ᠪᠠᠶᠢᠴᠠᠭᠠᠬᠤ ᠠᠵᠢᠯ ᠢ ᠢᠯᠡ ᠪᠠᠶᠢᠯᠭᠠᠬᠤ ᠶᠠᠪᠤᠳᠠᠯ ᠪᠣᠯ ᠪᠠᠶᠢᠴᠠᠭᠠᠬᠤ ᠪᠠᠶᠢᠭᠤᠯᠭ᠎ᠠ ᠶᠢᠨ ᠬᠠᠤᠯᠢ | ᠴᠠᠭᠠᠵᠠ ᠶᠢᠨ ᠪᠠᠶᠢᠭᠤᠯᠤᠯ ᠪᠣᠯᠣᠨ ᠠᠵᠢᠯ ᠤᠨ ᠲᠣᠭᠲᠠᠴᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠳᠥᠯᠭᠢᠨ ᠠᠬᠢᠭᠤᠯᠬᠤ ᠲᠤᠬᠠᠢ ᠲᠥᠪ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠢᠯᠡ ᠪᠠᠶᠢᠯᠭᠠᠬᠤ | ᠳᠦᠷᠢᠮ ᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠨᠡ ᠵᠢᠯ ᠠᠴᠠ | ᠨᠠᠰᠢ᠂ ᠮᠠᠨᠵᠤᠤᠷ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠨᠢ ᠢᠯᠠ ᠲᠣᠳᠣ ᠪᠠᠶᠢᠯᠭᠠᠬᠤ ᠶᠢ ᠪᠠᠶᠢᠴᠠᠭᠠᠬᠤ | ᠠᠵᠢᠯ ᠤᠨ ᠢᠶᠠᠨ ᠦᠨᠳᠦᠰᠦᠨ ᠵᠠᠷᠴᠢᠮ ᠪᠣᠯᠭᠠᠨ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠭᠰᠡᠨ ᠮᠡᠳᠡᠭᠡ | ᠵᠠᠩᠭᠢ ᠪᠠᠨ ᠢᠯᠡ ᠪᠠᠶᠢᠯᠭᠠᠬᠤ ᠪᠠᠷ ᠭᠤᠣᠯᠳᠠᠯᠭ᠎ᠠ ᠪᠣᠯᠭᠠᠨ ᠪᠠᠶᠢᠴᠠᠭᠠᠬᠤ ᠠᠵᠢᠯ ᠢᠶᠠᠨ ᠢᠯᠡ ᠪᠠᠶᠢᠯᠭᠠᠬᠤ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠬᠠᠤᠯᠢ | ᠴᠠᠭᠠᠵᠠ ᠶᠢᠨ ᠢᠲᠡᠭᠡᠭᠦᠯᠬᠦ ᠬᠦᠴᠦᠨ ᠪᠣᠯᠣᠨ ᠳᠣᠲᠣᠨᠣᠴᠢᠯᠠᠬᠤ ᠬᠦᠴᠦᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ ᠪᠠᠶᠢᠨ᠎ᠠ᠃ | ᠨᠢᠭᠡ ᠳᠤ ᠤᠯᠠᠨ ᠲᠠᠪᠴᠠᠩ ᠢᠶᠠᠷ ᠮᠡᠳᠡᠭᠡ ᠵᠠᠩᠭᠢ ᠶᠢᠨ ᠢᠶᠠᠨ ᠢᠯᠡ ᠪᠠᠶᠢᠯᠭᠠᠬᠤ ᠶᠢ ᠲᠦᠯᠬᠢᠨ ᠠᠬᠢᠭᠤᠯᠵᠤ | ᠪᠣᠢ᠃ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭ ᠤᠨ ᠮᠡᠳᠡᠭᠡ ᠵᠠᠩᠭᠢ ᠶᠢ ᠢᠯᠡ ᠪᠠᠶᠢᠯᠭᠠᠬᠤ | ᠰᠦᠯᠵᠢᠶ᠎ᠡ᠂ ᠬᠡᠷᠡᠭ ᠤᠨ ᠮᠡᠳᠡᠭᠡ ᠵᠠᠩᠭᠢ ᠶᠢ ᠢᠯᠡ ᠪᠠᠶᠢᠯᠭᠠᠬᠤ ᠸᠢᠴᠠᠲ ᠤᠨ ᠲᠠᠪᠴᠠᠩ᠂ ᠰᠦᠯᠵᠢᠶᠡᠨ ᠳᠡᠭᠡᠷᠡᠬᠢ | ᠪᠠᠶᠢᠴᠠᠭᠠᠬᠤ ᠬᠤᠷᠢᠶ᠎ᠠ ᠵᠡᠷᠭᠡ ᠪᠠᠷ ᠮᠡᠳᠡᠭᠡ ᠵᠠᠩᠭᠢ ᠶᠢ ᠢᠯᠡ ᠪᠠᠶᠢᠯᠭᠠᠬᠤ ᠭᠤᠣᠯ ᠵᠢᠭᠰᠠᠭᠠᠯ ᠤᠨ ᠭᠠᠵᠠᠷ ᠪᠣᠯᠭᠠᠵᠤ᠂ | ᠬᠡᠷᠡᠭ ᠤᠨ ᠳᠡᠰ ᠳᠠᠷᠠᠭᠠᠯᠠᠯ ᠤᠨ ᠴᠢᠨᠠᠷᠲᠠᠶ ᠮᠡᠳᠡᠭᠡ ᠵᠠᠩᠭᠢ᠂ ᠴᠢᠬᠤᠯᠠ ᠬᠡᠷᠡᠭ ᠤᠨ ᠮᠡᠳᠡᠭᠡ ᠵᠠᠩᠭᠢ ᠶᠢ ᠣᠯᠠᠨ | ᠲᠠᠪᠴᠠᠩ ᠳᠡᠭᠡᠷ᠎ᠡ ᠴᠠᠭ ᠲᠤᠬᠠᠶ ᠳᠤᠨᠢ ᠰᠢᠨᠡᠳᠬᠡᠨ ᠲᠠᠯᠪᠢᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠪᠢᠴᠢᠭ | ᠬᠠᠷ᠎ᠠ ᠶᠢ ᠴᠠᠭ ᠲᠤᠬᠠᠶ ᠳᠤᠨᠢ ᠢᠯᠡ ᠪᠣᠯᠭᠠᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠤ ᠬᠢᠨᠠᠯᠲᠠ ᠶᠢ | ᠬᠦᠯᠢᠶᠡᠬᠦ ᠪᠣᠯᠭᠠᠵᠠᠢ᠃ | ᠬᠤᠶᠠᠷ ᠲᠤ ᠮᠡᠳᠡᠭᠡ ᠵᠠᠩᠭᠢ ᠶᠢ ᠢᠯᠡ ᠪᠠᠶᠢᠯᠭᠠᠬᠤ ᠠᠵᠢᠯ ᠳᠠᠬᠢ ᠬᠢᠨᠠᠨ ᠪᠠᠶᠢᠴᠠᠭᠠᠯᠲᠠ ᠶᠢ ᠴᠢᠩᠭᠠᠳᠬᠠᠵᠤ | ᠪᠣᠢ᠃ ᠨᠢᠭᠡᠳᠦᠯᠲᠡᠶ ᠠᠵᠢᠯ ᠶᠠᠪᠤᠳᠠᠯ ᠤᠨ ᠬᠡᠷᠡᠭᠯᠡᠭᠡᠨ ᠤ ᠰᠢᠰᠲ᠋ᠧᠮ᠂ ᠬᠡᠷᠡᠭ ᠤᠨ ᠮᠡᠳᠡᠭᠡ ᠵᠠᠩᠭᠢ ᠶᠢ ᠢᠯᠡ | ᠪᠠᠶᠢᠯᠭᠠᠬᠤ ᠰᠢᠰᠲ᠋ᠧᠮ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢᠨ ᠰᠢᠰᠲ᠋ᠧᠮ ᠤᠨ ᠡᠯ᠎ᠡ | ᠲᠦᠷᠦᠯ ᠤᠨ ᠬᠡᠷᠡᠭ ᠤᠨ ᠮᠡᠳᠡᠭᠡ ᠵᠠᠩᠭᠢ ᠶᠢ ᠡᠳᠦᠷ ᠪᠦᠷᠢ ᠰᠤᠩᠭᠤᠨ ᠠᠪᠴᠤ᠂ ᠬᠤᠷᠢᠶᠠᠩᠭᠤᠶᠢᠯᠠᠵᠦ ᠰᠢᠨᠡᠳᠬᠡᠵᠡᠢ᠂ | ᠨᠢᠭᠡᠨᠲᠡ ᠢᠯᠡ ᠪᠣᠯᠭᠠᠭᠰᠠᠨ᠂ ᠢᠯᠡ ᠪᠣᠯᠭᠠᠭᠠᠳᠤᠢ ᠬᠡᠷᠡᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠪᠦᠬᠦ ᠲᠠᠯ᠎ᠠ | ᠪᠠᠷ ᠡᠵᠡᠮᠰᠢᠬᠦ ᠶᠢ ᠪᠡᠶᠡᠯᠡᠭᠦᠯᠪᠡ᠃ ᠡᠭᠦᠨ ᠤ ᠬᠠᠮᠲᠤ ᠢᠯᠡ ᠪᠣᠯᠭᠠᠬᠤ ᠬᠡᠯᠪᠡᠷᠢ ᠨᠢ ᠵᠢᠷᠤᠮᠵᠢᠭᠤᠯᠤᠨ ᠪᠣᠰᠤ᠂ ᠢᠯᠡ | ᠪᠣᠯᠭᠠᠭᠰᠠᠨ ᠠᠭᠤᠯᠭ᠎ᠠ ᠨᠢ ᠪᠦᠷᠢᠨ ᠪᠣᠰᠤ ᠪᠠᠶᠢᠬᠤ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠡᠵᠡᠮᠳᠡᠬᠦ ᠪᠠᠨ | ᠴᠢᠩᠭᠠᠳᠬᠠᠵᠤ᠂ ᠡᠳᠦᠷ ᠪᠦᠷᠢ ᠰᠢᠮᠳᠠᠭᠤᠯᠬᠤ ᠪᠠ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠬᠤ ᠠᠷᠭ᠎ᠠ ᠪᠠᠷ | ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠳ ᠬᠡᠷᠡᠭ ᠤᠨ ᠮᠡᠳᠡᠭᠡ ᠵᠠᠩᠭᠢ ᠶᠢ ᠴᠠᠭ | ᠲᠤᠬᠠᠶ ᠳᠤᠨᠢ ᠢᠯᠡ ᠪᠣᠯᠭᠠᠬᠤ ᠪᠠ ᠨᠢᠭᠡᠨᠲᠡ ᠢᠯᠡ ᠪᠣᠯᠭᠠᠭᠰᠠᠨ ᠬᠡᠷᠡᠭ ᠤᠨ ᠮᠡᠳᠡᠭᠡ ᠵᠠᠩᠭᠢ ᠨᠢ ᠵᠥᠪ ᠣᠨᠣᠪᠴᠢᠲᠠᠢ᠂ | ᠵᠢᠷᠤᠮᠵᠢᠯ ᠲᠠᠢ ᠪᠠᠶᠢᠯᠭᠠᠬᠤ ᠳᠤ ᠬᠢᠨᠠᠯᠲᠠ ᠲᠠᠯᠪᠢᠵᠠᠢ᠃ | ᠭᠤᠷᠪᠠ ᠳᠤ ᠰᠠᠷ᠎ᠠ ᠪᠦᠷᠢ ︽ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠤᠨ ᠲᠤᠬᠠᠶ | ᠮᠡᠳᠡᠭᠡᠯᠡᠯ︾ ᠢ ᠨᠠᠶᠢᠷᠠᠭᠤᠯᠤᠨ ᠲᠠᠷᠬᠠᠭᠠᠵᠠᠢ᠃ ᠨᠡᠷ᠎ᠡ ᠶᠢ ᠨᠢ ᠳᠤᠷᠠᠳᠪᠠᠯ ᠬᠥᠮᠦᠨ ᠨᠢ ᠪᠠᠶᠢᠬᠤ ᠪᠦᠭᠡᠳ ᠡᠨᠡᠬᠦ | ᠠᠵᠢᠯ ᠢ ᠬᠠᠤᠯᠢ ᠬᠡᠷᠡᠭᠵᠢᠭᠦᠯᠬᠦ ᠳᠠᠩᠰᠠ ᠡᠪᠬᠡᠮᠡᠯ ᠪᠣᠯᠣᠨ ᠠᠵᠢᠯ ᠤᠨ ᠠᠮᠵᠢᠯᠲᠠ ᠪᠦᠲᠦᠮᠵᠢ ᠯᠦᠭᠡ | ᠬᠤᠯᠪᠣᠭᠳᠠᠭᠤᠯᠵᠤ᠂ ᠢᠯᠡ ᠪᠣᠯᠭᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠴᠢᠬᠤᠯᠠ ᠴᠢᠨᠠᠷ ᠢ | ᠴᠢᠩᠭᠠᠷᠠᠭᠤᠯᠵᠠᠢ᠃ | ᠲᠦᠷᠪᠡ ᠳᠤ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠬᠠᠷᠢᠭᠤ | ᠲᠤᠰᠬᠠᠵᠠᠢ᠃ ᠲᠤᠬᠠᠶ ᠶᠢᠨ ᠬᠥᠮᠦᠨ᠂ ᠬᠠᠤᠯᠢᠴᠢ ᠵᠡᠷᠭᠡ ᠬᠤᠯᠪᠣᠭᠳᠠᠯ ᠪᠦᠬᠦᠢ ᠪᠦᠯᠬᠦᠮ ᠨᠡᠶᠢᠲᠡ ᠶᠢᠨ ᠮᠡᠳᠡᠭᠡ | ᠵᠠᠩᠭᠢ ᠶᠢ ᠢᠯᠡ ᠪᠣᠯᠭᠠᠬᠤ ᠲᠠᠪᠴᠠᠩ ᠳᠡᠭᠡᠷ᠎ᠡ ᠤᠷᠢᠳᠴᠢᠯᠠᠨ ᠪᠣᠯᠵᠣᠬᠤ᠂ ᠠᠰᠠᠭᠤᠨ ᠯᠠᠪᠯᠠᠵᠤ ᠦᠭᠡ ᠥᠯᠡᠳᠡᠭᠡᠵᠦ | ᠪᠣᠯᠬᠤ ᠪᠣᠯᠭᠠᠵᠤ᠂ ᠴᠠᠭ ᠲᠤᠬᠠᠶ ᠳᠤᠨᠢ ᠪᠠᠶᠢᠴᠠᠭᠠᠨ ᠦᠵᠡᠵᠦ ᠬᠠᠷᠢᠭᠤᠯᠲᠠ ᠥᠭᠬᠦ ᠶᠢᠨ ᠬᠠᠮᠲᠤ ᠬᠤᠯᠪᠣᠭᠳᠠᠯ | ᠪᠦᠬᠦᠢ ᠵᠠᠯᠭᠠᠮᠵᠢ ᠠᠵᠢᠯ ᠢ ᠰᠠᠶᠢᠲᠤᠷ ᠬᠢᠬᠦ ᠪᠣᠯᠵᠠᠢ︔ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠨᠥᠯᠥᠭᠡ | ᠶᠡᠬᠡᠲᠡᠶ ᠬᠡᠷᠡᠭ ᠲᠤ ᠪᠣᠯ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠠᠢ ᠴᠠᠭ | ᠲᠤᠬᠠᠶ ᠳᠤᠨᠢ ᠬᠠᠮᠲᠤᠷᠠᠬᠤ ᠪᠤᠶᠤ ᠰᠢᠮᠳᠠᠭᠤᠯᠵᠤ ᠪᠠᠶᠢᠭᠠᠳ ᠮᠡᠳᠡᠭᠡ ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠵᠦ᠂ | ᠪᠠᠶᠢᠴᠠᠭᠠᠬᠤ ᠠᠵᠢᠯ ᠳᠤ ᠬᠤᠯᠪᠣᠭᠳᠠᠭᠰᠠᠨ ᠶᠠᠷᠢᠶ᠎ᠠ ᠬᠡᠯᠡᠯᠴᠡᠭᠡ ᠭᠠᠷᠬᠤ ᠥᠭᠡᠢ ᠪᠠᠶᠢᠬᠤ ᠶᠢ ᠦᠨᠡᠨᠬᠦ ᠪᠠᠲᠤᠯᠠᠵᠠᠢ᠃ |