内蒙古自治区政府门户网站
 
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ︵ᠲᠤᠷᠰᠢᠨ ᠬᠡᠷᠡᠭᠵᠢᠭᠦᠯᠬᠦ︶᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2018-05-23
      2018 ᠣᠨ ᠤ 3 ᠳ᠋ᠤᠭᠠᠷ ᠰᠠᠷ᠎ᠠ ᠶᠢᠨ 12᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠲᠠᠷᠬᠠᠭᠠᠭᠰᠠᠨ  ﹇2018﹈ 11 ᠳ᠋ᠦ᠋ᠭᠡᠷ ᠲᠣᠭᠠᠲᠤ︶᠎ ᠎ ᠶᠢ ᠳᠠᠷᠤᠮᠠᠯᠯᠠᠨ ᠲᠠᠷᠬᠠᠭᠠᠪᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ᠬᠤᠷᠢᠭ᠎ᠠ ᠴᠠᠭᠠᠵᠠ ᠎ ᠲᠠᠢ ᠵᠦᠢᠯᠡᠰ ᠤᠨ ᠨᠠᠷᠢᠨ ᠬᠠᠭᠤᠳᠠᠰᠤ  ︵ᠲᠤᠷᠰᠢᠨ ᠬᠡᠷᠡᠭᠵᠢᠭᠦᠯᠬᠦ︶︾᠎ ᠶᠢᠨ ᠲᠤᠬᠠᠢ ᠲᠠᠶᠢᠯᠤᠮᠵᠢ ᠬᠢᠭᠰᠡᠨ ᠪᠠᠶᠢᠨ᠎ᠠ᠃      ᠨᠢᠭᠡ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ ᠨᠢ ᠶᠠᠮᠠᠷ ᠪᠣᠢ︖      ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠬᠡᠷᠡᠭᠵᠢᠭᠦᠯᠬᠦ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ︽ᠬᠥᠲᠥᠯᠪᠦᠷᠢ︾᠎ ᠳᠤ ᠲᠣᠳᠣᠷᠬᠠᠶᠢᠯᠠᠭᠰᠠᠨ ᠭᠤᠣᠯ ᠴᠣᠭᠴᠠᠲᠤ ᠴᠢᠳᠠᠮᠵᠢ ᠶᠢᠨ ᠣᠷᠣᠨ ᠤ ᠪᠠᠶᠢᠭᠤᠯᠤᠯᠲᠠ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ ᠭᠡᠵᠦ ᠳᠤᠷᠠᠳᠴᠤ᠂ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠬᠦᠷᠵᠢᠭᠰᠡᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢ ᠱᠠᠭᠠᠷᠳᠠᠵᠠᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠠᠮᠢ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠂ ᠠᠮᠢ ᠠᠬᠤᠢ ᠶᠢᠨ ᠦᠢᠯᠡᠴᠢᠯᠡᠭᠡ ᠶᠢᠨ ᠴᠢᠳᠠᠮᠵᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠢ ᠪᠠᠷ ᠬᠥᠲᠥᠯᠥᠨ ᠵᠢᠯᠣᠭᠤᠳᠬᠤ ᠪᠠ ᠬᠢᠵᠠᠭᠠᠷᠯᠠᠬᠤ ᠶᠢᠨ ᠲᠤᠰᠠᠳᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠳᠦᠷᠢᠮ ᠢ ᠪᠠᠶᠢᠭᠤᠯᠬᠤ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠲᠥᠯᠥᠪᠵᠢᠭᠦᠯᠭᠡ  ﹇2015﹈ 1760 ᠳ᠋ᠤᠭᠠᠷ ᠲᠣᠭᠠᠲᠤ︶ ᠪᠠ ︽︿ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠲᠠᠯ᠎ᠠ ᠪᠠᠷ ᠬᠢ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢᠨ ᠬᠡᠷᠡᠭᠵᠢᠭᠦᠯᠬᠦ ᠠᠷᠭ᠎ᠠ﹀᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠲᠥᠯᠥᠪᠵᠢᠭᠦᠯᠭᠡ  ﹇2016﹈ 2205 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠨ ᠨᠡᠶᠢᠲᠡᠯᠡᠭᠰᠡᠨ ᠪᠠᠶᠢᠨ᠎ᠠ᠃      ᠬᠤᠶᠠᠷ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠡᠷᠡᠭᠯᠡᠭᠳᠡᠬᠦ ᠬᠡᠪᠴᠢᠶ᠎ᠡ ᠨᠢ ᠶᠠᠭᠤ ᠪᠣᠢ︖      ᠤᠯᠤᠰ ᠤᠨ ᠮᠡᠷᠭᠡᠵᠢᠯ ᠤᠨ ᠵᠢᠷᠤᠮᠵᠢᠯ ᠢ ᠨᠢᠭᠡᠳᠦᠭᠦᠯᠬᠦ ᠱᠠᠭᠠᠷᠳᠠᠯᠭ᠎ᠠ ᠶᠢ ᠦᠨᠳᠦᠰᠦᠯᠡᠵᠦ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠢ ᠬᠤᠰᠢᠭᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢᠶᠠᠷ ᠨᠢᠭᠡᠴᠢ ᠪᠣᠯᠭᠠᠨ ᠨᠠᠶᠢᠷᠠᠭᠤᠯᠤᠨ ᠵᠣᠬᠢᠶᠠᠵᠤ᠂ ᠮᠠᠨ ᠤ ᠣᠷᠣᠨ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ 43 ᠬᠤᠰᠢᠭᠤ ᠰᠢᠶᠠᠨ ︵ᠬᠤᠲᠠ︶᠎ ᠤ ᠵᠠᠰᠠᠭ ᠵᠠᠬᠢᠷᠭᠠᠨ ᠤ ᠣᠷᠣᠨ ᠤ ᠪᠦᠬᠦ ᠬᠡᠪᠴᠢᠶᠡᠨ ᠳᠤ ᠬᠡᠷᠡᠭᠯᠡᠭᠳᠡᠪᠡᠴᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠳᠡᠯᠡᠬᠡᠢ ᠶᠢᠨ ᠰᠣᠶᠣᠯ ᠪᠠᠶᠢᠭᠠᠯᠢ ᠶᠢᠨ ᠥᠪ ᠬᠥᠷᠥᠩᠭᠡ᠂ ᠦᠵᠡᠮᠵᠢᠲᠦ ᠨᠡᠷᠡᠲᠦ ᠣᠷᠣᠨ᠂ ᠰᠢᠭᠤᠶᠢᠲᠤ ᠴᠡᠴᠡᠷᠯᠢᠭ᠂ ᠭᠠᠵᠠᠷ ᠰᠢᠨᠵᠢᠯᠡᠭᠡᠨ ᠤ ᠴᠡᠴᠡᠷᠯᠢᠭ᠂ ᠤᠤᠭᠤᠬᠤ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠡᠷᠭᠡ ᠤᠯᠤᠰ ᠲᠤ ᠲᠣᠳᠣᠷᠬᠠᠢ ᠬᠠᠤᠯᠢ ᠴᠠᠭᠠᠵᠠ ᠬᠠᠤᠯᠢ ᠲᠣᠭᠲᠠᠭᠠᠯ ᠲᠠᠢ ᠠᠯᠪᠠᠳᠠᠯᠭ᠎ᠠ ᠶᠢᠨ ᠴᠢᠨᠠᠷᠲᠠᠢ ᠪᠠᠷ ᠬᠠᠮᠠᠭᠠᠯᠠᠵᠤ ᠪᠠᠶᠢᠭ᠎ᠠ ᠣᠷᠣᠨ ᠪᠦᠰᠡ ᠶᠢ ᠪᠠᠭᠲᠠᠭᠠᠬᠤ ᠦᠭᠡᠢ᠃      ᠭᠤᠷᠪᠠ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤᠨ ᠤ ᠦᠨᠳᠦᠰᠦᠨ ᠵᠠᠷᠴᠢᠮ ᠨᠢ ᠶᠠᠭᠤ ᠪᠣᠢ︖      ᠶᠡᠷᠦᠩᠬᠡᠢ ᠪᠣᠳᠣᠯᠬᠢᠯᠠᠯ ᠨᠢ ᠳᠠᠷᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ  ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠪᠠ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠵᠢᠮ᠎ᠡ ᠶᠣᠰᠣ ᠪᠠ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠨ᠂ ᠮᠠᠨ ᠤ ᠣᠷᠣᠨ ᠤ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠭᠠᠯᠢ ᠶᠢᠨ ᠲᠥᠯᠥᠪ ᠪᠠᠶᠢᠳᠠᠯ ᠳᠤ ᠰᠠᠭᠤᠷᠢᠯᠠᠵᠤ᠂ ᠭᠤᠣᠯ ᠴᠣᠭᠴᠠᠲᠤ ᠴᠢᠳᠠᠮᠵᠢ ᠶᠢᠨ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠷᠣᠨ ᠵᠠᠢ ᠶᠢᠨ ᠪᠠᠶᠢᠷᠢᠯᠠᠭᠤᠯᠤᠯᠲᠠ᠂ ᠠᠵᠤ ᠦᠢᠯᠡᠰ ᠤᠨ ᠪᠦᠲᠦᠴᠡ ᠪᠠ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠡᠭᠦᠨ ᠳᠤ ᠳᠣᠣᠷᠠᠬᠢ ᠳᠥᠷᠪᠡᠨ ᠲᠠᠯ᠎ᠠ ᠶᠢᠨ ᠵᠠᠷᠴᠢᠮ ᠢ ᠴᠢᠬᠤᠯᠠᠴᠢᠯᠠᠨ ᠡᠵᠡᠮᠳᠡᠬᠦ ᠬᠡᠷᠡᠭᠲᠡᠢ᠄      ᠨᠢᠭᠡ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠮᠠᠨ ᠤ ᠣᠷᠣᠨ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠣᠷᠣᠭᠰᠠᠨ 43 ᠬᠤᠰᠢᠭᠤ ᠰᠢᠶᠠᠨ ︵ᠬᠤᠲᠠ︶ ᠎ ᠨᠢ ᠪᠦᠷ ᠠᠮᠢ ᠠᠬᠤᠢ ᠶᠢᠨ ᠰᠢᠰᠲ᠋ᠧᠮ ᠢᠶᠠᠷ ᠬᠡᠪᠡᠷᠡᠭ ᠪᠤᠶᠤ ᠠᠮᠢ ᠠᠬᠤᠢ ᠶᠢᠨ ᠴᠢᠳᠠᠮᠵᠢ ᠪᠠᠷ ᠴᠢᠬᠤᠯᠠ ᠪᠦᠬᠦᠢ ᠣᠷᠣᠨ ᠪᠦᠰᠡ ᠪᠣᠯᠬᠤᠷ᠂ ᠠᠵᠤ ᠦᠢᠯᠡᠳᠪᠦᠷᠢᠵᠢᠭᠰᠡᠨ ᠬᠤᠲᠠ ᠪᠠᠯᠭᠠᠰᠤᠴᠢᠯᠠᠭᠰᠠᠨ ᠶᠡᠭᠡ ᠬᠡᠪᠴᠢᠶᠡᠲᠡᠢ᠂ ᠬᠦᠴᠦᠯᠡᠴᠡ ᠪᠠᠷ ᠴᠢᠩᠭ᠎ᠠ ᠨᠡᠭᠡᠭᠡᠨ ᠬᠥᠭᠵᠢᠭᠦᠯᠦᠯᠲᠡ ᠬᠢᠬᠦ ᠶᠢ ᠬᠢᠵᠠᠭᠠᠷᠯᠠᠨ᠎ᠠ᠃ ᠪᠢᠳᠡ ᠠᠮᠢ ᠠᠬᠤᠢ ᠶᠢ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠤᠯᠤᠰ ᠤᠨ ᠭᠤᠣᠯᠳᠠᠯᠭ᠎ᠠ ᠎ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠨᠢ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠥᠭᠵᠢᠭᠦᠯᠦᠨ ᠰᠡᠷᠭᠦᠭᠡᠬᠦ᠂ ᠠᠮᠢ ᠠᠬᠤᠢ ᠶᠢᠨ ᠪᠦᠲᠦᠭᠡᠭᠳᠡᠬᠦᠨ ᠢ ᠬᠠᠩᠭᠠᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠲᠣᠪᠣᠶᠢᠯᠭᠠᠵᠤ᠂ ᠠᠮᠢ ᠠᠬᠤᠢ ᠶᠢᠨ ᠠᠮᠤᠷ ᠲᠦᠪᠰᠢᠨ ᠢ ᠴᠢᠩᠭ᠎ᠠ ᠬᠠᠮᠠᠭᠠᠯᠠᠭᠰᠠᠨ ᠤᠷᠢᠳᠠᠯ ᠳᠣᠣᠷ᠎ᠠ᠂ ᠭᠤᠣᠯ ᠴᠣᠭᠴᠠᠲᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠥᠯᠥ ᠨᠥᠯᠥᠭᠡᠯᠡᠬᠦ ᠲᠣᠬᠢᠷᠠᠮᠵᠢᠲᠠᠢ ᠠᠵᠤ ᠦᠢᠯᠡᠰ ᠢ ᠡᠷᠴᠢᠮᠲᠡᠢ ᠪᠦᠲᠦᠮᠵᠢᠲᠡᠢ ᠡᠮᠬᠢ ᠵᠢᠷᠤᠮ ᠲᠠᠢ ᠪᠠᠷ ᠬᠥᠭᠵᠢᠭᠦᠯᠦᠨ᠎ᠡ᠃      ᠬᠤᠶᠠᠷ ᠲᠤ᠂ ᠡᠷᠡᠰ ᠴᠢᠩᠭ᠎ᠠ ᠪᠠᠷ ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠱᠠᠭᠠᠷᠳᠠᠯᠭ᠎ᠠ ᠶᠢ ᠦᠨᠳᠦᠰᠦᠯᠡᠵᠦ᠂ ᠪᠦᠬᠦ ᠣᠷᠣᠨ ᠤ ᠡᠬᠢ ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠶᠢ ᠲᠤᠷᠰᠢᠵᠤ ᠰᠢᠯᠭᠠᠨ ᠦᠨᠡᠯᠡᠬᠦ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ ᠮᠠᠨ ᠤ ᠣᠷᠣᠨ ᠤ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠠᠬᠢ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠴᠢᠩᠭ᠎ᠠ ᠬᠠᠮᠢᠶᠠᠷᠤᠨ᠎ᠠ᠃ ᠶᠡᠷᠦᠩᠬᠡᠢ ᠳᠤ ᠨᠢ ᠠᠪᠴᠤ ᠦᠵᠡᠪᠡᠯ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠨᠢ ᠭᠤᠣᠯᠳᠠᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠣᠳᠣ ᠶᠢᠨ ᠪᠠᠶᠢᠭ᠎ᠠ ᠪᠠ ᠲᠥᠯᠥᠪᠵᠢᠭᠦᠯᠦᠭᠰᠡᠨ ᠠᠵᠤ ᠦᠢᠯᠡᠰ ᠲᠤ ᠪᠦᠷ ᠴᠢᠩᠭ᠎ᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤᠷᠠᠳᠴᠤ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠬᠠᠮᠢᠶᠠᠷᠤᠨ ᠡᠵᠡᠮᠳᠡᠬᠦ ᠬᠢᠵᠠᠭᠠᠷᠯᠠᠯ ᠠᠴᠠ ᠴᠤ ᠴᠢᠩᠭ᠎ᠠ ᠪᠠᠶᠢᠯᠭᠠᠪᠠ᠃      ᠭᠤᠷᠪᠠ ᠳᠤ᠂ ᠵᠥᠷᠢᠶᠡᠲᠡᠢ ᠪᠠᠷ ᠬᠠᠮᠢᠶᠠᠷᠤᠨ ᠡᠵᠡᠮᠳᠡᠬᠦ ᠶᠢ ᠲᠣᠪᠣᠶᠢᠯᠭᠠᠨ᠎ᠠ᠃ ᠮᠠᠨ ᠤ ᠣᠷᠣᠨ ᠤ ᠤᠰᠤᠨ ᠰᠤᠷᠪᠤᠯᠵᠢ ᠶᠢ ᠬᠠᠳᠠᠭᠠᠯᠠᠬᠤ᠂ ᠤᠰᠤ ᠰᠢᠷᠣᠢ ᠶᠢ ᠪᠠᠲᠤᠯᠠᠬᠤ ᠪᠠ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠠᠳᠠᠯᠢ ᠪᠤᠰᠤ ᠲᠥᠷᠥᠯ ᠬᠡᠯᠪᠡᠷᠢ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠣᠨᠴᠠᠯᠢᠭ ᠬᠢᠭᠡᠳ ᠬᠠᠮᠠᠭᠠᠯᠠᠯᠲᠠ ᠶᠢᠨ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠡᠯ᠎ᠡ ᠬᠤᠰᠢᠭᠤ ᠰᠢᠶᠠᠨ ︵ᠬᠤᠲᠠ︶᠎ ᠤ ᠡᠬᠢ ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠶᠢ ᠲᠤᠷᠰᠢᠵᠤ ᠰᠢᠯᠭᠠᠨ ᠦᠨᠡᠯᠡᠭᠰᠡᠨ ᠪᠠᠶᠢᠳᠠᠯ ᠪᠠ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠤᠨ ᠤᠭ ᠰᠤᠷᠪᠤᠯᠵᠢ ᠬᠢᠭᠡᠳ ᠠᠵᠤ ᠦᠢᠯᠡᠰ ᠤᠨ ᠬᠠᠷᠢᠴᠠᠩᠭᠤᠢ ᠳᠠᠪᠠᠭᠤᠯᠢᠭ ᠵᠡᠷᠭᠡ ᠬᠦᠴᠦᠨ ᠵᠦᠢᠯ ᠢ ᠦᠨᠳᠦᠰᠦᠯᠡᠵᠦ᠂ ᠠᠳᠠᠯᠢ ᠪᠤᠰᠤ ᠣᠷᠣᠨ ᠪᠦᠰᠡ ᠳᠤ ᠬᠥᠭᠵᠢᠭᠦᠯᠬᠦ ᠳᠤ ᠲᠣᠬᠢᠷᠠᠮᠵᠢᠲᠠᠢ ᠠᠵᠤ ᠦᠢᠯᠡᠰ ᠤᠨ ᠲᠥᠷᠥᠯ ᠬᠡᠯᠪᠡᠷᠢ ᠪᠠ ᠠᠳᠠᠯᠢ ᠪᠤᠰᠤ ᠠᠵᠤ ᠦᠢᠯᠡᠰ ᠲᠤ ᠲᠣᠬᠢᠲᠠᠢ ᠬᠡᠷᠡᠭᠯᠡᠭᠳᠡᠬᠦ ᠣᠷᠣᠨ ᠪᠦᠰᠡ ᠶᠢᠨ ᠬᠡᠪᠴᠢᠶ᠎ᠡ ᠶᠢ ᠢᠯᠭᠠᠭ᠎ᠠ ᠲᠠᠢ ᠪᠠᠷ ᠲᠣᠳᠣᠷᠬᠠᠶᠢᠯᠠᠵᠤ᠂ ᠲᠥᠷᠥᠯ ᠬᠤᠪᠢᠶᠠᠨ ᠵᠢᠯᠣᠭᠤᠳᠬᠤ ᠪᠠ ᠨᠠᠷᠢᠯᠢᠭᠵᠢᠭᠤᠯᠤᠨ ᠬᠠᠮᠢᠶᠠᠷᠴᠤ ᠡᠵᠡᠮᠳᠡᠬᠦᠶᠢᠴᠡ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠪᠦᠷᠢᠯᠳᠦᠭᠦᠯᠵᠦ᠂ ︽ᠨᠢᠭᠡ ᠯᠡ ᠠᠳᠠᠯᠢ︾ ᠪᠣᠯᠭᠠᠬᠤ ᠠᠴᠠ ᠵᠠᠶᠢᠯᠠᠰᠬᠢᠨ᠎ᠡ᠃      ᠳᠥᠷᠪᠡ ᠳᠤ᠂ ᠵᠣᠯᠭᠠᠯᠳᠤᠭᠤᠯᠤᠨ ᠵᠣᠬᠢᠴᠠᠭᠤᠯᠬᠤ ᠶᠢ ᠴᠢᠬᠤᠯᠠᠴᠢᠯᠠᠨ᠎ᠠ᠃ ᠠᠳᠠᠯᠢ ᠨᠢᠭᠡᠨ ᠭᠤᠣᠯᠳᠠᠯᠭ᠎ᠠ ᠎ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ ᠳᠣᠲᠣᠷᠠᠬᠢ ᠬᠤᠰᠢᠭᠤ ᠰᠢᠶᠠᠨ ︵ᠬᠤᠲᠠ︶᠎ ᠤ ᠬᠤᠭᠤᠷᠣᠨᠳᠤ᠂ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠤᠨ ᠤᠭ ᠰᠤᠷᠪᠤᠯᠵᠢ ᠶᠢᠨ ᠨᠥᠬᠦᠴᠡᠯ ᠢᠶᠠᠷ ᠣᠶᠢᠷᠠᠯᠴᠠᠭ᠎ᠠ ᠣᠷᠣᠨ ᠪᠦᠰᠡ ᠶᠢᠨ ᠬᠤᠭᠤᠷᠣᠨᠳᠤᠬᠢ ᠨᠢᠭᠡᠳᠦᠯᠲᠡᠢ ᠲᠥᠯᠥᠪᠵᠢᠭᠦᠯᠦᠨ ᠵᠣᠯᠭᠠᠯᠳᠤᠭᠤᠯᠬᠤ ᠪᠠᠨ ᠴᠢᠩᠭᠠᠳᠬᠠᠨ᠎ᠠ᠃ ᠶᠡᠷᠦᠩᠬᠡᠢ ᠳᠤ ᠨᠢ ᠡᠵᠡᠮᠳᠡᠬᠦ ᠵᠦᠢᠯ ᠭᠡᠪᠡᠯ᠂ ᠠᠳᠠᠯᠢ ᠨᠢᠭᠡᠨ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ ᠬᠤᠰᠢᠭᠤ ᠰᠢᠶᠠᠨ ︵ᠬᠤᠲᠠ︶᠎ ᠳᠤ ᠠᠳᠠᠯᠢᠬᠠᠨ ᠠᠵᠤ ᠦᠢᠯᠡᠰ ᠢ ᠵᠥᠪᠰᠢᠶᠡᠷᠡᠨ ᠣᠷᠣᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠵᠣᠬᠢᠴᠠᠯᠳᠤ ᠴᠢᠨᠠᠷ ᠪᠠ ᠨᠢᠭᠡᠳᠦᠯᠲᠦ ᠴᠢᠨᠠᠷ ᠢ ᠪᠠᠲᠤᠯᠠᠵᠤ᠂ ᠬᠠᠷᠢᠯᠴᠠᠨ ᠵᠥᠷᠢᠴᠡᠯ ᠮᠥᠷᠭᠦᠯᠳᠦᠭᠡᠨ ᠡᠭᠦᠰᠬᠦ ᠠᠴᠠ ᠵᠠᠶᠢᠯᠠᠰᠬᠢᠨ᠎ᠡ᠃      ᠳᠥᠷᠪᠡ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠭᠤᠣᠯ ᠠᠭᠤᠯᠭ᠎ᠠ ᠨᠢ ᠶᠠᠭᠤ ᠪᠣᠢ︖      ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠢ ᠬᠤᠰᠢᠭᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢᠶᠠᠷ ᠨᠢᠭᠡᠴᠢ ᠪᠣᠯᠭᠠᠨ ᠨᠠᠶᠢᠷᠠᠭᠤᠯᠤᠨ ᠵᠣᠬᠢᠶᠠᠵᠤ᠂ ᠤᠯᠤᠰ ᠤᠨ ᠭᠤᠣᠯᠳᠠᠭ᠎ᠠ ᠎ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ 43 ᠬᠤᠰᠢᠭᠤ ᠰᠢᠶᠠᠨ ᠳᠤ ᠬᠠᠮᠤᠷᠤᠭᠤᠯᠤᠨ᠎ᠠ᠃ ᠡᠯ᠎ᠡ ᠬᠤᠰᠢᠭᠤ ᠰᠢᠶᠠᠨ ︵ᠬᠤᠲᠠ︶᠎ ᠤ ᠪᠠᠶᠢᠭ᠎ᠠ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ ᠬᠥᠭᠵᠢᠯᠲᠡ ᠶᠢᠨ ᠬᠠᠨᠳᠤᠰᠢ ᠪᠠ ᠬᠠᠮᠢᠶᠠᠷᠤᠯᠲᠠ ᠶᠢᠨ ᠵᠠᠷᠴᠢᠮ ᠢ ᠦᠨᠳᠦᠰᠦᠯᠡᠵᠦ᠂ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠭᠠᠳᠤ ᠳᠠᠬᠢ ᠦᠷᠭᠦᠯᠵᠢᠯᠡᠨ ᠬᠥᠭᠵᠢᠭᠦᠯᠬᠦ ᠳᠤ ᠲᠣᠬᠢᠷᠠᠬᠤ ᠦᠭᠡᠢ ᠠᠵᠤ ᠦᠢᠯᠡᠰ ᠢ ᠬᠢᠵᠠᠭᠠᠷᠯᠠᠬᠤ ᠲᠥᠷᠥᠯ ᠪᠤᠶᠤ ᠴᠠᠭᠠᠵᠠᠯᠠᠬᠤ ᠲᠥᠷᠥᠯ ᠳᠤ ᠰᠠᠯᠭᠠᠨ ᠬᠤᠪᠢᠶᠠᠷᠢᠯᠠᠵᠤ᠂ ᠠᠳᠠᠯᠢ ᠪᠤᠰᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠠᠷᠠᠭᠠᠯᠵᠠᠭᠤᠯᠤᠨ ᠳᠤᠷᠠᠳᠤᠨ᠎ᠠ᠃      ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠨᠢ ᠤᠯᠤᠰ ᠠᠷᠠᠳ ᠤᠨ ᠠᠵᠤ ᠠᠬᠤᠢ ᠶᠢᠨ 254 ᠲᠥᠷᠥᠯ ᠤᠨ ᠪᠣᠳᠠᠲᠤ ᠠᠵᠤ ᠦᠢᠯᠡᠰ ᠲᠠᠢ ᠬᠤᠯᠪᠣᠭᠳᠠᠵᠤ᠂ ᠪᠠᠷᠤᠭ ᠪᠦᠬᠦ ᠤᠯᠤᠰ ᠠᠷᠠᠳ ᠤᠨ ᠠᠵᠤ ᠠᠬᠤᠢ ᠶᠢᠨ ᠠᠵᠤ ᠦᠢᠯᠡᠰ ᠤᠨ ᠲᠥᠷᠥᠯ ᠬᠡᠯᠪᠡᠷᠢ ᠶᠢᠨ 18%᠎ ᠶᠢ ᠡᠵᠡᠯᠡᠵᠦ᠂ ᠲᠡᠭᠦᠨ ᠤ ᠳᠣᠲᠣᠷ᠎ᠠ᠂ ᠬᠢᠵᠠᠭᠠᠷᠯᠠᠬᠤ ᠲᠥᠷᠥᠯ ᠨᠢ ᠪᠠᠷᠤᠭ 70%᠎ ᠶᠢ ᠡᠵᠡᠯᠡᠨ᠂ ᠴᠠᠭᠠᠵᠠᠯᠠᠬᠤ ᠲᠥᠷᠥᠯ ᠨᠢ ᠪᠠᠷᠤᠭ 30 %᠎ ᠶᠢ ᠡᠵᠡᠯᠡᠵᠡᠢ᠃      ︵ᠨᠢᠭᠡ︶ ᠬᠢᠵᠠᠭᠠᠷᠯᠠᠬᠤ ᠲᠥᠷᠥᠯ ᠳᠤ ᠵᠢᠭᠰᠠᠭᠠᠨ ᠣᠷᠣᠭᠤᠯᠤᠭᠰᠠᠨ ᠠᠵᠤ ᠦᠢᠯᠡᠰ᠄ ᠨᠢᠭᠡ ᠳᠤ᠂ ᠤᠯᠤᠰ ᠤᠨ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ︾᠎ ᠲᠤ ᠲᠣᠭᠲᠠᠭᠠᠭᠰᠠᠨ ᠬᠢᠵᠠᠭᠠᠷᠯᠠᠬᠤ ᠲᠥᠷᠥᠯ ᠤᠨ ᠠᠵᠤ ᠦᠢᠯᠡᠰ︔ ᠬᠤᠶᠠᠷ ᠲᠤ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠲᠥᠷᠥᠯ᠂ ᠵᠣᠷᠢᠭᠵᠢᠭᠤᠯᠬᠤ ᠲᠥᠷᠥᠯ ᠤᠨ ᠠᠵᠤ ᠦᠢᠯᠡᠰ ᠲᠤ ᠬᠠᠷᠢᠶᠠᠯᠠᠭᠳᠠᠬᠤ ᠪᠣᠯᠪᠠᠴᠤ᠂ ᠬᠤᠰᠢᠭᠤ ᠰᠢᠶᠠᠨ ︵ᠬᠤᠲᠠ︶᠎ ᠤ ᠪᠠᠶᠢᠭ᠎ᠠ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ ᠬᠥᠭᠵᠢᠯᠲᠡ ᠶᠢᠨ ᠬᠠᠨᠳᠤᠰᠢ ᠪᠠ ᠨᠡᠭᠡᠭᠡᠨ ᠬᠥᠭᠵᠢᠭᠦᠯᠵᠦ ᠬᠠᠮᠢᠶᠠᠷᠬᠤ ᠵᠠᠷᠴᠢᠮ ᠲᠠᠢ ᠨᠡᠶᠢᠴᠡᠬᠦ ᠦᠭᠡᠢ ᠠᠵᠤ ᠦᠢᠯᠡᠰ᠃      ︵ᠬᠤᠶᠠᠷ︶ ᠴᠠᠭᠠᠵᠠᠯᠠᠬᠤ ᠲᠥᠷᠥᠯ ᠳᠤ ᠵᠢᠭᠰᠠᠭᠠᠨ ᠣᠷᠣᠭᠤᠯᠤᠭᠰᠠᠨ ᠠᠵᠤ ᠦᠢᠯᠡᠰ᠄ ᠨᠢᠭᠡ ᠳᠤ᠂ ᠤᠯᠤᠰ ᠤᠨ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ︾᠎ ᠲᠤ ᠲᠣᠭᠲᠠᠭᠠᠭᠰᠠᠨ ᠰᠢᠯᠢᠭᠳᠡᠬᠦ ᠲᠥᠷᠥᠯ ᠤᠨ ᠠᠵᠤ ᠦᠢᠯᠡᠰ︔ ᠬᠤᠶᠠᠷ ᠲᠤ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠬᠢᠵᠠᠭᠠᠷᠯᠠᠬᠤ ᠲᠥᠷᠥᠯ᠂ ᠵᠥᠪᠰᠢᠶᠡᠷᠡᠬᠦ ᠲᠥᠷᠥᠯ᠂ ᠵᠣᠷᠢᠭᠵᠢᠭᠤᠯᠬᠤ ᠲᠥᠷᠥᠯ ᠤᠨ ᠠᠵᠤ ᠦᠢᠯᠡᠰ ᠲᠤ ᠬᠠᠷᠢᠶᠠᠯᠠᠭᠳᠠᠬᠤ ᠪᠣᠯᠪᠠᠴᠤ᠂ ᠬᠤᠰᠢᠭᠤ ᠰᠢᠶᠠᠨ ︵ᠬᠤᠲᠠ︶᠎ ᠨᠢ ᠲᠣᠬᠢᠷᠠᠯᠴᠠᠭᠰᠠᠨ ᠡᠬᠢ ᠪᠠᠶᠠᠯᠢᠭ ᠤᠨ ᠤᠭ ᠰᠤᠷᠪᠤᠯᠵᠢ ᠶᠢᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠤᠶᠤ ᠪᠠᠶᠢᠭ᠎ᠠ ᠠᠮᠢ ᠠᠬᠤᠢ ᠶᠢᠨ ᠴᠢᠳᠠᠮᠵᠢ ᠶᠢᠨ ᠣᠷᠣᠨ ᠪᠦᠰᠡ ᠶᠢᠨ ᠨᠡᠭᠡᠭᠡᠨ ᠬᠥᠭᠵᠢᠭᠦᠯᠵᠦ ᠬᠠᠮᠢᠶᠠᠷᠬᠤ ᠵᠠᠷᠴᠢᠮ ᠲᠠᠢ ᠨᠡᠶᠢᠴᠡᠬᠦ ᠦᠭᠡᠢ ᠠᠵᠤ ᠦᠢᠯᠡᠰ᠃ ᠬᠤᠷᠢᠭ᠎ᠠ ᠴᠠᠭᠠᠵᠠ ᠲᠠᠢ  ᠵᠦᠢᠯᠡᠰ ᠤᠨ ᠨᠠᠷᠢᠨ ᠬᠠᠭᠤᠳᠠᠰᠤ ᠳᠤ ᠥᠯᠥ ᠬᠤᠯᠪᠣᠭᠳᠠᠬᠤ ᠤᠯᠤᠰ ᠠᠴᠠ ᠲᠥᠯᠥᠪᠵᠢᠭᠦᠯᠦᠨ ᠪᠠᠶᠢᠷᠢᠰᠢᠭᠤᠯᠤᠭᠰᠠᠨ ᠴᠥᠮ᠎ᠡ  ᠶᠢᠨ ᠴᠠᠬᠢᠯᠭᠠᠨ᠂ ᠰᠠᠨᠰᠠᠷ ᠤᠨ ᠲᠡᠭᠡᠭᠡᠪᠦᠷᠢ  ᠵᠡᠷᠭᠡ ᠠᠵᠤ ᠦᠢᠯᠡᠰ᠃      ᠲᠠᠪᠤ᠂ ᠬᠡᠰᠡᠭᠯᠡᠯ ᠬᠡᠯᠪᠡᠷᠢ ᠲᠠᠢ ᠪᠠᠷ ᠨᠡᠭᠡᠭᠡᠨ ᠬᠥᠭᠵᠢᠭᠦᠯᠬᠦ ᠬᠤᠲᠠ ᠬᠥᠳᠡᠭᠡ ᠳᠤ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠨᠢ ᠶᠠᠮᠠᠷ ᠲᠥᠷᠥ ᠶᠢᠨ ᠪᠣᠳᠣᠯᠭ᠎ᠠ ᠠᠪᠤᠭᠰᠠᠨ ᠪᠣᠢ︖      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠯᠥᠪᠵᠢᠭᠦᠯᠭᠡ︾ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠡᠰᠡᠭ ᠬᠡᠰᠡᠭ ᠢᠶᠠᠷ ᠨᠡᠭᠡᠭᠡᠨ ᠬᠥᠭᠵᠢᠭᠦᠯᠬᠦ᠂ ᠨᠡᠶᠢᠳᠡᠮ ᠳᠤ ᠨᠢ ᠬᠠᠮᠠᠭᠠᠯᠠᠬᠤ ᠵᠠᠷᠴᠢᠮ ᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠠᠮᠢ ᠠᠬᠤᠢ ᠶᠢᠨ ᠴᠢᠳᠠᠮᠵᠢ ᠶᠢ ᠪᠠᠲᠤᠯᠠᠭᠰᠠᠨ ᠤᠷᠢᠳᠠᠯ ᠳᠣᠣᠷ᠎ᠠ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠬᠡᠰᠡᠭᠯᠡᠯ ᠬᠡᠯᠪᠡᠷᠢ ᠲᠠᠢ ᠪᠠᠷ ᠨᠡᠭᠡᠭᠡᠨ ᠬᠥᠭᠵᠢᠭᠦᠯᠬᠦ ᠬᠤᠲᠠ ᠬᠥᠳᠡᠭᠡ ᠶᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠬᠦ ᠣᠷᠣᠨ ᠪᠦᠰᠡ ᠲᠠᠢ ᠬᠠᠷᠭᠤᠭᠤᠯᠵᠤ ᠪᠠᠶᠢᠭᠠᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠦᠷᠲᠡᠭᠡᠨ᠎ᠡ᠃ ᠬᠤᠶᠢᠰᠢᠳᠠ᠂ ᠵᠢᠱᠢᠶᠡᠯᠡᠪᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠯᠥᠪᠵᠢᠭᠦᠯᠭᠡ︾᠎ ᠳᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠪᠠᠯ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠯᠥᠪᠵᠢᠭᠦᠯᠭᠡ︾ ᠎ ᠲᠠᠢ ᠰᠢᠭᠤᠳ ᠵᠣᠯᠭᠠᠯᠳᠤᠭᠤᠯᠤᠨ᠎ᠠ᠃      ᠵᠢᠷᠭᠤᠭ᠎ᠠ᠂ ᠬᠠᠤᠯᠢ ᠶᠣᠰᠣᠭᠠᠷ ᠣᠯᠣᠭᠰᠠᠨ ᠠᠭᠤᠷᠬᠠᠢ ᠬᠠᠶᠢᠬᠤ ᠡᠷᠬᠡ ᠲᠠᠢ ᠲᠥᠷᠥᠯ ᠵᠦᠢᠯ ᠳᠤ ᠠᠭᠤᠷᠬᠠᠢ ᠮᠠᠯᠲᠠᠬᠤ ᠡᠷᠬᠡ ᠶᠢ ᠭᠤᠶᠤᠴᠢᠯᠠᠨ ᠭᠦᠢᠴᠡᠳᠬᠡᠬᠦ ᠲᠠᠯ᠎ᠠ ᠳᠤ ᠠᠪᠤᠭᠰᠠᠨ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠲᠥᠷᠥ ᠶᠢᠨ ᠪᠣᠳᠣᠯᠭ᠎ᠠ ᠨᠢ ᠶᠠᠭᠤ ᠪᠣᠢ︖      ᠬᠠᠤᠯᠢ ᠶᠣᠰᠣᠭᠠᠷ ᠵᠠᠰᠠᠭ ᠶᠠᠪᠤᠭᠤᠯᠬᠤ ᠵᠠᠷᠴᠢᠮ ᠶᠣᠰᠣᠭᠠᠷ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠬᠠᠤᠯᠢ ᠶᠣᠰᠣᠭᠠᠷ ᠠᠭᠤᠷᠬᠠᠢ ᠬᠠᠶᠢᠬᠤ ᠡᠷᠬᠡ ᠣᠯᠣᠭᠰᠠᠨ ᠲᠥᠷᠥᠯ ᠵᠦᠢᠯ ᠤᠳ ᠤᠨ ᠤᠷᠠᠯᠠᠯ ᠤᠨ ᠮᠡᠷᠭᠡᠵᠢᠯ᠂ ᠪᠡᠯᠡᠳᠬᠡᠮᠵᠢ ᠶᠢᠨ ᠨᠥᠬᠦᠴᠡᠯ᠂ ᠠᠷᠢᠭᠤᠳᠬᠠᠭᠰᠠᠨ ᠦᠢᠯᠡᠳᠪᠦᠷᠢᠯᠡᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠰᠡᠨ ᠤᠷᠢᠳᠠᠯ ᠳᠣᠣᠷ᠎ᠠ᠂ ᠠᠵᠢᠯ ᠲᠥᠷᠥᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠨᠡᠯᠡᠨ ᠵᠢᠱᠢᠯᠲᠡ ᠨᠤᠲᠠᠯᠠᠯᠲᠠ ᠶᠢ ᠵᠣᠬᠢᠶᠠᠨ ᠪᠠᠶᠢᠭᠤᠯᠬᠤ ᠪᠠᠷ ᠳᠠᠮᠵᠢᠨ ᠪᠠᠲᠤᠯᠠᠭᠰᠠᠨ ᠤ ᠳᠠᠷᠠᠭ᠎ᠠ᠂ ᠲᠡᠭᠦᠨ ᠤ ᠬᠠᠤᠯᠢ ᠶᠣᠰᠣᠭᠠᠷ ᠠᠭᠤᠷᠬᠠᠢ ᠮᠠᠯᠲᠠᠬᠤ ᠡᠷᠬᠡ ᠭᠤᠶᠤᠴᠢᠯᠠᠨ ᠭᠦᠢᠴᠡᠳᠬᠡᠬᠦ ᠶᠢ ᠨᠢ ᠵᠥᠪᠰᠢᠶᠡᠷᠡᠨ᠎ᠡ᠃      ᠳᠣᠯᠤᠭ᠎ᠠ᠂ ᠶᠠᠭ ᠰᠠᠶᠢᠬᠠᠨ ᠬᠠᠤᠯᠢ ᠶᠣᠰᠣᠭᠠᠷ ᠣᠯᠣᠭᠰᠠᠨ ᠬᠠᠮᠢᠶ᠎ᠠ ᠪᠦᠬᠦᠢ ᠭᠠᠷᠳᠠᠮ ᠢᠶᠠᠨ ᠭᠦᠢᠴᠡᠳᠬᠡᠵᠦ ᠪᠠᠶᠢᠭ᠎ᠠ ᠦᠢᠯᠡᠳᠬᠡᠯ ᠤᠨ ᠦᠢᠯᠡᠰ ᠤᠨ ᠲᠥᠷᠥᠯ ᠵᠦᠢᠯ ᠳᠤ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠨᠢ ᠶᠠᠮᠠᠷ ᠲᠥᠷᠥ ᠶᠢᠨ ᠪᠣᠳᠣᠯᠭ᠎ᠠ ᠠᠪᠤᠭᠰᠠᠨ ᠪᠣᠢ︖      ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ ︵ᠬᠠᠷᠭᠤᠭᠤᠯᠤᠨ ᠵᠥᠪᠰᠢᠶᠡᠷᠡᠭᠦᠯᠦᠭᠰᠡᠨ︶ ᠪᠢᠴᠢᠭ ᠮᠠᠲ᠋ᠧᠷᠢᠶᠠᠯ ︵ᠬᠦᠰᠦᠨᠦᠭ︶᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠴᠣᠬᠤᠯᠠᠪᠤᠷᠢ ᠵᠡᠷᠭᠡ ᠭᠠᠭᠴᠠ ᠲᠥᠷᠥᠯ ᠪᠤᠶᠤ ᠣᠯᠠᠨ ᠲᠥᠷᠥᠯ ᠤᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠣᠯᠣᠭᠰᠠᠨ ᠢᠶᠠᠷ ᠪᠠᠷᠠᠬᠤ ᠦᠭᠡᠢ᠂ ᠪᠢᠴᠢᠭ ᠮᠠᠲ᠋ᠧᠷᠢᠶᠠᠯ ︵ᠬᠦᠰᠦᠨᠦᠭ︶᠎ ᠨᠢ ᠪᠦᠷ ᠬᠦᠴᠦᠨ ᠪᠦᠬᠦᠢ ᠬᠤᠭᠤᠴᠠᠭᠠᠨ ᠳᠠᠬᠢ ᠦᠢᠯᠡᠳᠬᠡᠯ ᠤᠨ ᠦᠢᠯᠡᠰ ᠤᠨ ᠲᠥᠷᠥᠯ ᠵᠦᠢᠯ ᠪᠠᠶᠢᠪᠠᠯ᠂ ᠤᠰᠤ ᠬᠡᠷᠡᠭᠯᠡᠬᠦ᠂ ᠭᠠᠵᠠᠷ ᠰᠢᠷᠣᠢ ᠬᠡᠷᠡᠭᠯᠡᠬᠦ᠂ ᠲᠥᠯᠥᠪᠵᠢᠭᠦᠯᠬᠦ᠂ ᠪᠦᠷᠢᠳᠬᠡᠨ ᠳᠠᠩᠰᠠᠯᠠᠭᠤᠯᠬᠤ᠂ ᠬᠠᠷᠭᠤᠭᠤᠯᠤᠨ ᠵᠥᠪᠰᠢᠶᠡᠷᠡᠭᠦᠯᠬᠦ ᠵᠡᠷᠭᠡ ᠬᠠᠮᠢᠶ᠎ᠠ ᠪᠦᠬᠦᠢ ᠭᠠᠷᠳᠠᠮ ᠢᠶᠠᠨ ᠬᠠᠤᠯᠢ ᠶᠣᠰᠣᠭᠠᠷ ᠦᠷᠭᠦᠯᠵᠢᠯᠡᠨ ᠭᠦᠢᠴᠡᠳᠬᠡᠬᠦ ᠶᠢ ᠨᠢ ᠵᠥᠪᠰᠢᠶᠡᠷᠡᠨ᠎ᠡ᠃      ᠨᠠᠢᠮᠠ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠨᠢ ᠪᠤᠰᠤᠳ ᠠᠳᠠᠯᠢ ᠲᠥᠷᠥᠯ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠲᠠᠢ ᠶᠠᠮᠠᠷ ᠬᠠᠷᠢᠴᠠᠭ᠎ᠠ ᠲᠠᠢ ᠪᠣᠢ︖ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠨᠤᠭᠤᠳ ᠤᠨ ᠵᠣᠬᠢᠴᠠᠯᠳᠤᠨ ᠨᠢᠭᠡᠳᠬᠦ ᠶᠢ ᠪᠠᠲᠤᠯᠠᠬᠤ ᠶᠢᠨ ᠲᠥᠯᠥᠭᠡ᠂ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠠᠵᠢᠯ ᠶᠠᠪᠤᠳᠠᠯ ᠳᠤ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶ᠎ᠠ ᠪᠦᠬᠦᠢ ᠲᠣᠭᠲᠠᠭᠠᠯ ᠢ ᠬᠡᠷᠡᠭᠯᠡᠬᠦ ᠳᠤ ᠲᠣᠬᠢᠷᠠᠨ᠎ᠠ︔ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠠᠵᠢᠯ ᠶᠠᠪᠤᠳᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠬᠦ ᠶᠢ ᠬᠢᠵᠠᠭᠠᠷᠯᠠᠬᠤ ᠣᠷᠣᠨ ᠪᠦᠰᠡ ᠶᠢᠨ ᠬᠢᠵᠠᠭᠠᠷᠯᠠᠬᠤ ᠲᠥᠷᠥᠯ ᠪᠠ ᠴᠠᠭᠠᠵᠠᠯᠠᠬᠤ ᠲᠥᠷᠥᠯ ᠤᠨ ᠠᠵᠤ ᠦᠢᠯᠡᠰ ᠢ ᠵᠢᠯᠣᠭᠤᠳᠬᠤ ᠭᠠᠷᠴᠠᠭ ︵2016 ᠣᠨ ᠤ ᠬᠡᠪᠯᠡᠯ︶︾ ︵ᠥᠪᠥᠷ ᠵᠠᠰᠠᠭ ᠠᠯᠪᠠᠨ ᠲᠠᠷᠬᠠᠭᠠᠭᠰᠠᠨ  ﹇2016﹈ 127 ᠳ᠋ᠤᠭᠠᠷ ᠲᠣᠭᠠᠲᠤ︶᠎ ᠤᠨ ᠬᠤᠯᠪᠣᠭᠳᠠᠯ ᠪᠦᠬᠦᠢ ᠲᠣᠭᠲᠠᠭᠠᠯ ᠢ ᠦᠷᠭᠦᠯᠵᠢᠯᠡᠨ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号