠯᠬᠤ ᠲᠣᠠᠠᠳᠡᠴᠠ ᠶᠢᠨ ᠰᠢᠨ᠎ᠡ ᠶᠢ ᠡᠬᠦᠳᠣᠨ᠎ᠠ᠃ ᠣᠯᠡᠨ ᠵᠠᠮ ᠮᠦᠷ ᠢᠶᠠᠷ ᠨᠡᠶᠢᠭᠡᠮ ᠤᠨ ᠪᠡᠯᠡ ᠮᠦᠡᠭᠬᠦ ᠶᠢ ᠳᠡᠳᠠᠡ ᠣᠷᠣᠭᠤᠯᠬᠤ ᠶᠢ ᠵᠣᠷᠢᠠᠠᠵᠢᠭᠤᠯᠵᠦ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠪᠡᠯᠡ ᠮᠦᠡᠭᠬᠦ ᠶᠢᠨ ᠢᠷᠡᠯᠳᠡ ᠶᠢ ᠦᠷᠭᠡᠳᠭᠡᠨ᠎ᠡ᠃ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠨᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠤᠨᠴᠠᠯᠢᠭ ᠲᠤ ᠲᠤᠬᠢᠷᠡᠬᠤ ᠮᠦᠡᠭᠬᠦᠨ ᠬᠦᠢᠯᠬᠡᠬᠡᠡ ᠤ ᠨᠡᠷᠡᠳᠬᠦᠨ ᠢ ᠨᠡᠭᠡᠭᠡᠨ ᠬᠦᠭᠵᠢᠬᠦᠯᠵᠦ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠢᠷᠡᠭᠡᠳᠦᠢ ᠶᠢᠨ ᠡᠵᠡᠩᠨᠡᠯᠳᠡ ᠶᠢᠨ ᠣᠷᠣᠯᠭ᠎ᠠ᠂ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠪᠠᠷ ᠵᠢᠭᠡᠯᠡᠯᠭᠡ ᠪᠠᠷᠢᠴᠠᠭᠠᠯᠠᠬᠤ ᠪᠠ ᠲᠠᠨᠵᠢᠯᠠᠬᠤ ᠲᠣᠬᠠᠶᠢᠯᠬᠠᠰᠠᠨ ᠠᠵᠢᠯ ᠢ ᠰᠦᠪᠡᠭᠴᠢᠯᠡᠨ ᠬᠦᠢᠴᠡᠳᠭᠡᠵᠦ᠂ ᠪᠠᠩᠬᠢ ᠶᠢᠨ ᠵᠢᠭᠡᠯᠡᠯᠬᠡ᠂ ᠢᠳᠡᠭᠡᠮᠵᠢ᠂ ᠪᠡᠯᠡ ᠲᠣᠬᠢᠷᠡᠭᠤᠯᠬᠤ ᠪᠠ ᠳᠦᠷᠢᠶᠡᠰᠦᠯᠡᠬᠦ ᠵᠡᠷᠭᠡ ᠣᠯᠡᠨ ᠶᠠᠩᠵᠣᠴᠢᠯᠬᠠᠰᠠᠨ ᠮᠦᠡᠭᠬᠦᠨ ᠬᠦᠢᠯᠬᠡᠬᠡᠡ ᠤ ᠦᠢᠯᠡᠴᠢᠯᠡᠭᠡ ᠬᠠᠩᠭᠠᠨ᠎ᠠ᠃ ᠨᠡᠶᠢᠭᠡᠮ ᠤᠨ ᠬᠦᠴᠣᠨ ᠤ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠰᠣᠷᠭᠠᠭᠤᠯᠢ ᠡᠷᠬᠢᠯᠡᠬᠦ ᠳᠤ ᠪᠡᠯᠡᠭᠯᠡᠡ ᠬᠦᠷᠭᠡᠬᠦ ᠶᠢ ᠵᠣᠷᠢᠠᠠᠵᠢᠭᠤᠯᠥᠨ᠎ᠠ᠃      ︵ᠲᠣᠯᠤᠭ᠎ᠠ︶ ᠣᠯᠡᠨ ᠡᠰᠢᠳᠦ ᠭᠤᠤᠯ ᠴᠣᠠᠠᠴᠠ ᠶᠢᠨ ᠬᠠᠮᠳᠣᠷᠡᠨ ᠰᠣᠷᠭᠠᠭᠤᠯᠢ ᠡᠷᠬᠢᠯᠡᠬᠦ ᠲᠣᠠᠠᠳᠡᠴᠠ ᠶᠢ ᠰᠦᠪᠡᠭᠴᠢᠯᠡᠨ ᠪᠠᠶᠢᠭᠤᠯᠥᠨ᠎ᠠ᠃ ᠵᠠᠰᠠᠭ ᠤᠨ ᠣᠷᠳᠣᠨ ᠪᠠ ᠨᠡᠶᠢᠭᠡᠮ ᠤᠨ ᠬᠦᠷᠥᠩᠬᠡ ᠬᠠᠮᠳᠣᠷᠡᠯᠴᠠᠬᠤ ︵PPP︶ ᠵᠬᠠᠪᠤᠷ ᠢ ᠳᠡᠯᠭᠡᠷᠡᠬᠦᠯᠵᠦ᠂ ᠨᠡᠶᠢᠭᠡᠮ ᠤᠨ ᠬᠦᠷᠥᠩᠬᠡ ᠶᠢᠨ ᠰᠣᠷᠭᠠᠨ ᠬᠦᠮᠦᠵᠢᠯ ᠤᠨ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠥᠯᠳᠡ ᠪᠠ ᠡᠵᠡᠩᠨᠡᠯᠳᠡ ᠬᠠᠮᠢᠶᠡᠷᠦᠯᠳᠡ᠂ ᠲᠣᠰᠬᠠᠶᠢᠵᠢᠠᠠᠰᠠᠨ ᠦᠢᠯᠡᠴᠢᠯᠡᠭᠡ ᠬᠠᠩᠭᠠᠬᠤ ᠶᠢ ᠵᠣᠷᠢᠠᠠᠵᠢᠭᠤᠯᠥᠨ᠎ᠠ᠃ ᠠᠯᠪᠠᠨ ᠠᠴᠠ ᠡᠷᠬᠢᠯᠡᠭᠰᠡᠨ ᠰᠣᠷᠭᠠᠭᠤᠯᠢ ᠬᠢᠭᠡᠳ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠬᠠᠷᠢᠯᠴᠠᠨ ᠬᠠᠮᠢᠶᠡᠷᠦᠯᠳᠡ ᠶᠢᠨ ᠦᠢᠯᠡᠴᠢᠯᠡᠭᠡ᠂ ᠰᠣᠷᠭᠠᠨ ᠬᠦᠮᠦᠵᠢᠯ ᠤᠨ ᠡᠬᠢ ᠪᠠᠶᠠᠯᠢᠭ᠂ ᠡᠷᠳᠡᠮ ᠰᠢᠨᠵᠢᠯᠡᠬᠡᠨ ᠤ ᠦᠷ᠎ᠠ ᠪᠦᠳᠦᠭᠡᠯ ᠬᠤᠳᠠᠯᠳᠣᠨ ᠠᠪᠬᠤ ᠶᠢ ᠢᠳᠡᠪᠬᠢᠳᠡᠢ ᠪᠠᠷ ᠵᠣᠷᠢᠠᠠᠵᠢᠭᠤᠯᠥᠨ᠎ᠠ᠃ ᠬᠤᠯᠢᠮᠠᠭ ᠦᠮᠴᠢᠯᠡᠯ ᠤᠨ ᠳᠥᠷᠢᠮᠳᠦ ᠠᠵᠢᠯ ᠮᠡᠷᠭᠡᠵᠢᠯ ᠤᠨ ᠳᠡᠭᠡᠳᠦ ᠰᠣᠷᠭᠠᠭᠤᠯᠢ ᠡᠷᠬᠢᠯᠡᠬᠦ ᠶᠢ ᠰᠦᠪᠡᠭᠴᠢᠯᠡᠵᠦ᠂ ᠬᠦᠷᠦᠩᠬᠡ᠂ ᠮᠡᠳᠡᠯᠭᠡ᠂ ᠮᠡᠷᠭᠡᠵᠢᠯ᠂ ᠬᠠᠮᠢᠶᠡᠷᠦᠯᠳᠡ ᠵᠡᠷᠭᠡ ᠬᠦᠴᠣᠨ ᠵᠦᠢᠯ ᠢᠶᠠᠷ ᠢᠶᠠᠨ ᠰᠣᠷᠭᠠᠭᠤᠯᠢ ᠡᠷᠬᠢᠯᠡᠬᠦ ᠳᠤ ᠣᠷᠣᠯᠴᠠᠬᠤ ᠶᠢᠨ ᠬᠠᠮᠳᠣ ᠵᠤᠬᠢᠬᠤ ᠡᠷᠬᠡ ᠠᠰᠢᠭ ᠬᠦᠷᠲᠡᠬᠦ ᠶᠢ ᠵᠦᠪᠰᠢᠶᠡᠷᠡᠨ᠎ᠠ᠃ ᠠᠯᠪᠠᠨ ᠵᠢᠷᠣᠮ ᠤᠨ ᠪᠤᠰᠣ ᠰᠣᠷᠭᠠᠨ ᠬᠦᠮᠦᠵᠢᠯ ᠤᠨ ᠱᠠᠳᠣ ᠦᠶ᠎ᠠ ᠳᠤ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠨᠡᠶᠢᠲᠡ ᠶᠢᠨ ᠦᠮᠴᠢᠯᠠᠯ ᠤᠨ ᠪᠣᠰᠥ ᠬᠦᠷᠥᠩᠬᠡ ᠶᠢ ᠳᠡᠳᠠᠡ ᠣᠷᠣᠭᠤᠯᠵᠦ ᠰᠣᠷᠭᠠᠭᠤᠯᠢ ᠡᠷᠬᠢᠯᠡᠬᠦ ᠳᠤ ᠣᠷᠣᠯᠴᠠᠬᠤ᠂ ᠡᠰᠡᠪᠡᠯ ᠣᠯᠥᠰ ᠤᠨ ᠦᠮᠴᠢᠯᠡᠯ ᠤᠨ ᠬᠤᠪᠢ ᠡᠵᠡᠮᠳᠡᠬᠦ ᠭᠡᠯᠪᠡᠷᠢ ᠪᠠᠷ ᠨᠡᠶᠢᠭᠡᠮ ᠤᠨ ᠬᠦᠴᠣᠨ ᠳᠤ ᠲᠣᠰᠢᠶᠡᠨ ᠬᠠᠮᠢᠶᠡᠷᠣᠭᠤᠯᠬᠤ ᠶᠢ ᠰᠦᠪᠡᠭᠴᠢᠯᠡᠬᠦ ᠪᠠ ᠳᠡᠮᠵᠢᠨ᠎ᠠ᠃ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠰᠲ᠋ᠥᠺ ᠤᠨ ᠡᠷᠬᠡ ᠶᠢᠨ ᠣᠷᠮᠠᠰᠢᠭᠤᠯᠬᠤ ᠲᠤᠠᠠᠳᠡᠴᠠ ᠶᠢ ᠪᠠᠶᠢᠭᠤᠯᠬᠤ ᠶᠢ ᠵᠣᠷᠢᠠᠠᠵᠢᠭᠤᠯᠥᠨ᠎ᠠ᠃      ︵ᠨᠠᠢᠮᠠ︶ ᠪᠤᠴᠠᠭᠠᠨ ᠭᠠᠷᠭᠠᠬᠤ ᠪᠠ ᠬᠤᠪᠢᠷᠡᠭᠤᠯᠬᠤ ᠲᠤᠠᠠᠳᠠᠴᠠ ᠶᠢ ᠪᠦᠷᠢᠨᠰᠢᠬᠦᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠪᠠᠨ ᠵᠣᠠᠠᠰᠣᠭᠠᠬᠤ ᠦᠶᠡᠰ᠂ ᠬᠠᠦᠯᠢ ᠴᠠᠭᠠᠵᠠ ᠬᠠᠦᠯᠢ ᠲᠣᠠᠠᠳᠠᠭᠠᠯ ᠤᠨ ᠳᠡᠰ ᠳᠡᠷᠡᠭᠠᠯᠠᠯ ᠶᠣᠰᠣᠭᠠᠷ᠂ ᠢᠯᠭᠠᠷᠡᠭᠤᠯᠥᠨ ᠪᠤᠳᠣᠬᠤ ᠪᠠ ᠳᠦᠪᠬᠢᠨᠡᠬᠦᠯᠬᠦ ᠳᠦᠰᠦᠯ ᠢ ᠲᠣᠷᠡᠳᠴᠥ᠂ ᠡᠮᠬᠢ ᠵᠢᠷᠣᠮ ᠲᠠᠢ ᠪᠠᠷ ᠪᠤᠴᠠᠭᠠᠨ ᠭᠠᠷᠭᠠᠬᠤ ᠶᠢ ᠪᠠᠳᠣᠯᠠᠨ᠎ᠠ᠃ 2016 ᠣᠨ ᠤ 11 ᠳ᠋ᠣᠭᠡᠷ ᠰᠡᠷ᠎ᠠ ᠶᠢᠨ 7᠎ ᠤ ᠡᠳᠣᠷ ᠠᠴᠠ ᠡᠮᠤᠨ᠎ᠠ ᠵᠦᠪᠰᠢᠶᠡᠷᠡᠯ ᠢᠶᠠᠷ ᠳᠡᠮᠵᠢᠨ ᠪᠠᠶᠢᠭᠤᠯᠥᠠᠠᠰᠠᠨ ᠠᠷᠡᠳ ᠠᠴᠠ ᠡᠷᠬᠢᠯᠡᠭᠰᠡᠨ ᠰᠣᠷᠭᠠᠭᠤᠯᠢ ᠨᠢ᠂ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠪᠠᠷ ᠳᠡᠩᠰᠡᠯᠡᠭᠤᠯᠬᠤ ᠶᠢ ᠰᠣᠩᠭᠤᠠᠠᠰᠠᠨ ᠢᠶᠠᠨ ᠵᠣᠠᠠᠰᠣᠭᠠᠬᠤ ᠦᠶᠡᠰ᠂ ᠡᠳ᠋ ᠬᠦᠷᠥᠩᠭᠡ ᠪᠠᠨ ᠬᠠᠦᠯᠢ ᠶᠣᠰᠣᠭᠠᠷ ᠢᠯᠭᠠᠷᠡᠭᠤᠯᠥᠨ ᠳᠥᠯᠥᠭᠰᠡᠨ ᠤ ᠳᠡᠷᠠᠭ᠎ᠠ ᠦᠯᠡᠳᠡᠪᠦᠷᠢ ᠲᠠᠢ ᠪᠠᠶᠢᠪᠠᠯ᠂ ᠪᠡᠯᠡ ᠭᠠᠷᠭᠠᠠᠠᠰᠠᠳ ᠲᠤ ᠵᠤᠬᠢᠬᠤ ᠨᠦᠬᠦᠪᠦᠷᠢ ᠪᠠ ᠱᠠᠩᠨᠠᠯ ᠣᠯᠭᠤᠨ᠎ᠠ ︵ᠪᠤᠳᠡᠳᠡᠢ ᠠᠷᠭ᠎ᠠ ᠪᠠ ᠪᠡᠷᠢᠮᠵᠢᠶ᠎ᠠ ᠶᠢ ᠠᠰᠳᠠᠭᠠᠨ ᠲᠣᠠᠠᠳᠠᠭᠠᠨ᠎ᠠ︶᠂ ᠦᠯᠡᠳᠡᠪᠦᠷᠢ ᠡᠳ᠋ ᠬᠦᠷᠦᠩᠬᠡ ᠶᠢ ᠨᠢ ᠦᠷᠬᠦᠯᠵᠢᠯᠡᠨ ᠪᠤᠰᠣᠳ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠰᠣᠷᠭᠠᠭᠤᠯᠢ ᠡᠷᠬᠢᠯᠡᠬᠦ ᠳᠤ ᠭᠡᠷᠡᠭᠯᠡᠨ᠎ᠡ︔ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠪᠠᠷ ᠳᠡᠩᠰᠡᠯᠡᠭᠤᠯᠬᠤ ᠶᠢ ᠰᠣᠩᠭᠤᠠᠠᠰᠠᠨ ᠢᠶᠠᠨ ᠵᠣᠠᠠᠰᠣᠭᠠᠬᠤ ᠦᠶᠡᠰ᠂ ᠡᠳ᠋ ᠬᠦᠷᠥᠩᠬᠡ ᠪᠠᠨ ᠢᠯᠭᠠᠷᠡᠭᠤᠯᠥᠨ ᠳᠥᠯᠥᠭᠰᠡᠨ ᠤ ᠳᠡᠷᠠᠭ᠎ᠠ ᠦᠯᠡᠳᠡᠪᠦᠷᠢ ᠲᠠᠢ ᠪᠠᠶᠢᠪᠠᠯ᠂ ︽ᠪᠦᠬᠦᠲᠡ ᠨᠡᠶᠢᠷᠡᠮᠳᠡᠬᠤ ᠲᠣᠮᠳᠠᠳᠣ ᠠᠷᠡᠳ ᠣᠯᠥᠰ ᠤᠨ ᠺᠣᠮᠫᠠᠨᠢ ᠶᠢᠨ ᠬᠠᠦᠯᠢ︾᠎ ᠶᠢᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ ᠰᠢᠢᠳᠪᠦᠷᠢᠯᠡᠨ᠎ᠠ᠃ 2016 ᠣᠨ ᠤ 11 ᠳ᠋ᠣᠭᠡᠷ ᠰᠡᠷ᠎ᠠ ᠶᠢᠨ 7᠎ ᠤ ᠡᠳᠣᠷ ᠠᠴᠠ ᠬᠤᠶᠢᠨ᠎ᠠ ᠪᠠᠶᠢᠭᠤᠯᠥᠠᠠᠰᠠᠨ ᠠᠷᠡᠳ ᠠᠴᠠ ᠡᠷᠬᠢᠯᠡᠭᠰᠡᠨ ᠰᠣᠷᠭᠠᠭᠤᠯᠢ ᠪᠠᠨ ᠵᠣᠠᠠᠰᠣᠭᠠᠬᠤ ᠦᠶᠡᠰ᠂ ᠡᠳ᠋ ᠬᠦᠷᠥᠩᠭᠡ ᠪᠠᠨ ᠰᠢᠢᠳᠪᠦᠷᠢᠯᠡᠬᠦ ᠳᠤ ᠬᠤᠯᠪᠤᠠᠠᠳᠡᠯ ᠪᠦᠬᠦᠢ ᠲᠣᠠᠠᠳᠠᠭᠠᠯ ᠪᠠ ᠰᠣᠷᠭᠠᠭᠤᠯᠢ ᠶᠢᠨ ᠳᠥᠷᠢᠮ ᠶᠣᠰᠣᠭᠠᠷ ᠰᠢᠢᠳᠪᠦᠷᠢᠯᠡᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠦᠮᠴᠢᠯᠡᠯ ᠤᠨ ᠡᠷᠬᠡ ᠶᠢ ᠰᠢᠯᠵᠢᠬᠦᠯᠬᠦ ᠳᠥᠷᠢᠮ ᠢ ᠪᠠᠶᠢᠭᠤᠯᠵᠦ᠂ ᠡᠷᠬᠢᠯᠡᠭᠰᠡᠳ ᠤᠨ ᠰᠲ᠋ᠥᠺ ᠤᠨ ᠡᠷᠬᠡ ᠶᠢ ᠰᠢᠯᠵᠢᠬᠦᠯᠬᠦ ᠦᠢᠯᠡ ᠠᠵᠢᠯᠯᠠᠭ᠎ᠠ ᠶᠢ ᠵᠢᠷᠣᠮᠵᠢᠭᠤᠯᠥᠨ᠎ᠠ᠃ ᠡᠳ᠋ ᠮᠦᠡᠭᠬᠦ ᠪᠠᠷ ᠲᠣᠰᠠᠯᠠᠨ ᠡᠷᠬᠢᠯᠡᠭᠰᠡᠨ ᠠᠷᠡᠳ ᠠᠴᠠ ᠡᠷᠬᠢᠯᠡᠭᠰᠡᠨ ᠰᠣᠷᠭᠠᠭᠤᠯᠢ ᠠᠴᠠ ᠭᠠᠳᠠᠨ᠎ᠠ᠂ ᠪᠤᠰᠣᠳ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠣᠷᠣᠰᠢᠨ ᠦᠷᠬᠦᠯᠵᠢᠯᠡᠬᠦ ᠬᠤᠭᠤᠴᠠᠭᠠᠨ ᠳᠤ᠂ ᠪᠡᠯᠡ ᠮᠦᠡᠭᠬᠦ ᠭᠠᠷᠭᠠᠠᠠᠰᠠᠨ ᠪᠤᠶᠤ ᠪᠡᠯᠡ ᠣᠷᠣᠭᠤᠯᠥᠠᠠᠰᠠᠳ ᠤᠨ ᠦᠮᠴᠢᠯᠡᠭᠴᠢ ᠶᠢᠨ ᠡᠷᠬᠡ ᠠᠰᠢᠭ ︵ᠰᠲ᠋ᠥᠺ ᠤᠨ ᠡᠷᠬᠡ︶᠎ ᠲᠤ ᠨᠡᠮᠡᠵᠦ ᠪᠠᠶᠢᠭᠤᠯᠬᠤ᠂ ᠰᠲ᠋ᠥᠺ ᠰᠣᠯᠠᠯᠠᠬᠤ᠂ ᠰᠢᠯᠵᠢᠬᠦᠯᠬᠦ᠂ ᠵᠠᠯᠭᠠᠮᠵᠢᠯᠠᠬᠤ ᠪᠠ ᠪᠡᠯᠡᠭᠯᠡᠡ ᠬᠦᠷᠭᠡᠵᠦ ᠪᠤᠯᠥᠨ᠎ᠠ᠃ ᠦᠮᠴᠢᠯᠡᠬᠦ ᠡᠷᠬᠡ ᠶᠢ ᠰᠢᠯᠵᠢᠬᠦᠯᠬᠦ ᠳᠤ ᠰᠠᠭᠤᠭ᠎ᠠ ᠭᠠᠵᠡᠷ ᠤᠨ ᠵᠠᠰᠠᠭ ᠤᠨ ᠣᠷᠳᠣᠨ ᠤ ᠦᠮᠴᠢᠯᠡᠬᠦ ᠡᠷᠬᠡ ᠶᠢᠨ ᠠᠷᠡᠯᠵᠢᠶᠡᠨ ᠤ ᠳᠡᠪᠴᠠᠩ ᠳᠤ ᠣᠷᠣᠭᠤᠯᠵᠦ᠂ ᠵᠢᠷᠣᠮᠵᠢᠭᠤᠯᠥᠨ ᠠᠵᠢᠯᠯᠠᠭᠤᠯᠥᠨ᠎ᠠ᠃      ᠳᠥᠷᠪᠡ᠂ ᠳᠥᠷᠦᠯ ᠬᠤᠪᠢᠶᠡᠨ ᠳᠡᠳᠬᠦᠨ ᠳᠡᠮᠵᠢᠬᠦ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠦᠨ᠎ᠠ      ︵ᠶᠢᠰᠦ︶ ᠡᠳ᠋ ᠤᠨ ᠵᠠᠰᠠᠭ ᠤᠨ ᠳᠡᠳᠬᠦᠨ ᠳᠡᠮᠵᠢᠬᠦ ᠡᠷᠴᠢᠮ ᠢ ᠴᠢᠩᠭᠠᠷᠡᠭᠤᠯᠥᠨ᠎ᠠ᠃ ᠡᠯ᠎ᠠ ᠱᠠᠳᠣᠨ ᠤ ᠠᠷᠠᠳ ᠤᠨ ᠵᠠᠰᠠᠭ ᠤᠨ ᠣᠷᠳᠣᠨ ᠨᠢ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ᠂ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠳᠡᠳᠬᠦᠨ ᠳᠡᠮᠵᠢᠬᠦ ᠡᠷᠴᠢᠮ ᠢᠶᠠᠨ ᠣᠯᠡᠮ ᠨᠢᠭᠡ ᠠᠯᠬᠤᠮ ᠴᠢᠩᠭᠠᠷᠠᠭᠤᠯᠥᠨ᠂ ᠳᠡᠳᠬᠦᠨ ᠳᠡᠮᠵᠢᠬᠦ ᠪᠡᠯᠡ ᠮᠦᠡᠭᠬᠦ ᠶᠢ ᠳᠥᠰᠦᠪ ᠲᠤ ᠣᠷᠣᠭᠤᠯᠥᠨ᠎ᠠ᠃ ᠡᠯ᠎ᠠ ᠱᠠᠳᠣᠨ ᠤ ᠠᠷᠠᠳ ᠤᠨ ᠵᠠᠰᠠᠭ ᠤᠨ ᠣᠷᠳᠣᠨ ᠨᠢ ᠨᠦᠬᠦᠪᠦᠷᠢ ᠦᠭᠬᠦ ᠳᠥᠷᠢᠮ ᠢ ᠪᠠᠶᠢᠭᠤᠯᠥᠨ ᠪᠦᠷᠢᠨᠰᠢᠬᠦᠯᠥᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠣᠨ ᠠᠪᠬᠤ ᠪᠠᠷᠢᠮᠵᠢᠶ᠎ᠠ ᠪᠠ ᠳᠡᠰ ᠳᠡᠷᠡᠭᠠᠯᠠᠯ ᠢ ᠳᠡᠬᠦᠯᠳᠡᠷᠵᠢᠬᠦᠯᠵᠦ᠂ ᠠᠵᠢᠯ ᠤᠨ ᠠᠮᠵᠢᠯᠳᠡ ᠪᠦᠳᠦᠮᠵᠢ ᠶᠢᠨ ᠦᠨᠡᠯᠨᠬᠦ ᠳᠥᠷᠢᠮ ᠢ ᠪᠠᠶᠢᠭᠤᠯᠥᠨ᠂ ᠠᠷᠡᠳ ᠠᠴᠠ ᠡᠷᠬᠢᠯᠡᠭᠰᠡᠨ ᠰᠣᠷᠭᠠᠭᠤᠯᠢ ᠠᠴᠠ ᠡᠷᠳᠡᠮ ᠤᠨ ᠴᠣᠯᠡ ᠶᠢᠨ ᠰᠣᠷᠣᠯᠴᠠᠯᠭ᠎ᠠ᠂ ᠬᠢᠴᠢᠶᠡᠯᠯᠡᠭᠡ ᠶᠢᠨ ᠵᠢᠭᠠᠬᠤ ᠮᠠᠲ᠋ᠧᠷᠢᠶᠡᠯ᠂ ᠡᠷᠳᠡᠮ ᠰᠢᠨᠵᠢᠯᠡᠭᠡᠨ ᠤ ᠦᠷ᠎ᠠ ᠪᠦᠳᠦᠭᠡᠯ᠂ ᠠᠵᠢᠯ ᠮᠡᠷᠭᠡᠵᠢᠯ ᠤᠨ ᠪᠤᠯᠪᠠᠰᠣᠷᠡᠭᠤᠯᠥᠯ᠂ ᠳᠥᠷᠥ ᠶᠢᠨ ᠪᠤᠳᠣᠯᠭ᠎ᠠ ᠶᠢᠨ ᠯᠠᠪᠯᠠᠯᠭ᠎ᠠ ᠵᠡᠷᠭᠡ ᠰᠣᠷᠭᠠᠨ ᠬᠦᠮᠦᠵᠢᠯ ᠤᠨ ᠦᠢᠯᠡᠴᠢᠯᠡᠭᠡ ᠬᠤᠳᠡᠯᠳᠣᠨ ᠠᠪᠬᠤ ᠪᠤᠳᠡᠳᠡᠢ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠲᠣᠠᠠᠳᠠᠭᠠᠨ᠎ᠠ᠃ ᠡᠯ᠎ᠠ ᠱᠠᠳᠣᠨ ᠤ ᠠᠷᠡᠳ ᠤᠨ ᠵᠠᠰᠠᠭ ᠤᠨ ᠣᠷᠳᠣᠨ ᠨᠢ ᠣᠯᠥᠰ ᠤᠨ ᠲᠣᠠᠠᠳᠠᠭᠠᠯ ᠶᠣᠰᠣᠭᠠᠷ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠦᠭᠵᠢᠯᠳᠡ ᠶᠢᠨ ᠰᠠᠭᠤᠷᠢ ᠮᠦᠡᠭᠬᠦ ᠪᠠᠶᠢᠭᠤᠯᠥᠨ᠂ ᠰᠠᠭᠤᠷᠢ ᠮᠦᠡᠭᠬᠦ ᠶᠢᠨ ᠨᠡᠶᠢᠭᠡᠮᠯᠢᠭ ᠪᠠᠶᠢᠭᠤᠯᠬᠤ ᠶᠢ ᠳᠡᠮᠵᠢᠵᠦ᠂ ᠡᠯ᠎ᠠ ᠳᠥᠷᠥᠯ ᠤᠨ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠳᠤ ᠠᠰᠢᠠᠠᠳᠡᠢ ᠠᠵᠢᠯᠯᠠᠭ᠎ᠠ ᠶᠢ ᠵᠤᠬᠢᠶᠡᠨ ᠪᠠᠶᠢᠭᠤᠯᠥᠨ ᠦᠷᠨᠢᠬᠦᠯᠵᠦ ᠪᠤᠯᠥᠨ᠎ᠠ᠃      ︵ᠠᠷᠪᠡ︶ ᠭᠠᠶᠢᠯᠢ ᠰᠦᠢᠳᠭᠡᠯ ᠤᠨ ᠬᠠᠷᠡᠭᠠᠯᠵᠠᠯ ᠤᠨ ᠳᠥᠷᠥ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠢ ᠦᠨᠳᠣᠰᠣᠯᠡᠨ ᠬᠠᠮᠢᠶ᠎ᠠ ᠪᠦᠬᠦᠢ ᠭᠠᠶᠢᠯᠢ ᠶᠢᠨ ᠣᠷᠣᠯᠭ᠎ᠠ ᠶᠢᠨ ᠬᠠᠷᠡᠭᠠᠯᠵᠠᠯ ᠤᠨ ᠳᠥᠷᠥ ᠶᠢᠨ ᠪᠤᠳᠣᠯᠭ᠎ᠠ ᠶᠢ ᠬᠦᠷᠳᠡᠨ᠎ᠠ᠃ ᠠᠵᠦ ᠠᠬᠤᠶᠢᠯᠠᠯ ᠤᠨ ᠡᠷᠬᠢᠯᠡᠭᠰᠡᠨ ᠡᠯ᠎ᠠ ᠳᠥᠷᠦᠯ ᠤᠨ ᠰᠣᠷᠭᠠᠭᠤᠯᠢ᠂ ᠭᠡᠥᠭᠡᠳ ᠤᠨ ᠴᠡᠴᠡᠷᠯᠢᠭ ᠤᠨ ᠦᠪᠡᠷ ᠤᠨ ᠭᠡᠷᠡᠭᠯᠡᠵᠦ ᠪᠦᠬᠦᠢ ᠭᠡᠷ ᠪᠠᠶᠢᠰᠢᠩ ᠬᠦᠷᠥᠩᠭᠡ᠂ ᠭᠠᠵᠡᠷ ᠰᠢᠷᠦᠢ ᠠᠴᠠ ᠭᠡᠷ ᠪᠠᠶᠢᠰᠢᠩ ᠬᠦᠷᠥᠩᠭᠡ ᠶᠢᠨ ᠭᠠᠶᠢᠯᠢ᠂ ᠬᠤᠳᠡ ᠪᠠᠯᠭᠠᠰᠣ ᠶᠢᠨ ᠭᠠᠵᠡᠷ ᠰᠢᠷᠦᠢ ᠭᠡᠷᠡᠭᠯᠡᠬᠦ ᠭᠠᠶᠢᠯᠢ ᠳᠡᠳᠡᠪᠦᠷᠢᠯᠡᠬᠤ ᠶᠢ ᠭᠡᠯᠳᠦᠷᠢᠬᠦᠯᠥᠨ᠎ᠠ᠃ ᠠᠵᠦ ᠠᠬᠤᠶᠢᠯᠠᠯ ᠤᠨ ᠰᠣᠷᠭᠠᠨ ᠬᠦᠮᠦᠵᠢᠯ ᠤᠨ ᠠᠵᠢᠯ ᠦᠢᠯᠡᠰ ᠢ ᠳᠡᠮᠵᠢᠵᠦ ᠪᠦᠬᠦᠢ ᠠᠰᠠᠷᠡᠮᠵᠢ ᠶᠢᠨ ᠴᠢᠨᠡᠷᠳᠡᠢ ᠪᠡᠯᠡᠭᠯᠡᠡ ᠬᠦᠷᠭᠡᠭᠰᠡᠨ ᠵᠠᠷᠣᠯᠭ᠎ᠠ ᠶᠢ ᠭᠠᠶᠢᠯᠢ ᠶᠢᠨ ᠬᠠᠦᠯᠢ ᠶᠢᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ᠂ ᠣᠨ ᠤ ᠠᠰᠢᠭ ᠬᠤᠨᠵᠢᠪᠦᠷᠢ ᠶᠢᠨ ᠶᠡᠷᠦᠩᠭᠡᠢ ᠲᠤᠭ᠎ᠠ ᠶᠢᠨ 12%᠎ ᠤᠨ ᠲᠣᠳᠣᠷᠡᠬᠢ ᠭᠡᠰᠡᠭ ᠲᠤ᠂ ᠲᠣᠰᠢᠶᠡᠪᠠᠰᠣ ᠵᠤᠬᠢᠬᠤ ᠭᠠᠶᠢᠯᠢ ᠶᠢᠨ ᠠᠰᠢᠭ ᠣᠯᠵᠠᠪᠦᠷᠢ ᠶᠢᠨ ᠲᠤᠭ᠎ᠠ ᠶᠢ ᠪᠤᠳᠣᠬᠤ ᠦᠶᠡᠰ ᠬᠠᠰᠣᠬᠤ ᠶᠢ ᠵᠦᠪᠰᠢᠶᠡᠷᠡᠨ᠎ᠠ︔ ᠬᠤᠪᠢ ᠬᠦᠮᠦᠨ ᠤ ᠰᠣᠷᠭᠠᠨ ᠬᠦᠮᠦᠵᠢᠯ ᠤᠨ ᠠᠵᠢᠯ ᠦᠢᠯᠡᠰ ᠢ ᠳᠡᠮᠵᠢᠵᠦ ᠪᠦᠬᠦᠢ ᠠᠰᠠᠷᠡᠮᠵᠢ ᠶᠢᠨ ᠴᠢᠨᠡᠷᠳᠡᠢ ᠪᠡᠯᠡᠭᠯᠡᠡ ᠬᠦᠷᠭᠡᠭᠰᠡᠨ ᠵᠠᠷᠣᠯᠭ᠎ᠠ ᠶᠢ ᠭᠠᠶᠢᠯᠢ ᠶᠢᠨ ᠣᠷᠣᠯᠭ᠎ᠠ ᠶᠢᠨ ᠬᠠᠦᠯᠢ ᠴᠠᠭᠠᠵᠠ ᠬᠠᠦᠯᠢ ᠲᠣᠠᠠᠳᠠᠭᠠᠯ ᠵᠢᠴᠢ ᠳᠥᠷᠥ ᠶᠢᠨ ᠪᠤᠳᠣᠯᠭ᠎ᠠ ᠶᠢᠨ ᠬᠠᠮᠢᠶ᠎ᠠ ᠪᠦᠬᠦᠢ ᠲᠣᠠᠠᠳᠠᠭᠠᠯ ᠶᠣᠰᠣᠭᠠᠷ ᠬᠤᠪᠢ ᠬᠦᠮᠦᠨ ᠤ ᠠᠰᠢᠭ ᠣᠯᠵᠠᠪᠦᠷᠢ ᠶᠢᠨ ᠭᠠᠶᠢᠯᠢ ᠠᠴᠠ ᠡᠮᠤᠨ᠎ᠠ ᠬᠠᠰᠣᠨ᠎ᠠ᠃ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠠᠯᠪᠠᠨ ᠠᠴᠠ ᠡᠷᠬᠢᠯᠡᠭᠰᠡᠨ ᠰᠣᠷᠭᠠᠭᠤᠯᠢ ᠯᠤᠭ᠎ᠠ ᠠᠳᠡᠯᠢ ᠣᠯᠭᠤᠮᠵᠢ ᠬᠦᠷᠳᠡᠵᠦ᠂ ᠭᠠᠶᠢᠯᠢ ᠶᠢᠨ ᠬᠠᠦᠯᠢ ᠶᠢᠨ ᠲᠣᠠᠠᠳᠠᠭᠠᠯ ᠶᠣᠰᠣᠭᠠᠷ ᠭᠠᠶᠢᠯᠢ ᠠᠴᠠ ᠭᠡᠯᠳᠦᠷᠢᠬᠦᠯᠬᠦ ᠬᠢᠷᠢ ᠭᠡᠮ ᠢ ᠮᠠᠭᠠᠳᠯᠠᠨ ᠲᠣᠠᠠᠳᠠᠭᠠᠠᠠᠰᠠᠨ ᠤ ᠳᠡᠷᠠᠭ᠎ᠠ᠂ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠣᠷᠣᠯᠭ᠎ᠠ ᠲᠠᠢ ᠠᠵᠦ ᠠᠬᠤᠶᠢᠯᠠᠯ ᠤᠨ ᠠᠰᠢᠭ ᠣᠯᠵᠠᠪᠦᠷᠢ ᠶᠢᠨ ᠭᠠᠶᠢᠯᠢ ᠶᠢ ᠳᠡᠳᠡᠪᠦᠷᠢᠯᠡᠬᠤ ᠶᠢ ᠭᠡᠯᠳᠦᠷᠢᠬᠦᠯᠦᠨ᠎ᠠ᠃ ᠡᠳ᠋ ᠮᠦᠡᠭᠬᠦ ᠪᠠᠷ ᠲᠣᠰᠠᠯᠠᠨ ᠪᠠᠶᠢᠭᠤᠯᠥᠠᠠᠰᠠᠨ ᠰᠣᠷᠭᠠᠭᠤᠯᠢ ᠶᠢᠨ ᠪᠠᠶᠢᠷᠢ ᠶᠢᠨ ᠭᠡᠷ ᠵᠢᠴᠢ ᠰᠠᠶᠢᠰᠢᠶᠡᠨ ᠬᠦᠬᠢᠬᠦᠯᠵᠦ ᠪᠡᠯᠡ ᠮᠦᠡᠭᠬᠦ ᠪᠠᠷ ᠲᠣᠰᠠᠯᠠᠬᠤ ᠵᠡᠷᠭᠡ ᠠᠵᠢᠯᠯᠠᠭ᠎ᠠ ᠶᠢ ᠦᠷᠨᠢᠬᠦᠯᠬᠦ ᠶᠢ ᠨᠡᠷᠡᠯᠡᠬᠦ ᠳᠡᠭᠡᠨ ᠪᠡᠯᠡᠭᠯᠡᠡ ᠬᠦᠷᠭᠡᠭᠴᠢ ᠶᠢᠨ ᠬᠦᠰᠡᠯ ᠰᠠᠨᠠᠭ᠎ᠠ ᠶᠢ ᠬᠦᠨᠳᠣᠳᠭᠡᠬᠦ ᠭᠡᠷᠡᠭᠳᠡᠢ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠴᠠᠬᠢᠯᠭᠠᠨ᠂ ᠣᠰᠥ᠂ ᠰᠢᠳᠡᠮᠡᠬᠠᠢ ᠬᠡᠢ᠂ ᠢᠯᠴᠢ ᠭᠡᠷᠡᠭᠯᠡᠬᠦ ᠳᠤ᠂ ᠠᠯᠪᠠᠨ ᠠᠴᠠ ᠡᠷᠬᠢᠯᠡᠭᠰᠡᠨ ᠰᠣᠷᠭᠠᠭᠤᠯᠢ ᠯᠤᠭ᠎ᠠ ᠠᠳᠡᠯᠢ ᠦᠨ᠎ᠠ ᠬᠠᠩᠰᠢ ᠶᠢᠨ ᠳᠥᠷᠥ ᠶᠢᠨ ᠪᠤᠳᠣᠯᠭ᠎ᠠ ᠶᠢ ᠭᠡᠷᠡᠭᠵᠢᠬᠦᠯᠥᠨ᠎ᠠ᠃      ︵ᠠᠷᠪᠡᠨ ᠨᠢᠭᠡ︶ ᠵᠦᠷᠢᠶᠡᠴᠢᠯᠡᠭᠰᠡᠨ ᠭᠠᠵᠡᠷ ᠰᠢᠷᠦᠢ ᠭᠡᠷᠡᠭᠯᠡᠬᠦ ᠪᠠ ᠪᠦᠳᠦᠭᠡᠨ ᠪᠠᠶᠢᠭᠤᠯᠬᠤ ᠳᠥᠷᠥ ᠶᠢᠨ ᠪᠤᠳᠣᠯᠭ᠎ᠠ ᠶᠢ ᠭᠡᠷᠡᠭᠵᠢᠬᠦᠯᠥᠨ᠎ᠡ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠪᠦᠳᠦᠭᠡᠨ ᠪᠠᠶᠢᠭᠤᠯᠥᠯᠳᠡ ᠳᠤ ᠭᠡᠷᠡᠭᠯᠡᠬᠦ ᠭᠠᠵᠡᠷ ᠰᠢᠷᠦᠢ ᠶᠢ ᠰᠢᠨᠵᠢᠯᠡᠬᠦ ᠣᠠᠬᠭᠠᠨ ᠰᠣᠷᠭᠠᠨ ᠬᠦᠮᠦᠵᠢᠯ ᠳᠤ ᠭᠡᠷᠡᠭᠯᠡᠬᠦ ᠭᠠᠵᠡᠷ ᠰᠢᠷᠦᠢ ᠪᠠᠷ ᠬᠠᠮᠢᠶᠡᠷᠦᠨ᠎ᠠ᠃ ᠠᠰᠢᠭ ᠬᠤᠨᠵᠢᠪᠦᠷᠢ ᠶᠢᠨ ᠪᠣᠰᠥ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠠᠯᠪᠠᠨ ᠠᠴᠠ ᠡᠷᠬᠢᠯᠡᠭᠰᠡᠨ ᠰᠣᠷᠭᠠᠭᠤᠯᠢ ᠯᠤᠭ᠎ᠠ ᠠᠳᠡᠯᠢ ᠳᠥᠷᠥ ᠶᠢᠨ ᠪᠤᠳᠣᠯᠭ᠎ᠠ ᠶᠢ ᠬᠦᠷᠲᠡᠵᠦ᠂ ᠬᠤᠪᠢᠶᠡᠨ ᠦᠭᠬᠦ ᠵᠡᠷᠭᠡ ᠠᠷᠭ᠎ᠠ ᠬᠡᠯᠪᠡᠷᠢ ᠪᠠᠷ ᠭᠠᠵᠡᠷ ᠰᠢᠷᠦᠢ ᠬᠠᠩᠭᠠᠨ᠎ᠠ᠃ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠳᠤ ᠣᠯᠥᠰ ᠤᠨ ᠬᠠᠮᠢᠶ᠎ᠠ ᠪᠦᠬᠦᠢ ᠳᠥᠷᠥ ᠶᠢᠨ ᠪᠤᠳᠣᠯᠭ᠎ᠠ ᠶᠣᠰᠣᠭᠠᠷ ᠭᠠᠵᠡᠷ ᠰᠢᠷᠦᠢ ᠬᠠᠩᠭᠠᠨ᠎ᠠ᠃ ᠵᠦᠪᠬᠡᠨ ᠨᠢᠬᠡᠯᠡ ᠰᠠᠨᠠᠮᠵᠢ ᠪᠠᠷ ᠭᠠᠵᠡᠷ ᠰᠢᠷᠦᠢ ᠭᠡᠷᠡᠭᠯᠡᠭᠴᠢ ᠳᠤ᠂ ᠵᠦᠪᠳᠡᠯᠴᠡᠭᠡᠷ ᠤᠨ ᠠᠷᠭ᠎ᠠ ᠬᠡᠯᠪᠡᠷᠢ ᠪᠠᠷ ᠭᠠᠵᠡᠷ ᠰᠢᠷᠦᠢ ᠬᠠᠩᠭᠠᠨ᠎ᠠ᠃ ᠭᠠᠵᠡᠷ ᠰᠢᠷᠦᠢ ᠭᠡᠷᠡᠭᠯᠡᠬᠦ ᠡᠷᠬᠡ ᠲᠠᠢ ᠬᠦᠮᠦᠨ ᠨᠢ ᠪᠦᠬᠦ ᠭᠠᠵᠡᠷ ᠰᠢᠷᠦᠢ ᠪᠤᠶᠤ ᠭᠡᠰᠡᠭ ᠭᠠᠵᠡᠷ ᠰᠢᠷᠦᠢ ᠶᠢᠨ ᠭᠡᠷᠡᠭᠴᠡᠭᠡ ᠪᠠᠨ ᠬᠤᠪᠢᠷᠡᠭᠤᠯᠬᠤ ᠪᠠᠷ ᠭᠤᠶᠤᠴᠢᠯᠬᠠᠰᠠᠨ ᠪᠠᠶᠢᠪᠠᠯ᠂ ᠵᠠᠰᠠᠭ ᠤᠨ ᠣᠷᠳᠣᠨ ᠠᠴᠠ ᠭᠡᠷᠡᠭᠴᠡᠭᠡ ᠪᠠᠨ ᠬᠤᠪᠢᠷᠡᠭᠤᠯᠬᠤ ᠪᠠᠷ ᠭᠤᠶᠤᠴᠢᠯᠬᠠᠰᠠᠨ ᠭᠠᠵᠡᠷ ᠰᠢᠷᠦᠢ ᠶᠢ ᠨᠢ ᠬᠤᠷᠢᠶᠡᠨ ᠠᠪᠴᠥ᠂ ᠴᠠᠭ ᠲᠤᠬᠠᠢ ᠳᠤᠨᠢ ᠦᠨ᠎ᠠ ᠬᠠᠩᠰᠢ ᠲᠣᠠᠠᠳᠠᠭᠠᠵᠦ᠂ ᠬᠠᠦᠯᠢ ᠶᠣᠰᠣᠭᠠᠷ ᠳᠡᠬᠢᠨ ᠰᠢᠨ᠎ᠡ ᠪᠠᠷ ᠬᠠᠩᠭᠠᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠰᠢᠨ᠎ᠡ ᠪᠠᠷ ᠪᠠᠶᠢᠭᠤᠯᠥᠠᠠᠰᠠᠨ ᠪᠤᠶᠤ ᠦᠷᠭᠡᠳᠭᠡᠨ ᠪᠠᠶᠢᠭᠤᠯᠥᠠᠠᠰᠠᠨ ᠰᠠᠭᠤᠷᠢ ᠪᠡᠯᠡᠳᠭᠡᠮᠵᠢ᠂ ᠳᠡᠬᠦᠨ ᠤ ᠬᠤᠳᠡ ᠶᠢᠨ ᠢᠵᠢ ᠪᠦᠷᠢᠳᠦᠬᠦᠯᠬᠦ ᠰᠦᠢᠳᠭᠡᠯ᠂ ᠪᠦᠳᠦᠭᠡᠨ ᠪᠠᠶᠢᠭᠤᠯᠥᠯᠳᠡ ᠶᠢᠨ ᠰᠦᠢᠳᠭᠡᠯ᠂ ᠬᠦᠮᠦᠨ ᠤ ᠬᠠᠮᠠᠭᠠᠯᠠᠯᠳᠡ ᠶᠢᠨ ᠰᠦᠢᠳᠭᠡᠯ ᠵᠡᠷᠭᠡ ᠬᠠᠮᠢᠶ᠎ᠠ ᠪᠦᠬᠦᠢ ᠰᠦᠢᠳᠭᠡᠯ ᠨᠢ ᠲᠣᠠᠠᠳᠠᠭᠠᠠᠠᠰᠠᠨ ᠬᠠᠷᠡᠭᠠᠯᠵᠠᠯ ᠤᠨ ᠳᠥᠷᠥ ᠶᠢᠨ ᠪᠤᠳᠣᠯᠭ᠎ᠠ ᠶᠢ ᠬᠦᠷᠳᠡᠨ᠎ᠠ᠃      ︵ᠠᠷᠪᠡᠨ ᠬᠤᠶᠡᠷ︶ ᠠᠳᠡᠯᠢ ᠪᠡᠯᠡ ᠮᠦᠡᠭᠬᠦ ᠪᠠᠷ ᠲᠣᠰᠠᠯᠠᠬᠤ ᠳᠥᠷᠥ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠣᠠᠠᠴᠢ ᠪᠠ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠣᠠᠠᠴᠢ ᠨᠢ ᠲᠣᠠᠠᠳᠠᠭᠠᠯ ᠶᠣᠰᠣᠭᠠᠷ ᠠᠳᠡᠯᠢ ᠱᠠᠩᠨᠡᠯ᠂ ᠲᠣᠰᠠᠯᠠᠮᠵᠢ᠂ ᠵᠢᠭᠡᠯᠡᠯᠬᠡ᠂ ᠨᠦᠬᠦᠪᠦᠷᠢ ᠵᠡᠷᠭᠡ ᠲᠣᠰᠠᠯᠠᠮᠵᠢ ᠶᠢᠨ ᠳᠥᠷᠥ ᠶᠢᠨ ᠪᠤᠳᠣᠯᠭ᠎ᠠ ᠶᠢ ᠬᠦᠷᠲᠡᠨ᠎ᠠ᠃ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠱᠠᠳᠣ ᠦᠶ᠎ᠠ ᠶᠢᠨ ᠠᠷᠡᠳ ᠠᠴᠠ ᠡᠷᠬᠢᠯᠡᠭᠰᠡᠨ ᠰᠣᠷᠭᠠᠭᠤᠯᠢ ᠪᠠ ᠠᠯᠪᠠᠨ ᠠᠴᠠ ᠡᠷᠬᠢᠯᠡᠭᠰᠡᠨ ᠰᠣᠷᠭᠠᠭᠤᠯᠢ ᠨᠢ ᠠᠳᠡᠯᠢ ᠪᠠᠷ ᠰᠣᠷᠣᠠᠠᠴᠢ ᠨᠢᠭᠡᠪᠦᠷᠢ ᠶᠢᠨ ᠲᠤᠮᠳᠡᠴᠢ ᠨᠡᠶᠢᠲᠡ ᠶᠢᠨ ᠵᠠᠷᠣᠳᠡᠯ ᠢ ᠬᠦᠷᠲᠡᠨ᠎ᠠ᠃ ᠡᠯ᠎ᠠ ᠱᠠᠳᠣᠨ ᠤ ᠠᠷᠡᠳ ᠤᠨ ᠵᠠᠰᠠᠭ ᠤᠨ ᠣᠷᠳᠣᠨ ᠨᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠣᠯᠭ᠎ᠠ ᠶᠢ ᠲᠣᠰᠠᠯᠠᠬᠤ ᠵᠢᠭᠡᠯᠡᠯᠭᠡ ᠶᠢᠨ ᠲᠤᠬᠠᠶᠢᠯᠬᠠᠰᠠᠨ ᠠᠵᠢᠯ ᠤᠨ ᠳᠡᠳᠬᠦᠨ ᠳᠡᠮᠵᠢᠬᠦ ᠳᠥᠷᠢᠮ ᠢ ᠪᠠᠶᠢᠭᠤᠯᠥᠨ ᠪᠦᠷᠢᠨᠰᠢᠬᠦᠯᠵᠦ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠭᠡᠷ ᠪᠦᠯᠢ ᠶᠢᠨ ᠠᠵᠦ ᠠᠬᠤᠢ ᠨᠢ ᠬᠦᠴᠢᠷᠳᠡᠯᠳᠡᠢ ᠰᠣᠷᠣᠠᠠᠴᠢ ᠶᠢᠨ ᠲᠣᠰᠠᠯᠠᠮᠵᠢ ᠣᠯᠬᠤ ᠬᠠᠷᠢᠴᠡᠯ ᠢ ᠳᠡᠭᠡᠭᠰᠢᠯᠡᠬᠦᠯᠦᠨ᠎ᠡ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠤᠭᠤᠳ ᠱᠠᠩᠨᠠᠯ ᠪᠠ ᠰᠣᠷᠣᠯᠭ᠎ᠠ ᠶᠢᠨ ᠳᠡᠳᠬᠦᠮᠵᠢ ᠮᠦᠡᠭᠬᠦ ᠶᠢ ᠬᠢᠨᠡᠨ ᠲᠣᠠᠠᠳᠠᠭᠠᠬᠤ ᠪᠠ ᠣᠯᠭᠤᠬᠤ ᠵᠡᠷᠭᠡ ᠬᠠᠮᠢᠶᠡᠷᠦᠯᠳᠡ ᠶᠢᠨ ᠲᠣᠠᠠᠳᠡᠴᠠ ᠶᠢ ᠪᠠᠶᠢᠭᠤᠯᠥᠨ ᠳᠡᠬᠦᠯᠳᠡᠷᠵᠢᠬᠦᠯᠵᠦ᠂ ᠰᠣᠷᠣᠯᠭ᠎ᠠ ᠶᠢᠨ ᠰᠦᠢᠳᠭᠡᠯ ᠤᠨ ᠣᠷᠣᠯᠭ᠎ᠠ ᠲᠣᠮᠳᠡ ᠠᠴᠠ 5%᠎ ᠠᠴᠠ ᠪᠠᠭ᠎ᠠ ᠦᠭᠡᠢ ᠪᠡᠯᠡ ᠮᠦᠡᠭᠬᠦ ᠶᠢ ᠰᠠᠭᠤᠯᠭᠠᠨ ᠠᠪᠴᠥ ᠪᠠᠶᠢᠭᠠᠳ᠂ ᠰᠣᠷᠣᠠᠠᠴᠢᠳ ᠢ ᠱᠠᠩᠨᠠᠬᠤ ᠪᠠ ᠲᠣᠰᠠᠯᠠᠬᠤ ᠳᠤ ᠭᠡᠷᠡᠭᠯᠡᠨ᠎ᠡ᠃ ᠡᠳ᠋ ᠮᠦᠡᠭᠬᠦ ᠬᠠᠨᠳᠢᠪᠯᠠᠨ ᠰᠣᠷᠣᠯᠭ᠎ᠠ ᠶᠢ ᠳᠡᠳᠬᠦᠬᠦ ᠶᠢ ᠵᠣᠷᠢᠠᠠᠵᠢᠭᠤᠯᠬᠤ ᠬᠠᠮᠢᠶ᠎ᠠ ᠪᠦᠬᠦᠢ ᠬᠠᠷᠡᠭᠠᠯᠵᠠᠯ ᠤᠨ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠨᠠᠶᠢᠳᠡᠪᠦᠷᠢᠵᠢᠭᠤᠯᠵᠦ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠤᠬᠢᠶᠡᠨ ᠪᠠᠶᠢᠭᠤᠯᠥᠯᠳᠡ ᠪᠤᠯᠥᠨ ᠬᠤᠪᠢ ᠬᠦᠮᠦᠨ ᠤ ᠠᠷᠡᠳ ᠠᠴᠠ ᠡᠷᠬᠢᠯᠡᠭᠰᠡᠨ ᠰᠣᠷᠭᠠᠭᠤᠯᠢ ᠳᠤ ᠬᠠᠨᠳᠣᠭᠤᠯᠥᠠᠠᠰᠠᠨ ᠰᠣᠷᠣᠯᠭ᠎ᠠ ᠶᠢᠨ ᠱᠠᠩᠨᠠᠯ ᠤᠨ ᠪᠠ ᠳᠡᠳᠬᠦᠮᠵᠢ ᠮᠦᠡᠭᠬᠦ ᠪᠠᠶᠢᠭᠤᠯᠬᠤ ᠶᠢ ᠢᠳᠡᠪᠬᠢᠳᠡᠢ ᠪᠠᠷ ᠬᠦᠳᠦᠯᠥᠨ ᠵᠢᠯᠥᠭᠤᠳᠬᠤ ᠪᠠ ᠵᠣᠷᠢᠠᠠᠵᠢᠭᠤᠯᠥᠨ᠎ᠠ᠃      ︵ᠠᠷᠪᠠᠨ ᠭᠤᠷᠪᠡ︶ ᠬᠠᠦᠯᠢ ᠶᠣᠰᠣᠭᠠᠷ ᠡᠵᠡᠨ ᠮᠡᠳᠡᠵᠦ ᠰᠣᠷᠭᠠᠭᠤᠯᠢ ᠡᠷᠬᠢᠯᠡᠬᠦ ᠶᠢ ᠪᠠᠳᠣᠯᠠᠨ᠎ᠠ᠃ ᠠᠷᠡᠳ ᠠᠴᠠ ᠡᠷᠬᠢᠯᠡᠭᠰᠡᠨ ᠳᠡᠭᠡᠳᠦ ᠵᠡᠷᠭᠡ ᠶᠢᠨ ᠰᠣᠷᠭᠠᠭᠤᠯᠢ ᠪᠠ ᠲᠣᠮᠳᠡ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ ᠶᠢᠨ ᠲᠣᠰᠬᠠᠢ ᠮᠡᠷᠭᠡᠵᠢᠯ ᠪᠠᠶᠢᠷᠢᠯᠠᠭᠤᠯᠬᠤ ᠡᠵᠡᠨ ᠮᠡᠳᠡᠬᠦ ᠡᠷᠬᠡ ᠶᠢ ᠦᠷᠭᠡᠳᠭᠡᠵᠦ᠂ ᠰᠣᠷᠭᠠᠭᠤᠯᠢ ᠶᠢᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠭᠡᠷᠡᠭᠴᠡᠭᠡ ᠶᠢ ᠦᠨᠳᠣᠰᠣᠯᠡᠨ᠂ ᠬᠠᠦᠯᠢ ᠲᠣᠠᠠᠳᠠᠭᠠᠯ ᠶᠣᠰᠣᠭᠠᠷ ᠡᠷᠳᠡᠮ ᠰᠢᠨᠵᠢᠯᠡᠭᠡᠨ ᠤ ᠲᠣᠰᠬᠠᠢ ᠮᠡᠷᠭᠡᠵᠢᠯ ᠪᠠᠶᠢᠷᠢᠯᠠᠭᠤᠯᠬᠤ ᠶᠢ ᠵᠣᠷᠢᠠᠠᠵᠢᠭᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠰᠢᠯᠭᠠᠯᠳᠡ ᠪᠠ ᠰᠣᠷᠣᠠᠠᠴᠢ ᠡᠯᠰᠡᠬᠦ ᠳᠥᠷᠢᠮ ᠤᠨ ᠦᠭᠡᠷᠡᠴᠢᠯᠡᠯᠳᠡ ᠳᠤ ᠣᠷᠣᠯᠴᠠᠬᠤ ᠶᠢ ᠳᠡᠮᠵᠢᠨ᠎ᠠ᠃ ᠨᠡᠶᠢᠭᠡᠮ ᠤᠨ ᠨᠡᠷ᠎ᠡ ᠠᠯᠳᠡᠷ ᠰᠠᠶᠢᠨ᠂ ᠵᠢᠭᠠᠨ ᠰᠣᠷᠭᠠᠯᠳᠡ ᠶᠢᠨ ᠶᠠᠰᠣ ᠴᠢᠨᠡᠷ ᠦᠨᠳᠣᠷ᠂ ᠠᠵᠢᠯ ᠣᠯᠭᠤᠯᠳᠡ ᠶᠢᠨ ᠪᠠᠳᠣᠯᠠᠭ᠎ᠠ ᠲᠠᠢ ᠠᠷᠡᠳ ᠠᠴᠠ ᠡᠷᠬᠢᠯᠡᠭᠰᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ ᠨᠢ᠂ ᠬᠢᠨᠡᠨ ᠲᠣᠠᠠᠳᠠᠭᠠᠠᠠᠰᠠᠨ ᠰᠣᠷᠭᠠᠭᠤᠯᠢ ᠡᠷᠬᠢᠯᠡᠬᠦ ᠭᠡᠪᠴᠢᠶᠡᠨ ᠳᠣᠳᠣᠷ᠎ᠠ ᠰᠣᠷᠣᠠᠠᠴᠢ ᠡᠯᠰᠡᠬᠦ ᠭᠡᠪᠴᠢᠶ᠎ᠠ ᠪᠠ ᠣᠨ ᠤ ᠰᠣᠷᠣᠠᠠᠴᠢ ᠡᠯᠰᠡᠬᠦ ᠳᠥᠯᠥᠪᠯᠡᠭᠡ ᠶᠢ ᠡᠵᠡᠨ ᠮᠡᠳᠡᠵᠦ ᠲᠣᠠᠠᠳᠠᠭᠠᠵᠦ ᠪᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠣᠯᠥᠰ ᠤᠨ ᠲᠣᠠᠠᠳᠠᠭᠠᠠᠠᠰᠠᠨ ᠬᠢᠴᠢᠶᠡᠯᠯᠡᠭᠡ ᠶᠢ ᠪᠠᠶᠠᠯᠠᠬᠦᠯᠥᠭᠰᠡᠨ ᠣᠷᠢᠳᠡᠯ ᠲᠤᠤᠷ᠎ᠠ᠂ ᠡᠵᠡᠨ ᠮᠡᠳᠡᠵᠦ ᠰᠣᠷᠭᠠᠨ ᠬᠦᠮᠦᠵᠢᠯ ᠵᠢᠭᠠᠨ ᠰᠣᠷᠭᠠᠯᠳᠡ ᠶᠢᠨ ᠠᠵᠢᠯᠯᠠᠭ᠎ᠠ ᠦᠷᠨᠢᠬᠦᠯᠵᠦ ᠪᠤᠯᠥᠨ᠎ᠠ᠃ ᠲᠣᠮᠳᠡ ᠵᠡᠷᠭᠡ ᠠᠴᠠ ᠲᠣᠷᠣᠠᠠᠰᠢ ᠳᠡᠰ ᠲᠠᠪᠬᠤᠷᠭ᠎ᠠ ᠶᠢᠨ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ᠂ ᠬᠢᠨᠡᠨ ᠲᠣᠠᠠᠳᠠᠭᠠᠠᠠᠰᠠᠨ ᠭᠡᠪᠴᠢᠶᠠᠨ ᠳᠣᠳᠣᠷ᠎ᠠ᠂ ᠲᠣᠬᠠᠢ ᠶᠢᠨ ᠭᠠᠵᠡᠷ ᠤᠨ ᠠᠯᠪᠠᠨ ᠠᠴᠠ ᠡᠷᠬᠢᠯᠡᠭᠰᠡᠨ ᠰᠣᠷᠭᠠᠭᠤᠯᠢ ᠯᠤᠭ᠎ᠠ ᠠᠳᠡᠯᠢ ᠬᠤᠭᠤᠴᠠᠭᠠᠨ ᠳᠤ ᠨᠡᠶᠢᠭᠡᠮ ᠠᠴᠠ ᠡᠵᠡᠨ ᠮᠡᠳᠡᠵᠦ ᠰᠣᠷᠣᠠᠠᠴᠢ ᠡᠯᠰᠡᠵᠦ ᠪᠤᠯᠥᠨ᠎ᠠ᠃ ᠡᠯ᠎ᠠ ᠭᠠᠵᠡᠷ ᠣᠷᠣᠨ ᠨᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠣᠷᠣᠨ ᠪᠦᠰᠡ ᠠᠯᠥᠰᠯᠠᠨ ᠰᠣᠷᠣᠠᠠᠴᠢ ᠡᠯᠰᠡᠬᠦ ᠳᠤ ᠬᠠᠷᠰᠢ ᠰᠠᠭᠠᠳ ᠣᠴᠠᠷᠡᠭᠤᠯᠵᠦ ᠪᠤᠯᠬᠤ ᠦᠭᠡᠢ᠃      ︵ᠠᠷᠪᠡᠨ ᠳᠥᠷᠪᠡ︶ ᠰᠣᠷᠭᠠᠭᠤᠯᠢ ᠶᠢᠨ ᠪᠠᠭᠰᠢ ᠰᠣᠷᠣᠠᠠᠴᠢ ᠶᠢᠨ ᠡᠷᠬᠡ ᠠᠰᠢᠭ ᠢ ᠪᠠᠳᠣᠯᠠᠨ᠎ᠠ᠃ ᠰᠣᠷᠭᠠᠭᠤᠯᠢ᠂ ᠬᠤᠪᠢ ᠬᠦᠮᠦᠨ᠂ ᠵᠠᠰᠠᠭ ᠤᠨ ᠣᠷᠳᠣᠨ ᠠᠴᠠ ᠵᠦᠢ ᠵᠤᠬᠢᠰᠳᠡᠢ ᠪᠠᠷ ᠬᠤᠪᠢᠶᠡᠷᠢᠯᠡᠨ ᠡᠬᠦᠷᠭᠡᠯᠡᠭᠰᠡᠨ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠠᠵᠢᠯᠳᠡᠨ ᠠᠵᠢᠯᠴᠢᠨ ᠤ ᠨᠡᠶᠢᠭᠡᠮ ᠤᠨ ᠪᠠᠳᠣᠯᠠᠭ᠎ᠠ ᠶᠢᠨ ᠲᠣᠠᠠᠳᠡᠴᠠ ᠶᠢ ᠳᠡᠬᠦᠯᠳᠡᠷᠵᠢᠬᠦᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠬᠠᠦᠯᠢ ᠶᠣᠰᠣᠭᠠᠷ ᠪᠠᠭᠰᠢ ᠠᠵᠢᠯᠳᠡᠨ ᠠᠵᠢᠯᠴᠢᠨ ᠳᠤ ᠬᠦᠢᠴᠡᠳ ᠲᠤᠭ᠎ᠠ ᠪᠠᠷ ᠨᠡᠶᠢᠭᠡᠮ ᠤᠨ ᠳᠠᠭᠠᠳᠬᠠᠯ ᠤᠨ ᠰᠦᠢᠳᠭᠡᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠡᠮᠳᠣᠯᠭ᠎ᠠ ᠶᠢᠨ ᠮᠦᠡᠭᠬᠦ ᠲᠣᠰᠢᠶᠡᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠲᠣᠠᠠᠳᠠᠭᠠᠯ ᠶᠣᠰᠣᠭᠠᠷ ᠪᠠᠭᠰᠢ ᠠᠵᠢᠯᠳᠡᠨ ᠠᠵᠢᠯᠴᠢᠨ ᠳᠤ ᠨᠦᠬᠦᠪᠦᠷᠢ ᠨᠠᠰᠣᠵᠢᠯ ᠤᠨ ᠲᠠᠭᠠᠳᠬᠠᠯ ᠪᠠᠶᠢᠭᠤᠯᠵᠦ᠂ ᠪᠠᠭᠰᠢ ᠠᠵᠢᠯᠳᠡᠨ ᠠᠵᠢᠯᠴᠢᠨ ᠤ ᠠᠵᠢᠯ ᠠᠴᠠ ᠪᠠᠨ ᠠᠮᠠᠷᠬᠠᠰᠠᠨ ᠤ ᠳᠡᠷᠡᠭᠠᠬᠢ ᠣᠯᠭᠤᠮᠵᠢ ᠶᠢ ᠰᠠᠶᠢᠵᠢᠷᠡᠭᠤᠯᠬᠤ ᠶᠢ ᠵᠣᠷᠢᠠᠠᠵᠢᠭᠤᠯᠥᠨ᠎ᠠ᠃ ᠨᠢᠭᠡᠳᠦᠯᠳᠡᠢ ᠳᠥᠯᠥᠪᠯᠡᠭᠰᠡᠨ ᠭᠠᠵᠡᠷ ᠣᠷᠣᠨ ᠠᠯᠥᠰᠯᠬᠠᠰᠠᠨ ᠨᠡᠶᠢᠭᠡᠮ ᠤᠨ ᠲᠠᠭᠠᠳᠬᠠᠯ ᠤᠨ ᠬᠠᠷᠢᠴᠠᠭ᠎ᠠ ᠶᠢ ᠰᠢᠯᠵᠢᠬᠦᠯᠥᠨ ᠵᠤᠯᠭᠠᠭᠤᠯᠵᠦ ᠦᠷᠬᠦᠯᠵᠢᠯᠡᠬᠦᠯᠬᠦ ᠳᠥᠷᠥ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠵᠦ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠶᠢᠨ ᠡᠷᠦᠬᠡ ᠠᠮᠠ ᠶᠢ ᠨᠡᠬᠦᠯᠭᠡᠨ ᠰᠢᠯᠵᠢᠬᠦᠯᠬᠦ ᠵᠡᠷᠭᠡ ᠳᠡᠯ᠎ᠠ ᠶᠢᠨ ᠦᠢᠯᠡᠴᠢᠯᠡᠭᠡᠨ ᠤ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠥᠨ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠶᠢᠨ ᠠᠵᠢᠯᠳᠡᠨ ᠤ ᠶᠠᠪᠤᠳᠡᠯ ᠤᠨ ᠣᠷᠣᠯᠠᠬᠤ ᠳᠥᠷᠢᠮ ᠪᠠ ᠰᠣᠯᠢᠯᠴᠠᠬᠤ ᠳᠥᠷᠢᠮ ᠢ ᠪᠠᠶᠢᠭᠤᠯᠬᠤ ᠶᠢ ᠰᠦᠪᠡᠭᠴᠢᠯᠡᠵᠦ᠂ ᠪᠠᠭᠰᠢ ᠶᠢᠨ ᠵᠦᠢ ᠵᠤᠬᠢᠰᠳᠡᠢ ᠰᠢᠯᠵᠢᠬᠦ ᠶᠢ ᠠᠬᠢᠭᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠶᠢᠨ ᠬᠢᠷᠢ ᠭᠡᠮ ᠢ ᠮᠠᠭᠠᠳᠯᠠᠨ ᠲᠣᠠᠠᠳᠠᠭᠠᠬᠤ᠂ ᠮᠡᠷᠭᠡᠵᠢᠯ ᠤᠨ ᠴᠣᠯᠡ ᠶᠢ ᠰᠢᠯᠭᠠᠨ ᠲᠣᠠᠠᠳᠠᠭᠠᠬᠤ ᠪᠠ ᠣᠷᠢᠨ ᠭᠡᠷᠡᠭᠯᠡᠬᠦ᠂ ᠬᠦᠮᠦᠵᠢᠬᠦᠯᠥᠨ ᠪᠤᠯᠪᠠᠰᠣᠷᠠᠭᠤᠯᠬᠤ᠂ ᠡᠷᠳᠡᠮ ᠰᠢᠨᠵᠢᠯᠡᠭᠡᠨ ᠤ ᠳᠡᠳᠬᠦᠮᠵᠢ᠂ ᠰᠢᠯᠢᠳᠡᠭ ᠢ ᠰᠢᠯᠭᠠᠷᠡᠭᠤᠯᠥᠨ ᠰᠠᠶᠢᠰᠢᠶᠡᠨ ᠬᠦᠬᠢᠬᠦᠯᠬᠦ ᠵᠡᠷᠭᠡ ᠳᠡᠯ᠎ᠠ ᠪᠠᠷ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠲᠠᠢ ᠠᠳᠡᠯᠢ ᠡᠷᠬᠡ ᠠᠰᠢᠭ ᠢ ᠬᠦᠷᠲᠡᠨ᠎ᠠ᠃ ᠠᠰᠢᠭ ᠬᠤᠨᠵᠢᠪᠦᠷᠢ ᠶᠢᠨ ᠪᠤᠰᠣ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠰᠣᠷᠣᠠᠠᠴᠢ ᠶᠢᠨ ᠱᠠᠩᠨᠠᠯ ᠲᠣᠠᠠᠳᠠᠭᠠᠬᠤ ᠪᠠ ᠰᠢᠯᠢᠳᠡᠭ ᠢ ᠰᠢᠯᠭᠠᠷᠡᠭᠤᠯᠬᠤ᠂ ᠰᠣᠷᠣᠯᠭ᠎ᠠ ᠳᠡᠪᠰᠢᠵᠦ ᠠᠵᠢᠯ ᠣᠯᠭᠤᠬᠤ᠂ ᠨᠡᠶᠢᠭᠡᠮ ᠤᠨ ᠬᠠᠷᠡᠭᠠᠯᠵᠠᠯ᠂ ᠡᠮᠴᠢᠯᠡᠭᠡᠨ ᠤ ᠲᠠᠭᠠᠳᠬᠠᠯ ᠵᠡᠷᠬᠡ ᠳᠡᠯ᠎ᠠ ᠪᠠᠷ᠂ ᠠᠯᠪᠠᠨ ᠠᠴᠠ ᠡᠷᠬᠢᠯᠡᠭᠰᠡᠨ ᠰᠣᠷᠭᠠᠭᠤᠯᠢ ᠲᠠᠢ ᠠᠳᠡᠯᠢ ᠡᠷᠬᠡ ᠠᠰᠢᠭ ᠢ ᠬᠦᠷᠳᠡᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠰᠣᠷᠣᠠᠠᠴᠢ ᠶᠢᠨ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠬᠠᠮᠢᠶᠡᠷᠦᠯᠳᠡ ᠶᠢᠨ ᠪᠠᠶᠢᠳᠡᠯ ᠮᠡᠳᠡᠬᠦ ᠡᠷᠬᠡ᠂ ᠣᠷᠣᠯᠴᠠᠬᠤ ᠡᠷᠬᠡ᠂ ᠬᠢᠨᠡᠯᠳᠡ ᠳᠡᠯᠪᠢᠬᠤ ᠡᠷᠬᠡ ᠶᠢ ᠬᠠᠦᠯᠢ ᠶᠣᠰᠣᠭᠠᠷ ᠨᠡᠶᠢᠳᠡᠪᠦᠷᠢᠵᠢᠭᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠰᠣᠷᠣᠠᠠᠴᠢ ᠶᠢᠨ ᠮᠠᠷᠭᠤᠯᠳᠣᠭᠠᠨ ᠢ ᠰᠢᠢᠳᠪᠦᠷᠢᠯᠡᠬᠦ ᠲᠣᠠᠠᠳᠡᠴᠠ ᠶᠢ ᠳᠡᠬᠦᠯᠳᠡᠷᠵᠢᠬᠦᠯᠵᠦ᠂ ᠪᠠᠭᠰᠢ ᠰᠣᠷᠣᠠᠠᠴᠢ ᠶᠢᠨ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ᠲᠠᠪᠤ᠂ ᠣᠳᠣ ᠦᠶ᠎ᠠ ᠶᠢᠨ ᠰᠣᠷᠭᠠᠭᠤᠯᠢ ᠶᠢᠨ ᠳᠥᠷᠢᠮ ᠤᠨ ᠪᠠᠶᠢᠭᠤᠯᠥᠯᠳᠡ ᠶᠢ ᠳᠦᠷᠭᠡᠳᠭᠡᠨ᠎ᠠ      ︵ᠠᠷᠪᠡᠨ ᠲᠠᠪᠤ︶ ᠰᠣᠷᠭᠠᠭᠤᠯᠢ ᠶᠢᠨ ᠬᠠᠦᠯᠢ ᠶᠢᠨ ᠡᠷᠭᠡᠳᠡᠨ ᠤ ᠵᠠᠰᠠᠯᠳᠡ ᠶᠢ ᠳᠡᠬᠦᠯᠳᠡᠷᠵᠢᠬᠦᠯᠦᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠬᠠᠦᠯᠢ ᠶᠣᠰᠣᠭᠠᠷ ᠳᠥᠷᠢᠮ ᠲᠣᠠᠠᠳᠠᠭᠠᠵᠦ᠂ ᠳᠥᠷᠢᠮ ᠤᠨ ᠶᠣᠰᠣᠭᠠᠷ ᠰᠣᠷᠭᠠᠭᠤᠯᠢ ᠪᠠᠨ ᠬᠠᠮᠢᠶᠡᠷᠦᠨ᠎ᠠ᠃ ᠭᠡᠷᠩ ᠮᠡᠳᠡᠭᠴᠢᠳ ᠤᠨ ᠵᠦᠪᠯᠡᠯ ︵ᠭᠡᠷᠩ ᠡᠷᠬᠢᠯᠡᠭᠴᠢᠳ ᠤᠨ ᠵᠦᠪᠯᠡᠯ︶ ᠪᠠ ᠬᠢᠨ᠋ᠬᠠᠴᠢᠳ ᠤᠨ ︵ᠵᠦᠪᠯᠡᠯ︶ ᠳᠥᠷᠢᠮ ᠢ ᠪᠦᠷᠢᠨᠰᠢᠬᠦᠯᠥᠨ᠂ ᠳᠡᠬᠦᠨ ᠤ ᠭᠡᠰᠢᠬᠦᠳ ᠨᠢ ᠰᠣᠷᠭᠠᠭᠤᠯᠢ ᠶᠢᠨ ᠳᠥᠷᠢᠮ ᠤᠨ ᠲᠣᠠᠠᠳᠠᠭᠠᠯ ᠢ ᠦᠨᠳᠣᠰᠣᠯᠡᠨ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠪᠠ ᠬᠠᠮᠢᠶᠡᠷᠬᠤ ᠳᠤ ᠬᠠᠮᠳᠣᠪᠡᠷ ᠣᠷᠣᠯᠴᠠᠨ᠎ᠠ᠃ ᠭᠡᠷᠩ ᠮᠡᠳᠡᠭᠴᠢᠳ ᠤᠨ ᠵᠦᠪᠯᠡᠯ ︵ᠭᠡᠷᠩ ᠡᠷᠬᠢᠯᠡᠭᠴᠢᠳ ᠤᠨ ᠵᠦᠪᠯᠡᠯ︶᠎ ᠨᠢ ᠭᠡᠰᠢᠬᠦᠳ ᠤᠨ ᠪᠦᠷᠢᠯᠳᠦᠴᠠ ᠪᠠᠨ ᠰᠢᠯᠢᠳᠡᠭᠵᠢᠬᠦᠯᠵᠦ᠂ ᠡᠷᠬᠢᠯᠡᠭᠰᠡᠳ ᠪᠤᠶᠥ ᠪᠤᠰᠣᠳ ᠳᠦᠯᠥᠭᠡᠯᠡᠭᠴᠢ᠂ ᠰᠣᠷᠭᠠᠭᠤᠯᠢ ᠶᠢᠨ ᠵᠠᠬᠢᠷᠣᠯ᠂ ᠨᠠᠮ ᠤᠨ ᠵᠤᠬᠢᠶᠡᠨ ᠪᠠᠶᠢᠭᠤᠯᠥᠯᠳᠡ ᠶᠢᠨ ᠬᠠᠷᠢᠭᠤᠴᠠᠯᠭᠠᠳᠡᠨ᠂ ᠪᠠᠭᠰᠢ ᠠᠵᠢᠯᠳᠡᠨ ᠠᠵᠢᠯᠴᠢᠨ ᠤ ᠳᠥᠯᠥᠭᠡᠯᠡᠭᠴᠢ ᠵᠡᠷᠭᠡ ᠬᠠᠮᠳᠣᠪᠡᠷ ᠪᠦᠷᠢᠯᠳᠦᠨ᠎ᠠ᠃ ᠬᠢᠨ᠋ᠬᠠᠴᠢᠳ ᠤᠨ ᠵᠦᠪᠯᠡᠯ ᠤᠨ ᠲᠣᠮᠳᠡ ᠨᠠᠮ ᠤᠨ ᠵᠤᠬᠢᠶᠡᠨ ᠪᠠᠶᠢᠭᠤᠯᠥᠯᠳᠡ ᠶᠢᠨ ᠣᠳᠣᠷᠢᠳᠬᠤ ᠪᠠᠭ ᠤᠨ ᠪᠦᠷᠢᠯᠳᠦᠬᠦᠨ ᠪᠠᠶᠢᠪᠠᠯ ᠵᠤᠬᠢᠨ᠎ᠠ᠃ ᠲᠣᠰᠠᠭᠠᠷ ᠭᠡᠷᠩ ᠮᠡᠳᠡᠭᠴᠢᠳ ︵ᠭᠡᠷᠩ ᠡᠷᠬᠢᠯᠡᠭᠴᠢᠳ︶᠂ ᠬᠢᠨᠠᠭᠴᠢᠳ ᠤᠨ ᠳᠥᠷᠢᠮ ᠢ ᠭᠡᠷᠡᠭᠵᠢᠬᠦᠯᠬᠦ ᠶᠢ ᠰᠦᠪᠡᠭᠴᠢᠯᠠᠨ᠎ᠠ᠃ ᠨᠠᠮ ᠤᠨ ᠵᠤᠬᠢᠶᠡᠨ ᠪᠠᠶᠢᠭᠤᠯᠥᠯᠳᠡ ᠶᠢᠨ ᠰᠢᠢᠳᠪᠦᠷᠢᠳᠦ ᠪᠤᠳᠣᠯᠭ᠎ᠠ ᠲᠣᠠᠠᠳᠠᠭᠠᠬᠤ ᠳᠤ ᠣᠷᠣᠯᠴᠠᠬᠤ ᠳᠥᠷᠢᠮ ᠢ ᠪᠦᠷᠢᠨᠰᠢᠬᠦᠯᠵᠦ᠂ ︽ᠬᠤᠣᠰ ᠴᠢᠭᠯᠡᠯ ᠢᠶᠠᠷ ᠣᠷᠣᠬᠤ᠂ ᠰᠣᠯᠪᠢᠴᠠᠨ ᠲᠣᠰᠢᠶᠡᠯ ᠡᠬᠦᠷᠭᠡᠯᠡᠬᠦ︾᠎ ᠶᠢ ᠢᠳᠡᠪᠬᠢᠳᠡᠢ ᠪᠠᠷ ᠠᠬᠢᠭᠤᠯᠥᠨ᠂ ᠰᠣᠷᠭᠠᠭᠤᠯᠢ ᠶᠢᠨ ᠨᠠᠮ ᠤᠨ ᠵᠤᠬᠢᠶᠡᠨ ᠪᠠᠶᠢᠭᠤᠯᠥᠯᠳᠡ ᠶᠢᠨ ᠣᠳᠣᠷᠢᠳᠬᠤ ᠪᠠᠭ ᠤᠨ ᠪᠦᠷᠢᠯᠳᠦᠬᠦᠨ ᠨᠢ ᠬᠠᠦᠯᠢ ᠳᠤ ᠲᠣᠷᠡᠳᠣᠠᠠᠰᠠᠨ ᠳᠡᠰ ᠳᠡᠷᠡᠭᠠᠯᠠᠯ ᠢᠶᠠᠷ ᠳᠡᠮᠵᠢᠭᠤᠯᠥᠨ ᠰᠣᠷᠭᠠᠭᠤᠯᠢ ᠶᠢᠨ ᠰᠢᠢᠳᠪᠦᠷᠢᠳᠦ ᠪᠤᠳᠣᠯᠭ᠎ᠠ ᠲᠣᠠᠠᠳᠠᠭᠠᠬᠤ ᠪᠠᠶᠢᠭᠤᠯᠥᠮᠵᠢ ᠪᠠ ᠵᠠᠰᠠᠭ ᠵᠠᠬᠢᠷᠭᠠᠨ ᠤ ᠬᠠᠮᠢᠶᠡᠷᠦᠯᠳᠡ ᠶᠢᠨ ᠪᠠᠶᠢᠭᠤᠯᠥᠮᠵᠢ ᠳᠤ ᠣᠷᠣᠵᠦ᠂ ᠨᠠᠮ ᠤᠨ ᠭᠡᠰᠢᠬᠦᠨ ᠰᠣᠷᠭᠠᠭᠤᠯᠢ ᠶᠢᠨ ᠵᠠᠬᠢᠷᠦᠯ᠂ ᠳᠡᠳ᠋ ᠵᠠᠬᠢᠷᠦᠯ ᠵᠡᠷᠭᠡ ᠵᠠᠰᠠᠭ ᠵᠠᠬᠢᠷᠭᠠᠨ ᠤ ᠪᠠᠶᠢᠭᠤᠯᠥᠮᠵᠢ ᠶᠢᠨ ᠪᠦᠷᠢᠯᠳᠦᠬᠦᠨ ᠨᠢ ᠨᠠᠮ ᠤᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ ᠨᠠᠮ ᠤᠨ ᠵᠤᠬᠢᠶᠡᠨ ᠪᠠᠶᠢᠭᠤᠯᠥᠯᠳᠡ ᠶᠢᠨ ᠣᠳᠣᠷᠢᠳᠬᠤ ᠪᠠᠭ ᠲᠤ ᠣᠷᠣᠨ᠎ᠠ᠃ ᠰᠣᠷᠭᠠᠭᠤᠯᠢ ᠶᠢᠨ ᠨᠠᠮ ᠤᠨ ᠵᠤᠬᠢᠶᠡᠨ ᠪᠠᠶᠢᠭᠤᠯᠥᠯᠳᠡ ᠨᠤᠭᠤᠳ ᠰᠣᠷᠭᠠᠭᠤᠯᠢ ᠶᠢᠨ ᠰᠢᠢᠳᠪᠦᠷᠢᠳᠦ ᠪᠤᠳᠣᠯᠭ᠎ᠠ ᠲᠣᠠᠠᠳᠠᠭᠠᠬᠤ ᠪᠠᠶᠢᠭᠤᠯᠥᠮᠵᠢ ᠪᠠ ᠰᠣᠷᠭᠠᠭᠤᠯᠢ ᠶᠢᠨ ᠵᠠᠬᠢᠷᠣᠯ ᠤᠨ ᠬᠠᠦᠯᠢ ᠶᠣᠰᠣᠭᠠᠷ ᠡᠷᠬᠡ ᠲᠣᠰᠢᠶᠡᠯ ᠢᠶᠠᠨ ᠭᠡᠷᠡᠭᠵᠢᠬᠦᠯᠬᠦ ᠶᠢ ᠳᠡᠮᠵᠢᠵᠦ᠂ ᠳᠡᠬᠦᠨ ᠤ ᠬᠠᠦᠯᠢ ᠶᠣᠰᠣᠭᠠᠷ ᠰᠣᠷᠭᠠᠨ ᠬᠦᠮᠦᠵᠢᠯ ᠢ ᠵᠠᠰᠠᠬᠤ᠂ ᠬᠠᠮᠢᠶᠡᠷᠦᠯᠳᠡ ᠶᠢ ᠵᠢᠷᠣᠮᠵᠢᠭᠤᠯᠬᠤ ᠶᠢ ᠰᠢᠮᠳᠠᠭᠤᠯᠥᠨ᠎ᠠ᠃ ᠰᠣᠷᠭᠠᠭᠤᠯᠢ ᠶᠢᠨ ᠵᠠᠬᠢᠷᠦᠯ ᠢ ᠰᠣᠩᠭᠤᠨ ᠣᠷᠢᠬᠤ ᠲᠣᠠᠠᠳᠡᠴᠠ ᠶᠢ ᠳᠡᠬᠦᠯᠳᠡᠷᠵᠢᠬᠦᠯᠵᠦ᠂ ᠰᠣᠷᠭᠠᠭᠤᠯᠢ ᠶᠢᠨ ᠵᠠᠬᠢᠷᠦᠯ ᠤᠨ ᠬᠠᠮᠢᠶᠡᠷᠦᠯᠳᠡ ᠶᠢᠨ ᠡᠷᠬᠡ ᠪᠠᠨ ᠭᠡᠷᠡᠭᠵᠢᠬᠦᠯᠬᠦ ᠶᠢ ᠬᠠᠦᠯᠢ ᠶᠣᠰᠣᠭᠠᠷ ᠪᠠᠳᠣᠯᠠᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠣᠷᠢᠨ ᠭᠡᠷᠡᠭᠯᠡᠭᠰᠡᠨ ᠵᠠᠬᠢᠷᠦᠯ ᠨᠢ ᠬᠠᠮᠢᠶ᠎ᠠ ᠪᠦᠬᠦᠢ ᠬᠠᠦᠯᠢ ᠴᠠᠭᠠᠵᠠ ᠬᠠᠦᠯᠢ ᠲᠣᠠᠠᠳᠠᠭᠠᠯ ᠤᠨ ᠱᠠᠭᠠᠷᠳᠡᠯᠭ᠎ᠠ ᠳᠤ ᠨᠡᠶᠢᠴᠡᠭᠰᠡᠨ ᠪᠠᠶᠢᠬᠤ ᠭᠡᠷᠡᠭᠳᠡᠢ᠃ ᠰᠣᠷᠭᠠᠭᠤᠯᠢ ᠶᠢᠨ ᠵᠠᠩᠬᠢᠯᠠᠭ᠎ᠠ ᠶᠢᠨ ᠬᠠᠮᠢᠶᠡᠷᠦᠯᠳᠡ ᠶᠢᠨ ᠠᠵᠢᠯ ᠤᠨ ᠪᠠᠶᠢᠷᠢ ᠳᠤ ᠳᠥᠷᠦᠯ ᠰᠠᠳᠣᠨ ᠨᠢ ᠵᠠᠶᠢᠯᠡᠰᠬᠢᠬᠦ ᠳᠥᠷᠢᠮ ᠢ ᠭᠡᠷᠡᠭᠵᠢᠬᠦᠯᠥᠨ᠎ᠡ᠃ ᠪᠠᠭᠰᠢ ᠠᠵᠢᠯᠳᠡᠨ ᠠᠵᠢᠯᠴᠢᠨ ᠤ ᠳᠥᠯᠥᠭᠡᠯᠡᠭᠴᠢᠳ ᠤᠨ ᠶᠡᠭᠡ ᠬᠤᠷᠡᠯ ᠪᠠ ᠰᠣᠷᠣᠠᠠᠴᠢ ᠶᠢᠨ ᠳᠥᠯᠥᠭᠡᠯᠡᠭᠴᠢᠳ ᠤᠨ ᠶᠡᠭᠡ ᠬᠤᠷᠡᠯ ᠤᠨ ᠳᠥᠷᠢᠮ ᠢ ᠳᠡᠬᠦᠯᠳᠡᠷᠵᠢᠬᠦᠯᠦᠨ᠎ᠠ᠃      ︵ᠠᠷᠪᠡᠨ ᠵᠢᠷᠭᠤᠭ᠎ᠠ︶ ᠡᠳ᠋ ᠬᠦᠷᠥᠩᠭᠡ ᠶᠢᠨ ᠬᠠᠮᠢᠶᠡᠷᠦᠯᠳᠡ ᠪᠠ ᠡᠳ᠋ ᠤᠨ ᠶᠠᠪᠤᠳᠡᠯ ᠤᠨ ᠨᠢᠠᠠᠳᠡᠯᠡᠨ ᠪᠤᠳᠣᠬᠤ ᠳᠥᠷᠢᠮ ᠢ ᠪᠦᠷᠢᠨᠰᠢᠬᠦᠯᠦᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠦᠮᠴᠢᠯᠡᠬᠦ ᠡᠷᠬᠡ ᠶᠢᠨ ᠬᠠᠷᠢᠴᠠᠭ᠎ᠠ ᠪᠠᠨ ᠲᠣᠳᠣᠷᠬᠠᠶᠢᠯᠠᠵᠦ᠂ ᠡᠳ᠋ ᠬᠦᠷᠥᠩᠬᠡ ᠶᠢᠨ ᠬᠠᠮᠢᠶᠡᠷᠦᠯᠳᠡ ᠶᠢᠨ ᠳᠥᠷᠢᠮ ᠢ ᠪᠠᠶᠢᠭᠤᠯᠥᠨ ᠪᠦᠷᠢᠨᠰᠢᠬᠦᠯᠦᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠡᠷᠬᠢᠯᠡᠭᠰᠡᠳ ᠪᠡᠯᠡ ᠭᠠᠷᠭᠠᠬᠤ ᠡᠬᠦᠷᠭᠡ ᠶᠢ ᠬᠦᠢᠴᠡᠳᠭᠡᠵᠦ᠂ ᠭᠠᠷᠭᠠᠠᠠᠰᠠᠨ ᠪᠡᠯᠡ ᠮᠦᠡᠭᠬᠦ ᠪᠠᠨ ᠰᠣᠷᠭᠠᠭᠤᠯᠢ ᠡᠷᠬᠢᠯᠡᠬᠦ ᠭᠠᠵᠡᠷ ᠰᠢᠷᠦᠢ᠂ ᠰᠣᠷᠭᠠᠭᠤᠯᠢ ᠶᠢᠨ ᠭᠡᠷ ᠪᠠᠶᠢᠰᠢᠩ ᠭᠡᠷᠡᠭᠯᠡᠬᠦ ᠪᠠ ᠪᠤᠰᠣᠳ ᠡᠳ᠋ ᠬᠦᠷᠥᠩᠬᠡ ᠪᠠᠨ ᠲᠤᠭ᠎ᠠ ᠶᠣᠰᠣᠭᠠᠷ ᠨᠢ ᠰᠣᠷᠭᠠᠭᠤᠯᠢ ᠶᠢᠨ ᠨᠡᠷ᠎ᠡ ᠳᠡᠭᠡᠷ᠎ᠠ ᠰᠢᠯᠵᠢᠬᠦᠯᠬᠦ ᠭᠡᠷᠡᠭᠳᠡᠢ᠃ ᠣᠷᠣᠰᠢᠨ ᠦᠷᠬᠦᠯᠵᠢᠯᠡᠬᠦᠯᠬᠦ ᠬᠤᠭᠤᠴᠠᠭᠠᠨ ᠳᠤ᠂ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠡᠷᠬᠢᠯᠡᠭᠰᠡᠳ ᠤᠨ ᠰᠣᠷᠭᠠᠭᠤᠯᠢ ᠳᠤ ᠣᠷᠣᠭᠤᠯᠥᠬᠠᠰᠠᠨ ᠡᠳ᠋ ᠬᠦᠷᠥᠩᠬᠡ᠂ ᠣᠯᠥᠰ ᠤᠨ ᠦᠮᠴᠢᠯᠠᠯᠳᠦ ᠡᠳ᠋ ᠬᠦᠷᠥᠩᠬᠡ᠂ ᠪᠡᠯᠡᠭᠯᠡᠡ ᠬᠦᠷᠭᠡᠭᠰᠡᠨ ᠡᠳ᠋ ᠬᠦᠷᠥᠩᠬᠡ ᠵᠢᠴᠢ ᠰᠣᠷᠭᠠᠭᠤᠯᠢ ᠡᠷᠬᠢᠯᠡᠭᠰᠡᠨ ᠬᠤᠷᠡᠮᠳᠣᠯᠭ᠎ᠠ ᠳᠤ ᠬᠠᠦᠯᠢ ᠶᠢᠨ ᠡᠷᠭᠡᠳᠡᠨ ᠤ ᠡᠳ᠋ ᠬᠦᠷᠥᠩᠬᠡ ᠶᠢᠨ ᠡᠷᠬᠡ ᠲᠠᠢ᠂ ᠶᠠᠮᠠᠷᠪᠡ ᠵᠤᠬᠢᠶᠡᠨ ᠪᠠᠶᠢᠭᠤᠯᠥᠯᠳᠡ ᠪᠠ ᠬᠤᠪᠢ ᠬᠦᠮᠦᠨ ᠡᠵᠡᠯᠡᠨ ᠠᠪᠬᠤ᠂ ᠨᠡᠬᠦᠯᠬᠡᠨ ᠭᠡᠷᠡᠭᠯᠡᠬᠦ᠂ ᠳᠡᠳᠠᠡ ᠠᠪᠴᠥ ᠣᠷᠭᠤᠨ ᠲᠤᠳᠠᠭᠠᠵᠦ ᠪᠤᠯᠬᠤ ᠦᠭᠡᠢ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠨᠢᠠᠠᠳᠡᠯᠡᠨ ᠪᠤᠳᠣᠬᠤ ᠲᠣᠭᠠᠴᠠᠭ᠎ᠠ ᠶᠢ ᠵᠢᠷᠣᠮᠵᠢᠭᠤᠯᠵᠦ᠂ ᠭᠤᠷᠪᠠᠳᠡᠬᠢ ᠡᠳᠡᠭᠡᠳ ᠤᠨ ᠬᠢᠨᠡᠨ ᠪᠤᠳᠣᠬᠤ ᠳᠥᠷᠢᠮ ᠢ ᠪᠠᠶᠢᠭᠤᠯᠥᠨ ᠪᠦᠷᠢᠨᠰᠢᠬᠦᠯᠦᠨ᠎ᠠ᠃ ᠠᠰᠢᠭ ᠬᠤᠨᠵᠢᠪᠦᠷᠢ ᠶᠢᠨ ᠪᠣᠰᠥ ᠴᠢᠨᠡᠷᠳᠡᠢ ᠪᠠ ᠠᠰᠢᠭ ᠬᠤᠨᠵᠢᠪᠦᠷᠢ ᠶᠢᠨ ᠴᠢᠨᠡᠷᠳᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠳᠡᠩᠰᠡᠯᠡᠭᠤᠯᠥᠠᠠᠰᠠᠨ ᠬᠠᠦᠯᠢ ᠶᠢᠨ ᠡᠷᠭᠡᠳᠡᠨ ᠤ ᠰᠢᠨᠵᠢ ᠴᠢᠨᠡᠷ ᠶᠣᠰᠣᠭᠠᠷ᠂ ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠢ ᠦᠨᠳᠣᠰᠣᠯᠡᠨ ᠵᠤᠬᠢᠬᠤ ᠨᠢᠠᠠᠳᠡᠯᠡᠨ ᠪᠤᠳᠣᠬᠤ ᠳᠥᠷᠢᠮ ᠢ ᠬᠡᠷᠡᠭᠵᠢᠬᠦᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠡᠳ᠋ ᠤᠨ ᠶᠠᠪᠤᠳᠡᠯ ᠤᠨ ᠬᠠᠮᠢᠶᠡᠷᠦᠯᠳᠡ ᠶᠢ ᠲᠣᠳᠣᠷᠬᠠᠶᠢᠯᠠᠵᠦ᠂ ᠬᠠᠦᠯᠢ ᠶᠣᠰᠣᠭᠠᠷ ᠨᠢᠠᠠᠳᠡᠯᠡᠨ ᠪᠤᠳᠣᠬᠤ ᠳᠡᠩᠰᠡ ᠪᠠᠶᠢᠷᠢᠯᠠᠭᠤᠯᠬᠤ ᠭᠡᠷᠡᠭᠳᠡᠢ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠡᠷᠬᠢᠯᠡᠭᠰᠡᠳ ᠤᠨ ᠭᠠᠷᠭᠠᠠᠠᠰᠠᠨ ᠪᠡᠯᠡ ᠮᠦᠡᠭᠬᠦ᠂ ᠵᠠᠰᠠᠭ ᠤᠨ ᠣᠷᠳᠣᠨ ᠤ ᠨᠦᠬᠦᠪᠦᠷᠢ᠂ ᠪᠡᠯᠡᠭᠯᠡᠡ ᠬᠦᠷᠭᠡᠭᠰᠡᠨ ᠡᠳ᠋ ᠬᠦᠷᠥᠩᠬᠡ᠂ ᠬᠤᠷᠢᠶᠠᠭᠰᠠᠨ ᠰᠦᠢᠳᠭᠡᠯ᠂ ᠰᠣᠷᠭᠠᠭᠤᠯᠢ ᠡᠷᠬᠢᠯᠡᠭᠰᠡᠨ ᠬᠤᠷᠡᠮᠳᠣᠯᠭ᠎ᠠ ᠵᠡᠷᠭᠡ ᠡᠯ᠎ᠠ ᠳᠥᠷᠦᠯ ᠤᠨ ᠡᠳ᠋ ᠬᠦᠷᠥᠩᠬᠡ ᠶᠢ ᠳᠥᠷᠦᠯ ᠬᠤᠪᠢᠶᠡᠨ ᠳᠡᠮᠳᠡᠭᠯᠡᠡ ᠳᠡᠩᠰᠡᠯᠡᠵᠦ᠂ ᠲᠣᠠᠠᠳᠠᠮᠠᠯ ᠬᠤᠭᠤᠴᠠᠭ᠎ᠠ ᠲᠠᠢ ᠪᠠᠷ ᠡᠳ᠋ ᠬᠦᠷᠥᠩᠬᠡ ᠶᠢ ᠢᠯᠭᠠᠷᠡᠭᠤᠯᠥᠨ ᠪᠠᠶᠢᠴᠠᠭᠠᠬᠤ ᠶᠢᠨ ᠬᠠᠮᠳᠣ ᠢᠯᠭᠠᠷᠡᠭᠤᠯᠥᠨ ᠪᠠᠶᠢᠴᠠᠭᠠᠠᠠᠰᠠᠨ ᠦᠷ᠎ᠠ ᠳ᠋ᠦᠡᠭ ᠢᠶᠠᠨ ᠨᠡᠶᠢᠭᠡᠮ ᠨᠡᠶᠢᠲᠡ ᠳᠤ ᠨᠡᠶᠢᠳᠡᠯᠡᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠣᠨᠴᠠᠯᠢᠭ ᠲᠤ ᠨᠡᠶᠢᠴᠡᠭᠰᠡᠨ ᠡᠳ᠋ ᠤᠨ ᠶᠠᠪᠤᠳᠡᠯ ᠤᠨ ᠬᠠᠮᠢᠶᠡᠷᠦᠯᠳᠡ ᠶᠢᠨ ᠠᠷᠭ᠎ᠠ ᠵᠢᠴᠢ ᠡᠳ᠋ ᠤᠨ ᠶᠠᠪᠤᠳᠡᠯ ᠤᠨ ᠳᠦᠰᠦᠪᠯᠡᠯ ᠪᠠ ᠳᠡᠰᠣᠯᠥᠨ ᠪᠤᠳᠣᠬᠤ ᠮᠡᠳᠡᠬᠦᠯᠥᠯᠳᠡ ᠶᠢᠨ ᠳᠡᠭᠡᠭᠰᠢ ᠮᠡᠳᠡᠬᠦᠯᠥᠨ ᠳᠡᠩᠰᠡᠯᠡᠭᠤᠯᠬᠤ ᠳᠥᠷᠢᠮ ᠢ ᠰᠦᠪᠡᠭᠴᠢᠯᠡᠬᠦ ᠪᠠ ᠳᠡᠬᠦᠯᠳᠡᠷᠵᠢᠬᠦᠯᠬᠦ ᠭᠡᠷᠡᠭᠳᠡᠢ᠃      ︵ᠠᠷᠪᠡᠨ ᠲᠣᠯᠤᠭ᠎ᠠ︶ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠣᠮᠵᠢᠭᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠤᠭᠤᠳ ᠬᠤᠯᠪᠤᠠᠠᠳᠡᠯ ᠪᠦᠬᠦᠢ ᠰᠣᠷᠭᠠᠭᠤᠯᠢ ᠡᠷᠬᠢᠯᠡᠬᠦ ᠨᠦᠬᠦᠴᠡᠯ ᠤᠨ ᠪᠡᠷᠢᠮᠵᠢᠶ᠎ᠠ ᠶᠣᠰᠣᠭᠠᠷ᠂ ᠣᠷᠣᠭᠤᠯᠥᠯᠳᠡ ᠪᠠᠨ ᠨᠡᠮᠡᠭᠳᠡᠬᠦᠯᠵᠦ᠂ ᠨᠦᠬᠦᠴᠡᠯ ᠢᠶᠠᠨ ᠰᠠᠶᠢᠵᠢᠷᠡᠭᠤᠯᠬᠤ ᠭᠡᠷᠡᠭᠳᠡᠢ᠃ ᠪᠠᠶᠢᠭᠤᠯᠭ᠎ᠠ ᠶᠢᠨ ᠬᠢᠨᠡᠨ ᠲᠣᠠᠠᠳᠠᠭᠠᠠᠠᠰᠠᠨ ᠰᠣᠷᠭᠠᠭᠤᠯᠢ ᠡᠷᠬᠢᠯᠡᠬᠦ ᠭᠡᠪᠴᠢᠶ᠎ᠠ ᠶᠢ ᠴᠢᠩᠭ᠎ᠠ ᠭᠡᠷᠡᠭᠵᠢᠬᠦᠯᠵᠦ᠂ ᠳᠥᠯᠥᠪᠯᠡᠭᠡ ᠠᠴᠠ ᠭᠡᠳᠦᠷᠡᠳᠡᠯ᠎ᠠ ᠰᠣᠷᠣᠠᠠᠴᠢ ᠡᠯᠰᠡᠬᠦ ᠪᠠ ᠰᠣᠷᠣᠠᠠᠴᠢ ᠶᠢᠨ ᠲᠤᠭ᠎ᠠ ᠭᠡᠳᠣᠷᠡᠭᠰᠡᠨ ᠠᠩᠬᠢ ᠶᠢᠨ ᠦᠵᠡᠭᠳᠡᠯ ᠢ ᠰᠡᠷᠭᠡᠶᠢᠯᠡᠨ ᠬᠤᠷᠢᠠᠠᠯᠠᠬᠤ ᠭᠡᠷᠡᠭᠳᠡᠢ᠃ ᠨᠡᠶᠢᠳᠡᠯᠡᠭᠰᠡᠨ ᠰᠣᠷᠣᠠᠠᠴᠢ ᠡᠯᠰᠡᠬᠦ ᠲᠤᠪᠴᠢ ᠳᠥᠷᠢᠮ ᠪᠠ ᠵᠠᠷ ᠮᠡᠳᠡᠭᠡ ᠪᠠᠨ ᠡᠷᠭᠡᠪᠰᠢ ᠬᠢᠨᠡᠨ ᠵᠦᠪᠰᠢᠶᠡᠷᠡᠬᠦ ᠪᠠᠶᠢᠭᠤᠯᠭ᠎ᠠ ᠳᠤ ᠮᠡᠳᠡᠬᠦᠯᠥᠨ ᠳᠡᠩᠰᠡᠯᠡᠭᠤᠯᠵᠦ᠂ ᠬᠤᠳᠡᠯ ᠬᠠᠭᠤᠷᠮᠠᠭ ᠢᠶᠠᠷ ᠰᠣᠷᠣᠠᠠᠴᠢ ᠡᠯᠰᠡᠬᠦ ᠣᠬᠠᠭᠤᠯᠭ᠎ᠠ ᠬᠢᠬᠦ ᠶᠢ ᠴᠠᠭᠠᠵᠠᠯᠠᠬᠤ ᠭᠡᠷᠡᠭᠳᠡᠢ᠃ ᠣᠯᠥᠰ ᠤᠨ ᠲᠣᠠᠠᠳᠠᠭᠠᠠᠠᠰᠠᠨ ᠬᠢᠴᠢᠶᠡᠯᠯᠡᠭᠡ ᠶᠢᠨ ᠪᠡᠷᠢᠮᠵᠢᠶ᠎ᠠ ᠪᠠ ᠵᠢᠭᠠᠨ ᠰᠣᠷᠭᠠᠬᠤ ᠳᠥᠯᠥᠪᠯᠡᠭᠡ ᠶᠢ ᠬᠢᠨᠠᠮᠠᠭᠠᠢ ᠨᠠᠶᠢᠳᠡᠪᠦᠷᠢᠵᠢᠭᠤᠯᠬᠤ ᠭᠡᠷᠡᠭᠳᠡᠢ᠃ ᠰᠣᠷᠣᠯᠴᠬᠠᠰᠠᠨ ᠨᠡᠮᠳᠡᠷ ᠤᠨ ᠰᠣᠷᠭᠠᠨ ᠬᠦᠮᠦᠵᠢᠯ ᠤᠨ ᠡᠯ᠎ᠠ ᠳᠥᠷᠦᠯ ᠤᠨ ᠠᠷᠡᠳ ᠠᠴᠠ ᠡᠷᠬᠢᠯᠡᠭᠰᠡᠨ ᠰᠣᠷᠭᠠᠭᠤᠯᠢ ᠨᠤᠭᠤᠳ ᠲᠣᠠᠠᠳᠠᠭᠠᠯ ᠶᠣᠰᠣᠭᠠᠷ ᠰᠣᠷᠭᠠᠭᠤᠯᠢ ᠶᠢᠨ ᠬᠠᠷᠢᠶᠡᠯᠡᠯ ᠤᠨ ᠬᠠᠮᠢᠶᠡᠷᠦᠯᠳᠡ ᠪᠠ ᠰᠣᠷᠥᠯᠴᠬᠠᠰᠠᠨ ᠨᠡᠮᠳᠡᠷ᠂ ᠡᠷᠳᠡᠮ ᠤᠨ ᠴᠣᠯᠡ ᠶᠢᠨ ᠦᠨᠡᠮᠯᠠᠯ ᠣᠯᠭᠤᠬᠤ ᠠᠵᠢᠯ ᠢ ᠦᠷᠨᠢᠬᠦᠯᠥᠨ᠎ᠠ᠃ ᠡᠯ᠎ᠠ ᠳᠥᠷᠦᠯ ᠤᠨ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ᠰᠣᠷᠣᠯᠴᠬᠠᠰᠠᠨ ᠨᠡᠮᠳᠡᠷ ᠤᠨ ᠪᠣᠰᠥ ᠰᠣᠷᠭᠠᠨ ᠬᠦᠮᠦᠵᠢᠯ ᠤᠨ ᠰᠣᠷᠣᠠᠠᠴᠢ ᠡᠯᠰᠡᠪᠠᠯ᠂ ᠰᠣᠷᠣᠯᠭ᠎ᠠ ᠳᠡᠬᠦᠰᠦᠭᠰᠡᠨ ᠦᠨᠡᠮᠯᠠᠯ ᠪᠠ ᠪᠤᠯᠪᠠᠰᠣᠷᠡᠭᠤᠯᠥᠯ ᠤᠨ ᠬᠢᠷᠢ ᠳᠡᠩᠴᠡᠭᠰᠡᠨ ᠦᠨᠡᠮᠯᠠᠯ ᠣᠯᠭᠤᠬᠤ ᠭᠡᠷᠡᠭᠳᠡᠢ᠃      ︵ᠠᠷᠪᠡᠨ ᠨᠠᠢᠮᠠ︶ ᠠᠮᠥᠷ ᠳᠥᠪᠰᠢᠨ ᠤ ᠬᠠᠮᠢᠶᠡᠷᠦᠯᠳᠡ ᠶᠢᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠢ ︽ᠨᠠᠮ ᠵᠠᠰᠠᠭ ᠠᠳᠡᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ︾ ᠪᠠᠶᠢᠬᠤ ᠱᠠᠭᠠᠷᠳᠡᠯᠭ᠎ᠠ ᠶᠣᠰᠣᠭᠠᠷ᠂ ᠬᠠᠦᠯᠢ ᠶᠢᠨ ᠡᠷᠭᠡᠳᠡᠨ ᠤ ᠠᠮᠥᠷ ᠳᠥᠪᠰᠢᠨ ᠤ ᠬᠠᠮᠢᠶᠡᠷᠦᠯᠳᠡ ᠶᠢᠨ ᠭᠤᠤᠯ ᠴᠣᠠᠠᠴᠠ ᠶᠢᠨ ᠬᠠᠷᠢᠭᠤᠴᠠᠯᠭ᠎ᠠ ᠶᠢ ᠴᠢᠩᠭ᠎ᠠ ᠨᠡᠶᠢᠳᠡᠪᠦᠷᠢᠵᠢᠭᠤᠯᠬᠤ ᠭᠡᠷᠡᠭᠳᠡᠢ᠃ ︽ᠬᠦᠮᠦᠨ ᠢᠶᠠᠷ ᠬᠠᠮᠠᠭᠠᠯᠠᠬᠤ᠂ ᠪᠣᠳᠡᠰ ᠢᠶᠠᠷ ᠬᠠᠮᠠᠭᠠᠯᠠᠬᠤ᠂ ᠮᠡᠷᠭᠡᠵᠢᠯ ᠢᠶᠠᠷ ᠬᠠᠮᠠᠭᠠᠯᠠᠬᠤ︾ ᠪᠠᠶᠢᠭᠤᠯᠥᠯᠳᠡ ᠶᠢ ᠴᠢᠩᠭᠠᠳᠬᠠᠵᠦ᠂ ᠰᠣᠷᠭᠠᠭᠤᠯᠢ ᠶᠢᠨ ᠬᠦᠷᠢᠶᠡᠯᠡᠩ ᠤᠨ ᠠᠮᠥᠷ ᠳᠥᠪᠰᠢᠨ ᠤ ᠮᠡᠷᠭᠡᠵᠢᠯ ᠤᠨ ᠬᠠᠮᠠᠭᠠᠯᠠᠯᠳᠡ ᠶᠢᠨ ᠰᠢᠰᠲ᠋ᠧᠮ ᠤᠨ ᠪᠠᠶᠢᠭᠤᠯᠥᠯᠳᠡ ᠶᠢᠨ ᠣᠯᠥᠰ ᠪᠠ ᠣᠷᠣᠨ ᠨᠣᠳᠤᠭ ᠤᠨ ᠬᠤᠯᠪᠤᠠᠠᠳᠡᠯ ᠪᠦᠬᠦᠢ ᠪᠡᠷᠢᠮᠵᠢᠶ᠎ᠠ ᠳᠤ ᠨᠡᠶᠢᠴᠡᠬᠦ ᠶᠢ ᠦᠨᠡᠨᠬᠦ ᠪᠠᠳᠣᠯᠠᠵᠦ᠂ ᠰᠣᠷᠭᠠᠭᠤᠯᠢ ᠶᠢᠨ ᠭᠠᠵᠡᠷ ᠰᠣᠩᠭᠤᠬᠤ ᠪᠠ ᠰᠣᠷᠭᠠᠭᠤᠯᠢ ᠶᠢᠨ ᠭᠡᠷ ᠪᠠᠶᠢᠰᠢᠩ ᠤᠨ ᠪᠡᠷᠢᠯᠭ᠎ᠠ ᠨᠢ ᠣᠯᠥᠰ ᠤᠨ ᠭᠠᠵᠡᠷ ᠬᠦᠳᠡᠯᠥᠯᠳᠡ ᠶᠢ ᠡᠰᠡᠷᠬᠦᠴᠡᠬᠦ ᠳᠦᠬᠦᠭᠡᠷᠦᠮᠵᠢ ᠶᠢᠨ ᠬᠠᠮᠠᠭᠠᠯᠠᠯᠳᠡ᠂ ᠪᠡᠷᠢᠯᠭ᠎ᠠ ᠶᠢᠨ ᠭᠠᠯ ᠰᠡᠷᠭᠡᠶᠢᠯᠡᠬᠦ ᠵᠢᠷᠤᠭ ᠳᠥᠯᠥᠪᠯᠡᠭᠡ ᠵᠡᠷᠭᠡ ᠬᠠᠮᠢᠶ᠎ᠠ ᠪᠦᠬᠦᠢ ᠪᠡᠷᠢᠮᠵᠢᠶ᠎ᠠ ᠳᠤ ᠨᠡᠶᠢᠴᠡᠭᠰᠡᠨ ᠪᠠᠶᠢᠬᠤ ᠭᠡᠷᠡᠭᠳᠡᠢ᠃ ᠢᠳᠡᠭᠡᠨ ᠤ ᠵᠦᠢᠯ ᠤᠨ ᠠᠮᠥᠷ ᠳᠥᠪᠰᠢᠨ ᠤ ᠬᠠᠮᠢᠶᠡᠷᠦᠯᠳᠡ ᠶᠢᠨ ᠭᠤᠤᠯ ᠴᠣᠠᠠᠴᠠ ᠶᠢᠨ ᠬᠠᠷᠢᠭᠤᠴᠠᠯᠭ᠎ᠠ ᠶᠢ ᠴᠢᠩᠭ᠎ᠠ ᠨᠡᠶᠢᠳᠡᠪᠦᠷᠢᠵᠢᠭᠤᠯᠵᠦ᠂ ᠢᠳᠡᠭᠡᠨ ᠣᠮᠳᠠᠭᠠᠨ ᠤ ᠠᠮᠥᠷ ᠳᠥᠪᠰᠢᠨ ᠤ ᠬᠠᠮᠢᠶᠡᠷᠦᠯᠳᠡ ᠶᠢ ᠴᠢᠩᠭᠠᠳᠬᠠᠬᠤ ᠭᠡᠷᠡᠭᠳᠡᠢ᠃ ᠠᠮᠥᠷ ᠳᠥᠪᠰᠢᠨ ᠤ ᠬᠠᠮᠢᠶᠡᠷᠦᠯᠳᠡ ᠶᠢᠨ ᠠᠵᠢᠯ ᠤᠨ ᠵᠤᠬᠢᠶᠡᠨ ᠪᠠᠶᠢᠭᠤᠯᠥᠯᠳᠡ ᠶᠢᠨ ᠪᠠᠶᠢᠭᠤᠯᠥᠮᠵᠢ ᠶᠢ ᠪᠠᠶᠢᠭᠤᠯᠥᠨ ᠪᠦᠷᠢᠨᠰᠢᠬᠦᠯᠵᠦ᠂ ᠰᠣᠷᠭᠠᠭᠤᠯᠢ ᠶᠢᠨ ᠲᠣᠳᠣᠭᠠᠳᠣ ᠶᠢᠨ ᠠᠮᠥᠷ ᠳᠥᠪᠰᠢᠨ ᠤ ᠬᠠᠮᠠᠭᠠᠯᠠᠯᠳᠡ ᠶᠢᠨ ᠠᠵᠢᠯᠳᠡᠨ ᠢ ᠪᠦᠷᠢᠨ ᠬᠦᠢᠴᠡᠳ ᠲᠣᠬᠢᠷᠡᠭᠤᠯᠬᠤ ᠭᠡᠷᠡᠭᠳᠡᠢ᠃ ᠠᠮᠥᠷ ᠳᠥᠪᠰᠢᠨ ᠤ ᠬᠠᠮᠢᠶᠡᠷᠦᠯᠳᠡ ᠶᠢᠨ ᠳᠥᠷᠢᠮ ᠪᠠ ᠪᠠᠴᠢᠮ ᠪᠠᠶᠢᠳᠡᠯ ᠢ ᠠᠷᠭᠠᠴᠠᠬᠤ ᠲᠣᠠᠠᠳᠡᠴᠠ ᠶᠢ ᠪᠠᠶᠢᠭᠤᠯᠥᠨ ᠪᠦᠷᠢᠨᠰᠢᠬᠦᠯᠬᠦ ᠭᠡᠷᠡᠭᠳᠡᠢ᠃ ᠰᠣᠷᠭᠠᠭᠤᠯᠢ ᠶᠢᠨ ᠲᠣᠳᠣᠭᠠᠳᠣ ᠶᠢᠨ ᠠᠮᠥᠷ ᠳᠥᠪᠰᠢᠨ ᠤ ᠰᠣᠷᠭᠠᠨ ᠬᠦᠮᠦᠵᠢᠯ ᠤᠨ ᠪᠤᠯᠪᠠᠰᠣᠷᠡᠭᠤᠯᠥᠯ ᠢ ᠴᠢᠩᠭᠠᠳᠬᠠᠵᠦ᠂ ᠲᠣᠠᠠᠳᠠᠮᠠᠯ ᠬᠤᠭᠤᠴᠠᠭ᠎ᠠ ᠲᠠᠢ ᠪᠠᠷ ᠠᠮᠥᠷ ᠳᠥᠪᠰᠢᠨ ᠤ ᠰᠦᠷᠢᠯᠳᠡ ᠶᠢ ᠦᠷᠨᠢᠬᠦᠯᠵᠦ᠂ ᠪᠠᠭᠰᠢ ᠰᠣᠷᠣᠠᠠᠴᠢ ᠶᠢᠨ ᠠᠮᠥᠷ ᠳᠥᠪᠰᠢᠨ ᠤ ᠦᠵᠡᠯ ᠣᠬᠠᠮᠰᠡᠷ ᠪᠠ ᠠᠮᠢ ᠵᠢᠭᠤᠵᠦ ᠦᠪᠡᠷ ᠢ ᠪᠠᠨ ᠠᠪᠤᠷᠡᠬᠤ ᠴᠢᠳᠡᠪᠦᠷᠢ ᠶᠢ ᠳᠡᠭᠡᠭᠰᠢᠯᠡᠬᠦᠯᠬᠦ ᠭᠡᠷᠡᠭᠳᠡᠢ᠃      ᠵᠢᠷᠭᠤᠭ᠎ᠠ᠂ ᠰᠣᠷᠭᠠᠨ ᠬᠦᠮᠦᠵᠢᠯ ᠵᠢᠭᠠᠨ ᠰᠣᠷᠭᠠᠯᠳᠡ ᠶᠢᠨ ᠶᠠᠰᠣ ᠴᠢᠨᠡᠷ ᠢ ᠳᠡᠭᠡᠭᠰᠢᠯᠡᠬᠦᠯᠦᠨ᠎ᠡ      ︵ᠠᠷᠪᠡ ᠶᠢᠰᠦ︶ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠪᠠᠶᠢᠷᠢ ᠲᠣᠠᠠᠳᠠᠭᠠᠯᠳᠡ ᠶᠢ ᠲᠣᠳᠣᠷᠬᠠᠶᠢᠯᠠᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠨᠡᠶᠢᠭᠡᠮ ᠤᠨ ᠭᠡᠷᠡᠭᠴᠡᠭᠡ ᠱᠠᠭᠠᠷᠳᠡᠯᠭ᠎ᠠ ᠳᠤ ᠦᠢᠯᠡᠴᠢᠯᠡᠬᠦ ᠶᠢ ᠢᠳᠡᠪᠬᠢᠳᠡᠢ ᠪᠠᠷ ᠬᠦᠳᠦᠯᠥᠨ ᠵᠢᠯᠥᠭᠤᠳᠴᠥ᠂ ᠠᠭᠤᠯᠥᠠᠠᠳᠠᠬᠤᠨ ᠤ ᠪᠠᠶᠢᠭᠤᠯᠥᠯᠳᠡ ᠶᠢ ᠴᠢᠩᠭᠠᠳᠬᠠᠨ᠂ ᠰᠣᠷᠭᠠᠭᠤᠯᠢ ᠡᠷᠬᠢᠯᠡᠬᠦ ᠶᠠᠰᠣ ᠴᠢᠨᠡᠷ ᠢ ᠳᠡᠭᠡᠭᠰᠢᠯᠡᠬᠦᠯᠬᠦ ᠭᠡᠷᠡᠭᠳᠡᠢ᠃ ᠰᠣᠷᠬᠤ ᠨᠠᠰᠣᠡ ᠠᠴᠠ ᠡᠮᠣᠨᠡᠬᠢ ᠰᠣᠷᠭᠠᠨ ᠬᠦᠮᠦᠵᠢᠯ ᠤᠨ ᠱᠠᠳᠣ ᠦᠶ᠎ᠠ ᠳᠤ ᠳᠦᠭᠡᠮᠡᠯ ᠬᠦᠷᠳᠡᠬᠡᠮᠵᠢᠳᠦ ᠠᠷᠡᠳ ᠠᠴᠠ ᠡᠷᠬᠢᠯᠡᠭᠰᠡᠨ ᠭᠡᠥᠭᠡᠳ ᠤᠨ ᠴᠡᠴᠡᠷᠯᠢᠭ ᠡᠷᠬᠢᠯᠡᠬᠦ ᠶᠢ ᠵᠣᠷᠢᠠᠠᠵᠢᠭᠤᠯᠵᠦ᠂ ᠰᠢᠨᠵᠢᠯᠡᠬᠦ ᠣᠬᠠᠭᠠᠨᠴᠢ ᠪᠠᠷ ᠠᠰᠠᠷᠡᠨ ᠬᠦᠮᠦᠵᠢᠬᠦᠯᠬᠦ ᠶᠢ ᠪᠡᠷᠢᠮᠳᠡᠯᠡᠨ᠂ ︽ᠪᠠᠭ᠎ᠠ ᠰᠣᠷᠭᠠᠭᠤᠯᠢᠵᠢᠭᠤᠯᠬᠤ︾ ᠦᠵᠡᠭᠳᠡᠯ ᠢ ᠰᠡᠷᠭᠡᠶᠢᠯᠡᠬᠦ ᠪᠠ ᠵᠠᠯᠠᠷᠡᠭᠤᠯᠬᠤ ᠭᠡᠷᠡᠭᠳᠡᠢ᠃ ᠲᠣᠮᠳᠠᠳᠣ ᠪᠠᠭ᠎ᠠ ᠰᠣᠷᠭᠠᠭᠤᠯᠢ ᠨᠤᠭᠤᠳ ᠣᠯᠥᠰ ᠤᠨ ᠬᠢᠴᠢᠶᠡᠯᠯᠡᠭᠡ ᠶᠢᠨ ᠳᠥᠰᠦᠯ ᠪᠠ ᠬᠢᠴᠢᠶᠡᠯᠯᠡᠭᠡ ᠶᠢᠨ ᠪᠠᠷᠢᠮᠵᠢᠶ᠎ᠠ ᠶᠢ ᠭᠡᠷᠡᠭᠵᠢᠬᠦᠯᠵᠦ᠂ ᠣᠨᠴᠠᠯᠢᠠᠠᠵᠢᠭᠤᠯᠥᠨ ᠰᠣᠷᠭᠠᠭᠤᠯᠢ ᠡᠷᠬᠢᠯᠡᠵᠦ ᠴᠢᠨᠡᠷ ᠰᠠᠶᠢᠳᠡᠢ ᠪᠠᠷ ᠬᠦᠭᠵᠢᠬᠦᠯᠬᠦ ᠶᠢ ᠪᠡᠷᠢᠮᠳᠡᠯᠡᠨ᠂ ᠣᠯᠡᠨ ᠶᠠᠩᠵᠤᠴᠢᠯᠬᠠᠰᠠᠨ ᠭᠡᠷᠡᠭᠴᠡᠭᠡ ᠱᠠᠭᠠᠷᠳᠡᠯᠭ᠎ᠠ ᠶᠢ ᠬᠦᠢᠴᠡᠳ ᠬᠠᠩᠭᠠᠨ᠎ᠠ᠃ ᠠᠵᠢᠯ ᠮᠡᠷᠭᠡᠵᠢᠯ ᠤᠨ ᠳᠡᠭᠡᠳᠦ ᠰᠣᠷᠭᠠᠭᠤᠯᠢ ᠨᠢ ᠮᠡᠷᠭᠡᠵᠢᠯ ᠣᠷ᠎ᠡ ᠴᠢᠳᠡᠪᠦᠷᠢ ᠲᠠᠢ ᠴᠢᠳᠡᠪᠦᠷᠢᠳᠡᠨ ᠢ ᠬᠦᠮᠦᠵᠢᠬᠦᠯᠬᠦ ᠪᠠᠶᠢᠷᠢ ᠲᠤᠠᠠᠳᠠᠭᠠᠯᠳᠡ ᠶᠢ ᠲᠣᠳᠣᠷᠬᠠᠶᠢᠯᠠᠵᠦ᠂ ᠣᠷᠣᠨ ᠪᠦᠰᠡ ᠶᠢᠨ ᠠᠵᠦ ᠠᠬᠤᠢ ᠪᠠ ᠠᠵᠦ ᠦᠢᠯᠡᠰ ᠤᠨ ᠬᠦᠭᠵᠢᠯᠳᠡ ᠳᠤ ᠦᠢᠯᠡᠴᠢᠯᠡᠨ᠂ ᠵᠢᠭᠠᠨ ᠰᠣᠷᠭᠠᠯᠳᠡ ᠪᠤᠯᠥᠨ ᠦᠢᠯᠡᠳᠪᠦᠷᠢᠯᠡᠯ ᠤᠨ ᠠᠭᠤᠰᠣᠯᠴᠠᠯ᠂ ᠰᠣᠷᠭᠠᠭᠤᠯᠢ ᠪᠠ ᠠᠵᠦ ᠠᠬᠤᠶᠢᠯᠠᠯ ᠤᠨ ᠬᠠᠮᠳᠣᠷᠡᠯᠴᠠᠭ᠎ᠠ ᠶᠢ ᠬᠦᠨᠵᠡᠭᠡᠶᠢᠷᠡᠬᠦᠯᠥᠨ᠎ᠠ᠃ ᠭᠡᠷᠡᠭᠯᠡᠬᠡᠨ ᠤ ᠮᠡᠷᠭᠡᠵᠢᠯ ᠤᠨ ᠳᠥᠷᠦᠯ ᠤᠨ ᠵᠢᠩᠬᠢᠨᠢ ᠠᠩᠬᠢ ᠶᠢᠨ ᠳᠡᠭᠡᠳᠦ ᠵᠡᠷᠭᠡ ᠶᠢᠨ ᠰᠣᠷᠭᠠᠭᠤᠯᠢ ᠡᠷᠬᠢᠯᠡᠬᠦ ᠶᠢ ᠵᠣᠷᠢᠠᠠᠵᠢᠭᠤᠯᠵᠦ᠂ ᠠᠵᠦ ᠠᠬᠤᠢ ᠶᠢᠨ ᠪᠦᠳᠦᠴᠠ ᠶᠢ ᠲᠣᠬᠢᠷᠡᠭᠤᠯᠬᠤ᠂ ᠠᠵᠦ ᠦᠢᠯᠡᠰ ᠤᠨ ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠪᠠ ᠰᠢᠨ᠎ᠡ ᠠᠵᠦ ᠦᠢᠯᠡᠰ᠂ ᠰᠢᠨ᠎ᠡ ᠡᠵᠡᠩᠨᠡᠯᠳᠡ ᠶᠢᠨ ᠪᠠᠶᠢᠳᠡᠯ᠂ ᠰᠢᠨ᠎ᠡ ᠬᠤᠳᠠᠯᠳᠤᠭ᠎ᠠ ᠶᠢᠨ ᠵᠬᠠᠪᠤᠷ ᠤᠨ ᠭᠡᠷᠡᠭᠴᠡᠭᠡ ᠳᠤ ᠲᠣᠬᠢᠷᠬᠠᠰᠠᠨ ᠴᠢᠳᠡᠪᠦᠷᠢᠳᠡᠨ ᠢ ᠬᠦᠮᠦᠵᠢᠬᠦᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠨᠠᠰᠣᠡ ᠲᠤᠷᠰᠢᠳᠡ ᠶᠢᠨ ᠰᠣᠷᠭᠠᠨ ᠬᠦᠮᠦᠵᠢᠯ ᠤᠨ ᠰᠢᠰᠲ᠋ᠧᠮᠵᠢ ᠶᠢ ᠳᠡᠬᠦᠯᠳᠡᠷᠵᠢᠬᠦᠯᠬᠦ᠂ ᠰᠣᠷᠣᠯᠴᠠᠬᠤ ᠭᠡᠯᠪᠡᠷᠢ ᠶᠢᠨ ᠨᠡᠶᠢᠭᠡᠮ ᠢ ᠪᠦᠳᠦᠭᠡᠨ ᠪᠠᠶᠢᠭᠤᠯᠬᠤ ᠲᠤᠮᠳᠡᠬᠢ ᠢᠳᠡᠪᠬᠢ ᠦᠢᠯᠡᠳᠣᠯ ᠢ ᠬᠦᠢᠴᠡᠳ ᠪᠠᠳᠡᠷᠡᠭᠤᠯᠥᠨ᠎ᠠ᠃ ᠴᠢᠨᠡᠷ ᠰᠠᠶᠢᠳᠡᠢ ᠰᠣᠷᠭᠠᠨ ᠬᠦᠮᠦᠵᠢᠯ ᠤᠨ ᠡᠬᠢ ᠪᠠᠶᠠᠯᠢᠭ ᠢ ᠳᠦᠷᠭᠡᠳᠭᠡᠨ ᠪᠤᠶᠢᠵᠢᠭᠤᠯᠵᠦ᠂ ᠵᠢᠭᠠᠨ ᠰᠣᠷᠭᠠᠯᠳᠡ ᠶᠢᠨ ᠶᠠᠰᠣ ᠴᠢᠨᠡᠷ ᠢ ᠪᠦᠬᠦ ᠳᠡᠯ᠎ᠠ ᠪᠠᠷ ᠳᠡᠭᠡᠭᠰᠢᠯᠡᠬᠦᠯᠥᠡᠨ᠎ᠡ᠃      ︵ᠬᠤᠷᠢ︶ ᠪᠠᠭᠰᠢ ᠶᠢᠨ ᠡᠩᠨᠡᠭᠡ ᠶᠢᠨ ᠪᠠᠶᠢᠭᠤᠯᠥᠯᠳᠡ ᠶᠢ ᠴᠢᠩᠭᠠᠳᠬᠠᠨ᠎ᠠ᠃ ᠡᠯ᠎ᠠ ᠱᠠᠳᠣᠨ ᠤ ᠠᠷᠡᠳ ᠤᠨ ᠵᠠᠰᠠᠭ ᠤᠨ ᠣᠷᠳᠣᠨ ᠨᠤᠭᠤᠳ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠥᠯᠳᠡ ᠶᠢ ᠪᠠᠭᠰᠢ ᠶᠢᠨ ᠡᠩᠨᠡᠭᠡ ᠶᠢᠨ ᠪᠠᠶᠢᠭᠤᠯᠥᠯᠳᠡ ᠶᠢᠨ ᠪᠦᠬᠦᠯᠢ ᠴᠣᠠᠠᠴᠠ ᠶᠢᠨ ᠳᠥᠯᠥᠪᠵᠢᠬᠦᠯᠬᠡ ᠳᠤ ᠣᠷᠣᠭᠤᠯᠬᠤ ᠭᠡᠷᠡᠭᠳᠡᠢ᠃ ᠡᠯ᠎ᠠ ᠭᠠᠵᠡᠷ ᠣᠷᠣᠨ ᠨᠢ ᠠᠯᠪᠠᠨ ᠠᠴᠠ ᠡᠷᠬᠢᠯᠡᠭᠰᠡᠨ ᠰᠣᠷᠭᠠᠭᠤᠯᠢ ᠠᠴᠠ ᠰᠢᠯᠢᠳᠡᠭ ᠬᠠᠮᠢᠶᠡᠷᠦᠯᠳᠡ ᠶᠢᠨ ᠠᠵᠢᠯᠳᠡᠨ᠂ ᠪᠠᠭᠰᠢ ᠶᠢ ᠰᠣᠩᠭᠤᠨ ᠲᠣᠮᠢᠯᠠᠵᠦ ᠠᠷᠡᠳ ᠠᠴᠠ ᠡᠷᠬᠢᠯᠡᠭᠰᠡᠨ ᠰᠣᠷᠭᠠᠭᠤᠯᠢ ᠳᠤ ᠣᠴᠢᠨ ᠬᠠᠪᠰᠣᠷᠣᠨ ᠳᠡᠳᠬᠦᠬᠦ ᠳᠥᠷᠢᠮ ᠪᠠ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠬᠠᠮᠢᠶᠡᠷᠦᠯᠳᠡ ᠶᠢᠨ ᠠᠵᠢᠯᠳᠡᠨ᠂ ᠪᠠᠭᠰᠢ ᠠᠯᠪᠠᠨ ᠠᠴᠠ ᠡᠷᠬᠢᠯᠡᠭᠰᠡᠨ ᠰᠣᠷᠭᠠᠭᠤᠯᠢ ᠳᠤ ᠣᠴᠢᠨ ᠠᠵᠢᠯ ᠤᠨ ᠪᠠᠶᠢᠷᠢ ᠪᠠᠨ ᠲᠠᠭᠠᠵᠦ ᠰᠣᠷᠣᠯᠴᠠᠨ ᠳᠡᠪᠳᠡᠨ ᠪᠤᠯᠪᠠᠰᠣᠷᠡᠬᠤ ᠳᠥᠷᠢᠮ ᠵᠡᠷᠭᠡ ᠶᠢ ᠪᠠᠶᠢᠭᠤᠯᠥᠨ ᠪᠦᠷᠢᠨᠰᠢᠬᠦᠯᠬᠦ ᠶᠢ ᠵᠣᠷᠢᠠᠠᠵᠢᠭᠤᠯᠥᠨ᠎ᠠ᠃ ᠡᠯ᠎ᠠ ᠱᠠᠳᠣᠨ ᠤ ᠰᠣᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠳᠥᠯᠥᠪᠯᠡᠭᠡ ᠲᠠᠢ ᠪᠠᠷ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠶᠢᠨ ᠨᠢᠷᠦᠭᠤᠪᠴᠢ ᠪᠠᠭᠰᠢ ᠶᠢ ᠰᠣᠩᠭᠤᠨ ᠲᠣᠮᠢᠯᠡᠵᠦ ᠠᠷᠡᠳ ᠠᠴᠠ ᠡᠷᠬᠢᠯᠡᠭᠰᠡᠨ ᠰᠣᠷᠭᠠᠭᠤᠯᠢ ᠳᠤ ᠣᠴᠢᠨ ᠰᠣᠷᠭᠠᠨ ᠬᠦᠮᠦᠵᠢᠯ ᠤᠨ ᠦᠢᠯᠡᠰ ᠢ ᠳᠡᠳᠬᠦᠬᠦ ᠶᠢ ᠳᠡᠮᠵᠢᠵᠦ᠂ ᠰᠣᠷᠭᠠᠨ ᠬᠦᠮᠦᠵᠢᠯ ᠤᠨ ᠦᠢᠯᠡᠰ ᠢ ᠳᠡᠮᠵᠢᠵᠦ ᠪᠠᠶᠢᠬᠤ ᠬᠤᠭᠤᠴᠠᠭᠠᠨ ᠳᠤ ᠳᠡᠳᠡᠨ ᠤ ᠠᠯᠪᠠᠨ ᠠᠴᠠ ᠡᠷᠬᠢᠯᠡᠭᠰᠡᠨ ᠰᠣᠷᠭᠠᠭᠤᠯᠢ ᠶᠢᠨ ᠪᠠᠭᠰᠢ ᠶᠢᠨ ᠭᠠᠷᠦᠯ ᠢ ᠬᠤᠪᠢᠷᠡᠭᠤᠯᠬᠤ ᠦᠭᠡᠢ ᠪᠠᠶᠢᠵᠦ᠂ ᠪᠠᠭᠰᠢᠯᠬᠠᠰᠠᠨ ᠣᠨ ᠵᠢᠯ ᠢ ᠦᠷᠬᠦᠯᠵᠢᠯᠡᠨ ᠪᠤᠳᠣᠵᠦ ᠣᠨ ᠤ ᠰᠢᠯᠭᠠᠨ ᠬᠢᠨ᠋ᠬᠠᠰᠠᠨ ᠦᠷ᠎ᠠ ᠳ᠋ᠦᠡᠭ ᠢ ᠨᠢ ᠠᠵᠢᠯᠳᠡᠨ ᠤ ᠳᠡᠩᠰᠡ ᠡᠪᠭᠡᠮᠡᠯ ᠳᠤᠨᠢ ᠪᠢᠴᠢᠵᠦ ᠣᠷᠣᠭᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠨᠤᠭᠤᠳ ᠪᠠᠭᠰᠢ ᠶᠢᠨ ᠦᠵᠡᠯ ᠰᠠᠨᠠᠭ᠎ᠠ ᠣᠯᠥᠰ ᠳᠥᠷᠥ ᠶᠢᠨ ᠠᠵᠢᠯ ᠢ ᠬᠦᠴᠣᠯᠡᠨ ᠴᠢᠩᠭᠠᠳᠬᠠᠵᠦ᠂ ᠰᠣᠷᠭᠠᠨ ᠬᠦᠮᠦᠵᠢᠬᠦᠯᠬᠦ᠂ ᠣᠬᠠᠭᠤᠯᠬᠤ᠂ ᠰᠢᠯᠭᠠᠨ ᠬᠢᠨᠠᠬᠤ᠂ ᠬᠢᠨᠡᠯᠳᠡ ᠳᠡᠯᠪᠢᠬᠤ ᠪᠠ ᠱᠠᠩᠨᠠᠬᠤ ᠶᠢ ᠬᠠᠷᠢᠯᠴᠠᠨ ᠣᠶᠠᠯᠳᠣᠭᠤᠯᠥᠠᠠᠰᠠᠨ ᠪᠠᠭᠰᠢ ᠶᠢᠨ ᠶᠣᠰᠣ ᠮᠣᠷᠡᠯ ᠤᠨ ᠪᠠᠶᠢᠭᠤᠯᠥᠯᠳᠡ ᠶᠢᠨ ᠣᠷᠳᠣ ᠬᠤᠭᠤᠴᠠᠭ᠎ᠠ ᠬᠦᠴᠣᠨ ᠲᠠᠢ ᠲᠣᠠᠠᠳᠡᠴᠠ ᠶᠢ ᠪᠠᠶᠢᠭᠤᠯᠥᠨ ᠪᠦᠷᠢᠨᠰᠢᠬᠦᠯᠥᠨ᠎ᠠ᠃ ᠬᠠᠪᠰᠣᠷᠣᠨ ᠵᠢᠯᠥᠭᠤᠳᠣᠠᠠᠴᠢ᠂ ᠠᠩᠬᠢ ᠶᠢᠨ ᠡᠷᠬᠢᠯᠡᠭᠴᠢ ᠶᠢᠨ ᠡᠩᠨᠡᠭᠡ ᠶᠢᠨ ᠪᠠᠶᠢᠭᠤᠯᠥᠯᠳᠡ ᠶᠢ ᠴᠢᠩᠭᠠᠳᠬᠠᠨ᠎ᠠ᠃ ᠰᠣᠷᠣᠯᠭ᠎ᠠ ᠶᠢᠨ ᠰᠦᠢᠳᠭᠡᠯ ᠤᠨ ᠣᠷᠣᠯᠭ᠎ᠠ ᠲᠣᠮᠳᠡ ᠠᠴᠠ ᠵᠤᠬᠢᠬᠤ ᠬᠠᠷᠢᠴᠡᠯ ᠤᠨ ᠲᠣᠰᠬᠠᠢ ᠪᠡᠯᠡ ᠮᠦᠡᠭᠬᠦ ᠲᠣᠬᠢᠷᠡᠭᠤᠯᠥᠨ ᠪᠠᠭᠰᠢ ᠶᠢᠨ ᠪᠤᠯᠪᠠᠰᠣᠷᠡᠭᠤᠯᠥᠯ ᠳᠤ ᠭᠡᠷᠡᠭᠯᠡᠨ᠎ᠡ᠃ ᠪᠠᠭᠰᠢ ᠶᠢᠨ ᠠᠵᠢᠯ ᠪᠠ ᠠᠮᠢᠳᠣᠷᠡᠯ ᠢ ᠬᠠᠯᠠᠮᠵᠢᠯᠠᠨ ᠬᠠᠷᠡᠭᠠᠯᠵᠠᠵᠦ᠂ ᠪᠠᠭᠰᠢ ᠶᠢᠨ ᠡᠯ᠎ᠠ ᠵᠦᠢᠯ ᠤᠨ ᠣᠯᠭᠤᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠬᠦᠯᠦᠨ᠎ᠡ᠃      ᠲᠣᠯᠤᠭ᠎ᠠ᠂ ᠬᠠᠮᠢᠶᠡᠷᠦᠯᠳᠡ ᠦᠢᠯᠡᠴᠢᠯᠡᠭᠡᠨ ᠤ ᠬᠢᠷᠢ ᠭᠡᠮᠵᠢᠶ᠎ᠠ ᠶᠢ ᠳᠡᠭᠡᠭᠰᠢᠯᠡᠬᠦᠯᠦᠨ᠎ᠡ      ︵ᠬᠤᠷᠢᠨ ᠨᠢᠭᠡ︶ ᠰᠠᠯᠠᠭ᠎ᠠ ᠮᠦᠴᠢᠷ ᠤᠨ ᠵᠤᠬᠢᠴᠠᠭᠤᠯᠬᠤ ᠲᠣᠠᠠᠳᠡᠴᠠ ᠶᠢ ᠴᠢᠩᠭᠠᠷᠡᠭᠤᠯᠥᠨ᠎ᠠ᠃ ᠡᠯ᠎ᠠ ᠱᠠᠳᠣᠨ ᠤ ᠠᠷᠡᠳ ᠤᠨ ᠵᠠᠰᠠᠭ ᠤᠨ ᠣᠷᠳᠣᠨ ᠨᠤᠭᠤᠳ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠢ ᠠᠵᠦ ᠠᠬᠤᠢ ᠨᠡᠶᠢᠭᠡᠮ ᠤᠨ ᠬᠦᠭᠵᠢᠯᠳᠡ ᠪᠠ ᠰᠣᠷᠭᠠᠨ ᠬᠦᠮᠦᠵᠢᠯ ᠤᠨ ᠠᠵᠢᠯ ᠦᠢᠯᠡᠰ ᠤᠨ ᠪᠦᠬᠦᠯᠢ ᠴᠣᠠᠠᠴᠠ ᠶᠢᠨ ᠳᠥᠯᠥᠪᠵᠢᠬᠦᠯᠬᠡ ᠳᠤ ᠣᠷᠣᠭᠤᠯᠵᠦ᠂ ᠳᠥᠷᠢᠮ ᠤᠨ ᠪᠠᠶᠢᠭᠤᠯᠥᠯᠳᠡ᠂ ᠪᠡᠷᠢᠮᠵᠢᠶ᠎ᠠ ᠲᠣᠠᠠᠳᠠᠭᠠᠬᠤ᠂ ᠳᠥᠷᠥ ᠶᠢᠨ ᠪᠤᠳᠣᠯᠭ᠎ᠠ ᠶᠢ ᠭᠡᠷᠡᠭᠵᠢᠬᠦᠯᠬᠦ᠂ ᠨᠢᠭᠡᠳᠦᠯᠳᠡᠢ ᠳᠥᠯᠥᠪᠯᠡᠨ ᠵᠤᠬᠢᠴᠠᠭᠤᠯᠬᠤ ᠵᠡᠷᠭᠡ ᠠᠵᠢᠯ ᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠠᠴᠠ ᠦᠪᠡᠷᠳᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠳᠢᠩᠬᠢᠮ ᠳᠦᠷᠦᠬᠦᠯᠡᠵᠦ᠂ ᠦᠪᠡᠷᠳᠡᠭᠡᠨ ᠵᠠᠰᠠᠬᠤ ᠣᠷᠣᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠲᠣᠳᠣᠭᠠᠳᠣ ᠶᠢ ᠬᠠᠮᠠᠭᠠᠯᠠᠬᠤ ᠳᠢᠩᠬᠢᠮ᠂ ᠠᠷᠡᠳ ᠤᠨ ᠶᠠᠪᠤᠳᠡᠯ ᠤᠨ ᠳᠢᠩᠬᠢᠮ᠂ ᠡᠳ᠋ ᠤᠨ ᠵᠠᠰᠠᠭ ᠤᠨ ᠳᠢᠩᠬᠢᠮ᠂ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠣᠷᠣᠨ ᠲᠤᠭ᠎ᠠ ᠶᠢᠨ ᠠᠯᠪᠠᠨ ᠭᠡᠷ᠂ ᠣᠷᠣᠨ ᠨᠣᠳᠤᠭ ᠤᠨ ᠭᠠᠶᠢᠯᠢ ᠶᠢᠨ ᠶᠠᠪᠤᠳᠡᠯ ᠤᠨ ᠲᠤᠪᠴᠢᠶ᠎ᠠ᠂ ᠮᠦᠡᠭᠬᠦᠨ ᠬᠦᠢᠯᠬᠡᠬᠡᠡ ᠤ ᠠᠯᠪᠠᠨ ᠭᠡᠷ᠂ ᠠᠵᠦ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠦᠪᠤᠷ ᠮᠣᠩᠭᠤᠯ ᠤᠨ ᠣᠯᠥᠰ ᠤᠨ ᠭᠠᠶᠢᠯᠢ ᠶᠢᠨ ᠶᠠᠪᠤᠳᠡᠯ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠣᠷᠣᠯᠴᠬᠠᠰᠠᠨ ᠰᠠᠯᠠᠭ᠎ᠠ ᠮᠦᠴᠢᠷ ᠤᠨ ᠬᠠᠮᠳᠣᠷᠬᠠᠰᠠᠨ ᠬᠤᠷᠡᠯ ᠤᠨ ᠳᠥᠷᠢᠮ ᠢ ᠪᠠᠶᠢᠭᠤᠯᠵᠦ᠂ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠦᠭᠵᠢᠯᠳᠡ ᠶᠢᠨ ᠲᠤᠮᠳᠡᠬᠢ ᠭᠤᠤᠯᠳᠡᠯᠭ᠎ᠠ ᠲᠠᠢ ᠳᠦᠪᠡᠭᠳᠡᠢ ᠠᠰᠠᠭᠤᠳᠡᠯ ᠢ ᠵᠤᠬᠢᠴᠠᠭᠤᠯᠥᠨ ᠰᠢᠢᠳᠪᠦᠷᠢᠯᠡᠵᠦ᠂ ᠳᠥᠷᠢᠮ ᠤᠨ ᠳᠥᠷᠥ ᠶᠢᠨ ᠪᠤᠳᠣᠯᠭ᠎ᠠ ᠶᠢ ᠳᠠᠰᠣᠷᠡᠯᠳᠡ ᠦᠭᠡᠢ ᠳᠡᠬᠦᠯᠳᠡᠷᠵᠢᠬᠦᠯᠥᠨ᠂ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠦᠭᠵᠢᠯᠳᠡ ᠶᠢᠨ ᠣᠷᠴᠢᠨ ᠲᠤᠭᠤᠷᠢᠨ ᠢ ᠰᠢᠯᠢᠳᠡᠭᠵᠢᠬᠦᠯᠦᠨ᠎ᠡ᠃ ᠡᠯ᠎ᠠ ᠭᠠᠵᠡᠷ ᠣᠷᠣᠨ ᠨᠢ ᠪᠠᠰᠠ ᠵᠣᠬᠢᠬᠤ ᠰᠠᠯᠠᠭ᠎ᠠ ᠮᠦᠴᠢᠷ ᠤᠨ ᠵᠤᠬᠢᠴᠠᠭᠤᠯᠬᠤ ᠲᠣᠠᠠᠳᠡᠴᠠ ᠶᠢ ᠪᠠᠶᠢᠭᠤᠯᠥᠨ᠎ᠠ᠃ ᠨᠡᠶᠢᠭᠡᠮ ᠤᠨ ᠬᠦᠴᠣᠨ ᠤ ᠰᠣᠷᠭᠠᠨ ᠬᠦᠮᠦᠵᠢᠯ ᠡᠷᠬᠢᠯᠡᠬᠦ ᠶᠢ ᠳᠡᠮᠵᠢᠬᠦ ᠶᠠᠪᠤᠳᠡᠯ ᠢ ᠡᠯ᠎ᠠ ᠱᠠᠳᠣᠨ ᠤ ᠠᠷᠡᠳ ᠤᠨ ᠵᠠᠰᠠᠭ ᠤᠨ ᠣᠷᠳᠣᠨ ᠤ ᠣᠯᠡᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠢᠯᠭᠠᠨ ᠬᠢᠨᠠᠬᠤ ᠶᠢᠨ ᠴᠢᠬᠤᠯᠡ ᠠᠭᠤᠯᠭ᠎ᠠ ᠪᠤᠯᠭᠠᠬᠤ ᠶᠢ ᠵᠣᠷᠢᠠᠠᠵᠢᠭᠤᠯᠥᠨ᠎ᠠ᠃ ᠵᠠᠰᠠᠭ ᠤᠨ ᠣᠷᠳᠣᠨ ᠤ ᠬᠠᠮᠢᠶᠡᠷᠦᠯᠳᠡ ᠶᠢᠨ ᠠᠷᠭ᠎ᠠ ᠬᠡᠯᠪᠡᠷᠢ ᠶᠢ ᠰᠠᠶᠢᠵᠢᠷᠡᠭᠤᠯᠵᠦ᠂ ︽ᠪᠠᠭᠤᠯᠭᠠᠬᠤ ᠬᠠᠮᠢᠶᠡᠷᠬᠤ ᠦᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠶᠢᠷᠡᠬᠦᠯᠥᠨ᠂ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠠᠮᠢᠶᠡᠷᠦᠯᠳᠡ ᠶᠢᠨ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠵᠦ᠂ ᠬᠠᠮᠢᠶᠡᠷᠦᠯᠳᠡ ᠦᠢᠯᠡᠴᠢᠯᠡᠭᠡᠨ ᠤ ᠬᠢᠷᠢ ᠭᠡᠮᠵᠢᠶ᠎ᠠ ᠶᠢ ᠳᠡᠭᠡᠭᠰᠢᠯᠡᠬᠦᠯᠦᠨ᠎ᠡ᠃ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠠᠵᠢᠯ ᠳᠥᠷᠦᠯ ᠤᠨ ᠵᠤᠬᠢᠶᠡᠨ ᠪᠠᠶᠢᠭᠤᠯᠥᠯᠳᠡ ᠶᠢᠨ ᠦᠢᠯᠡᠳᠣᠯ ᠢ ᠪᠠᠳᠠᠷᠡᠭᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠣᠬᠠᠭᠤᠯᠭ᠎ᠠ ᠶᠢᠨ ᠡᠷᠴᠢᠮ ᠢ ᠴᠢᠩᠭᠠᠷᠡᠭᠤᠯᠥᠨ᠂ ᠲᠣᠪᠤᠶᠢᠮ᠎ᠠ ᠬᠤᠪᠢ ᠨᠡᠮᠡᠷᠢ ᠦᠵᠡᠬᠦᠯᠥᠭᠰᠡᠨ ᠬᠠᠮᠳᠣ ᠪᠠ ᠬᠤᠪᠢ ᠬᠦᠮᠦᠨ ᠢ ᠱᠠᠩᠨᠠᠨ ᠬᠦᠬᠢᠬᠦᠯᠵᠦ᠂ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠦᠭᠵᠢᠯᠳᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠡᠶᠢᠨ ᠪᠤᠢ ᠪᠤᠯᠭᠠᠨ᠎ᠠ᠃      ︵ᠬᠤᠷᠢᠨ ᠬᠤᠶᠡᠷ︶ ᠬᠢᠨᠡᠯᠳᠡ ᠬᠠᠮᠢᠶᠡᠷᠦᠯᠳᠡ ᠶᠢᠨ ᠲᠣᠠᠠᠳᠡᠴᠠ ᠶᠢ ᠪᠦᠷᠢᠨᠰᠢᠬᠦᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠠᠮᠢᠶᠡᠷᠦᠯᠳᠡ ᠶᠢᠨ ᠪᠠᠶᠢᠭᠤᠯᠥᠮᠵᠢ ᠶᠢᠨ ᠪᠠᠶᠢᠭᠤᠯᠥᠯᠳᠡ ᠶᠢ ᠴᠢᠩᠭᠠᠳᠬᠠᠵᠦ᠂ ᠲᠣᠰᠬᠠᠢ ᠲᠣᠰᠢᠶᠡᠯᠳᠦ ᠠᠵᠢᠯᠳᠡᠨ ᠢ ᠪᠦᠷᠢᠨ ᠬᠦᠢᠴᠡᠳ ᠲᠣᠬᠢᠷᠡᠭᠤᠯᠥᠨ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠬᠠᠮᠢᠶᠡᠷᠦᠯᠳᠡ ᠶᠢᠨ ᠠᠵᠢᠯ ᠢ ᠬᠠᠷᠢᠭᠤᠴᠠᠭᠤᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠨ ᠬᠦᠮᠦᠵᠢᠯ ᠤᠨ ᠬᠢᠨᠡᠨ ᠵᠢᠯᠥᠭᠤᠳᠬᠤ ᠶᠢ ᠴᠢᠩᠭᠠᠷᠠᠭᠤᠯᠥᠨ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠣᠨ ᠤ ᠮᠡᠳᠡᠬᠦᠯᠥᠯᠳᠡ ᠪᠠ ᠣᠨ ᠤ ᠪᠠᠶᠢᠴᠠᠭᠠᠯᠳᠡ ᠶᠢᠨ ᠳᠥᠷᠢᠮ ᠢ ᠳᠡᠬᠦᠯᠳᠡᠷᠵᠢᠬᠦᠯᠵᠦ᠂ ᠣᠨ ᠤ ᠪᠠᠶᠢᠴᠠᠭᠠᠯᠳᠡ ᠶᠢᠨ ᠦᠷ᠎ᠠ ᠳ᠋ᠦᠡᠭ ᠢ ᠲᠣᠷᠭᠠᠬᠤ ᠪᠠ ᠱᠠᠩᠨᠠᠬᠤ ᠶᠢᠨ ᠴᠢᠬᠤᠯᠡ ᠦᠨᠳᠣᠰᠣ ᠪᠡᠷᠢᠮᠳᠡ ᠪᠤᠯᠭᠠᠨ᠎ᠠ᠃ ᠰᠢᠨ᠎ᠡ ᠪᠠᠷ ᠪᠠᠶᠢᠭᠤᠯᠥᠠᠠᠰᠠᠨ ᠠᠷᠡᠳ ᠠᠴᠠ ᠡᠷᠬᠢᠯᠡᠭᠰᠡᠨ ᠰᠣᠷᠭᠠᠭᠤᠯᠢ ᠡᠷᠬᠢᠯᠡᠭᠰᠡᠳ ᠤᠨ ᠬᠢᠷᠢ ᠭᠡᠮ ᠤᠨ ᠬᠢᠨᠡᠨ ᠪᠠᠶᠢᠴᠠᠭᠠᠯᠳᠡ ᠶᠢ ᠴᠢᠩᠭᠠᠳᠬᠠᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠡᠳ᠋ ᠤᠨ ᠶᠠᠪᠤᠳᠡᠯ ᠤᠨ ᠬᠢᠨᠡᠨ ᠪᠤᠳᠣᠯᠳᠡ ᠶᠢ ᠲᠣᠠᠠᠳᠠᠮᠠᠯ ᠬᠤᠭᠤᠴᠠᠭ᠎ᠠ ᠲᠠᠢ ᠪᠠᠷ ᠵᠤᠬᠢᠶᠡᠨ ᠪᠠᠶᠢᠭᠤᠯᠥᠨ ᠦᠷᠨᠢᠬᠦᠯᠵᠦ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠡᠳ᠋ ᠤᠨ ᠶᠠᠪᠤᠳᠡᠯ ᠤᠨ ᠨᠢᠠᠠᠳᠡᠯᠡᠨ ᠪᠤᠳᠣᠬᠤ ᠳᠥᠷᠢᠮ᠂ ᠲᠣᠳᠣᠭᠠᠳᠣ ᠶᠢᠨ ᠡᠵᠡᠮᠳᠡᠬᠦ ᠳᠥᠷᠢᠮ᠂ ᠬᠢᠨᠡᠨ ᠪᠤᠳᠣᠵᠦ ᠬᠢᠨᠡᠯᠳᠡ ᠳᠡᠯᠪᠢᠬᠤ ᠳᠥᠷᠢᠮ ᠢ ᠳᠡᠬᠦᠯᠳᠡᠷᠵᠢᠬᠦᠯᠥᠨ᠎ᠠ᠃ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠮᠡᠳᠡᠭᠡ ᠵᠠᠩᠬᠢ ᠶᠢ ᠠᠯᠪᠠᠳᠡᠨ ᠢᠯᠡ ᠪᠤᠯᠭᠠᠬᠤ ᠳᠥᠷᠢᠮ ᠢ ᠪᠠᠶᠢᠭᠤᠯᠥᠨ᠎ᠠ᠃ ᠲᠣᠠᠠᠳᠠᠭᠠᠯ ᠠᠴᠠ ᠵᠦᠷᠢᠴᠡᠵᠦ ᠢᠳᠡᠭᠡᠮᠵᠢ ᠠᠯᠳ᠋ᠬᠠᠰᠠᠨ ᠢ ᠵᠠᠯᠬᠠᠭᠠᠨ ᠰᠡᠷᠡᠮᠵᠢᠯᠡᠬᠦᠯᠬᠦ ᠲᠣᠠᠠᠳᠡᠴᠠ ᠶᠢ ᠪᠠᠶᠢᠭᠤᠯᠵᠦ᠂ ᠲᠣᠠᠠᠳᠠᠭᠠᠯ ᠠᠴᠠ ᠵᠦᠷᠢᠴᠡᠵᠦ ᠡᠷᠬᠢᠯᠡᠭᠰᠡᠨ ᠰᠣᠷᠭᠠᠭᠤᠯᠢ ᠵᠢᠴᠢ ᠳᠡᠬᠦᠨ ᠤ ᠡᠷᠬᠢᠯᠡᠭᠰᠡᠳ ᠪᠤᠯᠥᠨ ᠬᠠᠷᠢᠭᠤᠴᠠᠯᠭᠠᠳᠡᠨ ᠢ ︽ᠨᠡᠷ᠎ᠡ ᠶᠢᠨ ᠬᠠᠷ᠎ᠠ ᠳᠡᠩᠰᠡ︾᠎ ᠳᠤ ᠣᠷᠣᠭᠤᠯᠬᠤ ᠶᠢᠨ ᠬᠠᠮᠳᠣ᠂ ᠬᠤᠯᠪᠤᠠᠠᠳᠡᠯ ᠪᠦᠬᠦᠢ ᠢᠳᠡᠭᠡᠮᠵᠢ ᠶᠢᠨ ᠮᠡᠳᠡᠭᠡ ᠵᠠᠩᠬᠢ ᠶᠢᠨ ᠰᠢᠰᠲ᠋ᠧᠮ ᠢ ᠨᠡᠶᠢᠭᠡᠮ ᠲᠠᠶᠠᠭᠠᠷ ᠲᠤ ᠬᠠᠦᠯᠢ ᠶᠣᠰᠣᠭᠠᠷ ᠢᠯᠡ ᠨᠡᠶᠢᠳᠡᠯᠡᠨ᠎ᠠ᠃ ᠬᠠᠮᠳᠣᠷᠡᠨ ᠬᠠᠦᠯᠢ ᠭᠡᠷᠡᠭᠵᠢᠬᠦᠯᠬᠦ ᠲᠣᠠᠠᠳᠡᠴᠠ ᠶᠢ ᠪᠦᠷᠢᠨᠰᠢᠬᠦᠯᠵᠦ᠂ ᠬᠠᠦᠯᠢ ᠲᠣᠠᠠᠳᠠᠭᠠᠯ ᠠᠴᠠ ᠵᠦᠷᠢᠴᠡᠵᠦ ᠰᠣᠷᠭᠠᠭᠤᠯᠢ ᠡᠷᠬᠢᠯᠡᠭᠰᠡᠨ ᠦᠢᠯᠡ ᠠᠵᠢᠯᠯᠠᠭ᠎ᠠ ᠳᠤ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠥᠨ᠎ᠠ᠃ ᠬᠠᠮᠢᠶᠡᠷᠬᠤ ᠡᠷᠬᠢᠯᠡᠬᠦ ᠦᠨᠡᠯᠡᠬᠦ ᠰᠠᠯᠭᠠᠬᠤ ᠶᠢ ᠶᠡᠭᠡᠪᠡᠷ ᠠᠬᠢᠭᠤᠯᠵᠦ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠭᠤᠷᠪᠠᠳᠡᠬᠢ ᠡᠳᠡᠭᠡᠳ ᠤᠨ ᠶᠠᠰᠣ ᠴᠢᠨᠡᠷ ᠤᠨ ᠭᠡᠷᠡᠴᠢᠯᠡᠯ ᠪᠠ ᠦᠨᠡᠯᠡᠨ ᠵᠢᠱᠢᠬᠦ ᠳᠥᠷᠢᠮ ᠢ ᠪᠠᠶᠢᠭᠤᠯᠥᠨ᠎ᠠ᠃ ᠵᠠᠰᠠᠭ ᠵᠠᠬᠢᠷᠭᠠᠨ ᠤ ᠬᠠᠮᠢᠶᠡᠷᠦᠯᠳᠡ ᠶᠢᠨ ᠰᠠᠯᠠᠭ᠎ᠠ ᠮᠦᠴᠢᠷ ᠨᠢ ᠦᠨᠡᠯᠡᠨ ᠵᠢᠱᠢᠭᠰᠡᠨ ᠦᠷ᠎ᠠ ᠳ᠋ᠦᠡᠭ ᠢ ᠦᠨᠳᠣᠰᠣᠯᠡᠨ᠂ ᠰᠣᠷᠭᠠᠭᠤᠯᠢ ᠡᠷᠬᠢᠯᠡᠭᠰᠡᠨ ᠶᠠᠰᠣ ᠴᠢᠨᠡᠷ ᠨᠢ ᠬᠢᠷᠢ ᠳᠡᠩᠴᠡᠬᠦ ᠦᠭᠡᠢ ᠠᠷᠡᠳ ᠠᠴᠠ ᠡᠷᠬᠢᠯᠡᠭᠰᠡᠨ ᠰᠣᠷᠭᠠᠭᠤᠯᠢ ᠳᠤ ᠰᠡᠷᠡᠮᠵᠢᠯᠡᠬᠦᠯᠬᠦ᠂ ᠬᠤᠭᠤᠴᠠᠭ᠎ᠠ ᠬᠢᠵᠠᠭᠠᠷᠯᠡᠨ ᠴᠡᠭᠴᠡᠯᠡᠨ ᠰᠠᠶᠢᠵᠢᠷᠡᠭᠤᠯᠬᠤ ᠴᠢᠨ᠋ᠬᠠᠰᠢᠯᠠᠨ ᠰᠣᠷᠭᠠᠭᠤᠯᠢ ᠡᠷᠬᠢᠯᠡᠬᠦ ᠬᠢᠷᠢ ᠭᠡᠮ ᠢ ᠨᠢ ᠬᠦᠴᠣᠨ ᠦᠭᠡᠢ ᠪᠤᠯᠭᠠᠨ᠎ᠠ᠃      ᠨᠠᠢᠮᠠ᠂ ᠨᠠᠮ ᠤᠨ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠣᠳᠣᠷᠢᠳᠣᠯᠭ᠎ᠠ ᠶᠢ ᠦᠨᠡᠨᠬᠦ ᠴᠢᠩᠭᠠᠳᠬᠠᠨ᠎ᠠ      ︵ᠬᠤᠷᠢᠨ ᠭᠤᠷᠪᠡ︶ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠨᠠᠮ ᠤᠨ ᠪᠠᠶᠢᠭᠤᠯᠥᠯᠳᠡ ᠶᠢ ᠪᠦᠬᠦ ᠳᠡᠯ᠎ᠠ ᠪᠠᠷ ᠴᠢᠩᠭᠠᠳᠬᠠᠨ᠎ᠠ᠃ ︽︿ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠨᠠᠮ ᠤᠨ ᠪᠠᠶᠢᠭᠤᠯᠥᠯᠳᠡ ᠶᠢᠨ ᠠᠵᠢᠯ ᠢ ᠴᠢᠩᠭᠠᠳᠬᠠᠬᠤ ᠲᠣᠬᠠᠢ ᠰᠠᠨᠠᠯ ᠢ ᠬᠢᠨᠠᠮᠠᠭᠠᠢ ᠲᠣᠣᠱᠯᠠᠭᠤᠯᠥᠨ ᠨᠠᠶᠢᠳᠡᠪᠦᠷᠢᠵᠢᠭᠤᠯᠬᠤ ᠲᠣᠬᠠᠢ ︵ᠲᠣᠷᠰᠢᠨ ᠭᠡᠷᠡᠭᠵᠢᠬᠦᠯᠬᠦ︶﹀ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠳᠢᠩᠬᠢᠮ ᠤᠨ ᠮᠡᠳᠡᠭᠳᠡᠯ︾ ︵ᠳᠢᠩᠬᠢᠮ ᠲᠠᠷᠬᠠᠭᠠᠠᠠᠰᠠᠨ ﹇2017﹈ 13 ᠳ᠋ᠣᠭᠠᠷ ᠲᠣᠭᠠᠳᠣ︶᠎ ᠤᠨ ᠱᠠᠭᠠᠷᠳᠡᠯᠭ᠎ᠠ ᠶᠣᠰᠣᠭᠠᠷ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠨᠠᠮ ᠤᠨ ᠪᠠᠶᠢᠭᠤᠯᠥᠯᠳᠡ ᠶᠢ ᠪᠦᠬᠦ ᠳᠡᠯ᠎ᠠ ᠪᠠᠷ ᠴᠢᠩᠭᠠᠳᠬᠠᠨ᠎ᠠ᠃ ᠦᠵᠡᠯ ᠰᠠᠨᠠᠭ᠎ᠠ ᠣᠯᠥᠰ ᠳᠥᠷᠥ ᠶᠢᠨ ᠠᠵᠢᠯ ᠢ ᠰᠣᠷᠭᠠᠭᠤᠯᠢ ᠶᠢᠨ ᠠᠵᠢᠯ ᠦᠢᠯᠡᠰ ᠤᠨ ᠬᠦᠭᠵᠢᠯᠳᠡ ᠪᠠ ᠴᠢᠳᠡᠪᠦᠷᠢᠳᠡᠨ ᠤ ᠡᠩᠨᠡᠭᠡ ᠶᠢ ᠪᠤᠶᠢᠵᠢᠭᠤᠯᠬᠤ ᠳᠥᠯᠥᠪᠵᠢᠬᠦᠯᠬᠡ ᠳᠤ ᠣᠷᠣᠭᠤᠯᠵᠦ᠂ ᠲᠤᠮᠳᠠᠳᠣ ᠣᠯᠥᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠣᠨᠣᠯ ᠤᠨ ᠰᠢᠰᠲ᠋ᠧᠮᠵᠢ ᠶᠢ ᠵᠢᠭᠠᠬᠤ ᠮᠠᠲ᠋ᠧᠷᠢᠶᠡᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠳᠡᠷᠢᠬᠢ ᠲᠤᠯᠥᠭᠠᠢ ᠳᠤ ᠬᠠᠳᠡᠩᠰᠢᠭᠤᠯᠬᠤ ᠶᠢ ᠬᠦᠨᠵᠡᠭᠡᠢ ᠠᠬᠢᠭᠤᠯᠥᠨ᠂ ᠨᠡᠶᠢᠭᠡᠮ ᠵᠢᠷᠣᠮ ᠤᠨ ᠭᠤᠤᠯᠯᠬᠠᠴᠢ ᠦᠷᠲᠡᠭ ᠤᠨ ᠦᠵᠡᠯᠳᠡ ᠶᠢ ᠰᠣᠷᠭᠠᠨ ᠬᠦᠮᠦᠵᠢᠯ ᠵᠢᠭᠠᠨ ᠰᠣᠷᠭᠠᠯᠳᠡ ᠶᠢᠨ ᠪᠦᠬᠦ ᠶᠠᠪᠤᠴᠠ᠂ ᠪᠢᠴᠢᠭ ᠵᠢᠭᠠᠵᠦ ᠬᠦᠮᠦᠨ ᠬᠦᠮᠦᠵᠢᠬᠦᠯᠬᠦ ᠡᠯ᠎ᠠ ᠳᠡᠯ᠎ᠠ ᠳᠤ ᠠᠭᠤᠰᠣᠯᠴᠠᠭᠤᠯᠵᠦ᠂ ᠦᠷᠬᠡᠨ ᠣᠯᠡᠨ ᠪᠠᠭᠰᠢ ᠰᠣᠷᠣᠠᠠᠴᠢ ᠶᠢᠨ ᠲᠣᠮᠳᠠᠳᠣ ᠣᠯᠥᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠵᠠᠮ ᠤᠨ ᠢᠳᠡᠭᠡᠯ᠂ ᠣᠨᠣᠯ ᠤᠨ ᠢᠳᠡᠭᠡᠯ᠂ ᠳᠥᠷᠢᠮ ᠤᠨ ᠢᠳᠡᠭᠡᠯ᠂ ᠰᠣᠶᠣᠯ ᠤᠨ ᠢᠳᠡᠭᠡᠯ ᠢ ᠳᠠᠰᠣᠷᠡᠯᠳᠡ ᠦᠭᠡᠢ ᠴᠢᠩᠭᠠᠳᠬᠠᠨ᠂ ᠲᠣᠣᠷ ᠰᠦᠯᠵᠢᠶᠠᠨ ᠳᠠᠬᠢ ᠦᠵᠡᠯ ᠰᠠᠨᠠᠭ᠎ᠠ ᠣᠯᠥᠰ ᠳᠥᠷᠥ ᠶᠢᠨ ᠰᠣᠷᠭᠠᠨ ᠬᠦᠮᠦᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠬᠦᠳᠴᠥ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠦᠵᠡᠯ ᠰᠠᠨᠠᠭ᠎ᠠ ᠣᠯᠥᠰ ᠳᠥᠷᠥ ᠶᠢᠨ ᠰᠣᠷᠭᠠᠨ ᠬᠦᠮᠦᠵᠢᠯ ᠤᠨ ᠠᠵᠢᠯ ᠢ ᠦᠨᠡᠨᠬᠦ ᠴᠢᠩᠭᠠᠳᠬᠠᠨ᠎ᠠ᠃ ᠡᠯ᠎ᠠ ᠱᠠᠳᠣᠨ ᠤ ᠠᠷᠡᠳ ᠤᠨ ᠵᠠᠰᠠᠭ ᠤᠨ ᠣᠷᠳᠣᠨ ᠪᠣᠯ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠬᠠᠮᠢᠶᠡᠷᠦᠯᠳᠡ ᠶᠢᠨ ᠭᠤᠤᠯ ᠴᠣᠠᠠᠴᠠ ᠪᠤᠯᠥᠨ᠎ᠠ᠂ ᠣᠯᠥᠰ ᠪᠤᠯᠥᠨ ᠦᠪᠡᠷᠳᠡᠭᠡᠨ ᠵᠠᠰᠠᠬᠤ ᠣᠷᠣᠨ ᠤ ᠬᠤᠯᠪᠤᠠᠠᠳᠡᠯ ᠪᠦᠬᠦᠢ ᠵᠣᠷᠢᠭ ᠰᠠᠨᠠᠭ᠎ᠠ ᠶᠢ ᠦᠨᠳᠣᠰᠣᠯᠡᠵᠦ᠂ ᠪᠤᠳᠡᠳᠡᠢ ᠲᠠᠢ ᠪᠠᠨ ᠣᠶᠠᠯᠳᠣᠭᠤᠯᠥᠨ᠂ ᠪᠤᠳᠡᠳᠡᠢ ᠭᠡᠷᠡᠭᠵᠢᠬᠦᠯᠬᠦ ᠨᠠᠷᠢᠨ ᠳᠥᠷᠢᠮ ᠪᠤᠶᠤ ᠳᠡᠮᠵᠢᠬᠦ ᠳᠥᠷᠥ ᠶᠢᠨ ᠪᠤᠳᠣᠯᠭ᠎ᠠ ᠶᠢ ᠲᠣᠠᠠᠳᠠᠭᠠᠵᠦ᠂ ᠠᠷᠡᠳ ᠠᠴᠠ ᠡᠷᠬᠢᠯᠡᠭᠰᠡᠨ ᠰᠣᠷᠭᠠᠭᠤᠯᠢ ᠶᠢᠨ ᠡᠷᠡᠬᠦᠯ ᠢᠶᠠᠷ ᠵᠢᠷᠣᠮᠵᠢᠭᠤᠨ ᠬᠦᠭᠵᠢᠬᠦ ᠶᠢ ᠠᠬᠢᠭᠤᠯᠥᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号