ᠤᠯᠤᠰ ᠤᠨ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ︽ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠬᠠᠩᠭᠠᠨ ᠪᠠᠲᠤᠯᠠᠬᠤ ᠵᠢᠴᠢ ᠬᠡᠷᠡᠭᠯᠡᠬᠦ ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ︾᠎ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018-05-23
     ᠤᠯᠤᠰ ᠤᠨ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ ︽ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠬᠠᠩᠭᠠᠨ ᠪᠠᠲᠤᠯᠠᠬᠤ ᠵᠢᠴᠢ ᠬᠡᠷᠡᠭᠯᠡᠬᠦ ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ︾᠎ ᠤᠨ ᠲᠤᠬᠠᠢ ᠲᠤᠰ ᠰᠣᠨᠢᠨ ᠤ ᠰᠤᠷᠪᠤᠯᠵᠢᠯᠠᠭᠴᠢ ᠶᠢᠨ ᠬᠠᠮᠢᠶ᠎ᠠ ᠪᠦᠬᠦᠢ ᠠᠰᠠᠭᠤᠯᠲᠠ ᠶᠢ ᠬᠠᠷᠢᠭᠤᠯᠪᠠ᠃      ᠠᠰᠠᠭᠤᠯᠲᠠ᠄ ︽ᠰᠠᠨᠠᠯ︾᠎ ᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠣᠢ︖ ᠶᠠᠮᠠᠷ ᠴᠢᠬᠤᠯᠠ ᠠᠴᠢ ᠬᠤᠯᠪᠣᠭᠳᠠᠯ ᠲᠠᠢ ᠪᠣᠢ︖      ᠬᠠᠷᠢᠭᠤᠯᠲᠠ᠄ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠠᠵᠢᠯ ᠲᠥᠷᠥᠯ ᠲᠦᠷᠭᠡᠨ ᠬᠥᠭᠵᠢᠵᠦ᠂ ᠠᠵᠤ ᠦᠢᠯᠡᠰ ᠤᠨ ᠬᠡᠪᠴᠢᠶ᠎ᠡ ᠨᠢ ᠲᠠᠰᠤᠷᠠᠯᠲᠠ ᠦᠭᠡᠢ ᠥᠷᠭᠡᠵᠢᠨ᠂ ᠲᠤᠭ᠎ᠠ ᠬᠡᠮᠵᠢᠶ᠎ᠡ ᠲᠥᠷᠥᠯ ᠵᠦᠢᠯ ᠨᠢ ᠲᠠᠰᠤᠷᠠᠯᠲᠠ ᠦᠭᠡᠢ ᠣᠯᠠᠰᠢᠷᠠᠵᠤ᠂ 17 ᠲᠦᠮᠡ ᠣᠷᠴᠢᠮ ᠤᠨ ᠡᠮ ᠤᠨ ᠵᠦᠢᠯᠡᠰ ᠤᠨ ᠴᠣᠬᠤᠯᠠᠪᠤᠷᠢ ᠪᠢᠴᠢᠭ ᠳᠣᠲᠣᠷ᠎ᠠ 95%᠎ ᠠᠴᠠ ᠳᠡᠭᠡᠭᠰᠢᠬᠢ ᠨᠢ ᠪᠦᠷ ᠳᠠᠭᠤᠷᠢᠶᠠᠮᠠᠯ ᠨᠠᠶᠢᠷᠠᠯᠭ᠎ᠠ ᠲᠠᠢ ᠡᠮ ᠪᠠᠶᠢᠵᠤ᠂ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠡᠩᠬᠡ ᠶᠢ ᠪᠠᠲᠤᠯᠠᠬᠤ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠡᠢ᠃ ᠭᠡᠲᠡᠯ᠎ᠡ ᠡᠯ᠎ᠡ ᠵᠦᠢᠯ ᠤᠨ ᠰᠢᠯᠲᠠᠭᠠᠨ ᠠᠴᠠ ᠪᠣᠯᠵᠤ᠂ ᠮᠠᠨ ᠤ ᠤᠯᠤᠰ ᠤᠨ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠠᠵᠢᠯ ᠲᠥᠷᠥᠯ ᠲᠣᠮᠣ ᠪᠣᠯᠪᠠᠴᠤ ᠬᠦᠴᠦᠷᠬᠡᠭ ᠪᠤᠰᠤ᠂ ᠡᠮ ᠤᠨ ᠵᠦᠢᠯᠡᠰ ᠤᠨ ᠶᠠᠰᠤ ᠴᠢᠨᠠᠷ ᠤᠨ ᠵᠥᠷᠢᠶ᠎ᠡ ᠬᠠᠷᠢᠴᠠᠩᠭᠤᠢ ᠶᠡᠭᠡ᠂ ᠴᠢᠨᠠᠷ ᠰᠠᠶᠢᠲᠠᠢ ᠡᠮ ᠤᠨ ᠵᠦᠢᠯᠡᠰ ᠤᠨ ᠵᠠᠬ᠎ᠠ ᠳᠡᠯᠭᠡᠭᠦᠷ ᠨᠢ ᠭᠤᠣᠯᠳᠠᠭᠤ ᠤᠯᠤᠰ ᠤᠨ ᠭᠠᠳᠠᠭᠠᠳᠤ ᠶᠢᠨ ᠤᠤᠯ ᠤᠨ ᠨᠠᠶᠢᠷᠠᠯᠭ᠎ᠠ ᠲᠠᠢ ᠡᠮ ᠳᠤ ᠡᠵᠡᠯᠡᠭᠳᠡᠵᠦ᠂ ᠴᠢᠨᠠᠷ ᠰᠠᠶᠢᠲᠠᠢ ᠳᠠᠭᠤᠷᠢᠶᠠᠮᠠᠯ ᠨᠠᠶᠢᠷᠠᠯᠭ᠎ᠠ ᠲᠠᠢ ᠡᠮ ᠳᠠᠬᠢ ᠥᠷᠭᠡᠨ ᠣᠯᠠᠨ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠨᠢ ᠣᠳᠣ ᠶᠢᠨ ᠬᠡᠷᠡᠭᠯᠡᠭᠳᠡᠵᠦ ᠪᠠᠶᠢᠭ᠎ᠠ ᠡᠮ ᠤᠨ ᠵᠦᠢᠯᠡᠰ ᠤᠨ ᠳᠠᠭᠠᠭᠠᠨ ᠬᠦᠴᠦᠷᠡᠬᠦ ᠴᠢᠨᠠᠷ ᠪᠠ ᠳᠠᠭᠠᠭᠠᠨ ᠡᠭᠦᠷᠭᠡᠯᠡᠬᠦ ᠴᠢᠨᠠᠷ ᠲᠠᠢ ᠪᠠᠰᠠ ᠵᠣᠬᠢᠬᠤ ᠵᠥᠷᠢᠶ᠎ᠡ ᠣᠷᠣᠰᠢᠵᠤ ᠪᠠᠶᠢᠨ᠎ᠠ ᠭᠡᠳᠡᠭ ᠢ ᠦᠵᠡᠵᠦ ᠭᠠᠷᠬᠤ ᠬᠡᠷᠡᠭᠲᠡᠢ᠃      ᠳᠠᠭᠤᠷᠢᠶᠠᠮᠠᠯ ᠨᠠᠶᠢᠷᠠᠯᠭ᠎ᠠ ᠲᠠᠢ ᠡᠮ ᠨᠢ ᠳᠠᠭᠤᠷᠢᠶᠠᠭᠳᠠᠮᠠᠯ ᠨᠠᠶᠢᠷᠠᠯᠭ᠎ᠠ ᠲᠠᠢ ᠡᠮ ᠲᠠᠢ ᠢᠵᠢᠯᠢᠬᠡᠨ ᠢᠳᠡᠪᠬᠢ ᠨᠠᠶᠢᠷᠠᠯᠭ᠎ᠠ᠂ ᠨᠠᠶᠢᠷᠠᠯᠭ᠎ᠠ ᠶᠢᠨ ᠬᠡᠯᠪᠡᠷᠢ᠂ ᠡᠮ ᠬᠠᠩᠭᠠᠬᠤ ᠠᠷᠭ᠎ᠠ ᠵᠠᠮ ᠪᠠ ᠡᠮᠨᠡᠨ ᠵᠠᠰᠠᠬᠤ ᠦᠢᠯᠡᠳᠦᠯ ᠲᠠᠢ ᠣᠷᠣᠯᠠᠭᠴᠢ ᠡᠮ ᠪᠠᠶᠢᠵᠤ᠂ ᠡᠮᠴᠢᠯᠡᠭᠡ ᠶᠢᠨ ᠵᠠᠷᠤᠯᠭ᠎ᠠ ᠶᠢ ᠪᠠᠭᠤᠷᠠᠭᠤᠯᠬᠤ᠂ ᠡᠮ ᠤᠨ ᠵᠦᠢᠯᠡᠰ ᠤᠨ ᠳᠠᠭᠠᠭᠠᠨ ᠬᠦᠴᠦᠷᠡᠬᠦ ᠴᠢᠨᠠᠷ ᠢ ᠨᠡᠮᠡᠭᠳᠡᠭᠦᠯᠬᠦ᠂ ᠡᠮᠴᠢᠯᠡᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠠᠵᠤ ᠠᠬᠤᠢ ᠪᠠ ᠨᠡᠶᠢᠭᠡᠮ ᠤᠨ ᠴᠢᠬᠤᠯᠠ ᠦᠷ᠎ᠡ ᠠᠰᠢᠭ ᠲᠠᠢ ᠪᠠᠶᠢᠳᠠᠭ᠃ ᠳᠡᠯᠡᠬᠡᠢ ᠳᠡᠭᠡᠷ᠎ᠡ ᠨᠡᠶᠢᠳᠡᠮ ᠳᠤ ᠪᠠᠨ ᠰᠢᠨ᠎ᠡ ᠶᠢ ᠡᠭᠦᠳᠬᠦ ᠪᠠ ᠳᠠᠭᠤᠷᠢᠶᠠᠨ ᠦᠢᠯᠡᠳᠬᠦ ᠶᠢ ᠵᠣᠷᠢᠭᠵᠢᠭᠤᠯᠬᠤ ᠶᠢᠨ ᠵᠡᠷᠭᠡ ᠪᠠᠷ ᠴᠢᠬᠤᠯᠠᠴᠢᠯᠠᠬᠤ ᠲᠥᠷᠥ ᠶᠢᠨ ᠪᠣᠳᠣᠯᠭ᠎ᠠ ᠶᠢᠨ ᠬᠠᠨᠳᠤᠯᠭ᠎ᠠ ᠠᠪᠬᠤ ᠶᠢᠨ ᠬᠠᠮᠲᠤ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠰᠤᠳᠤᠯᠤᠨ ᠠᠰᠢᠭᠯᠠᠵᠤ ᠰᠢᠨ᠎ᠡ ᠶᠢ ᠡᠭᠦᠳᠬᠦ᠂ ᠬᠠᠩᠭᠠᠨ ᠪᠠᠲᠤᠯᠠᠬᠤ᠂ ᠡᠮᠴᠢᠯᠡᠭᠡ ᠳᠤ ᠬᠡᠷᠡᠭᠯᠡᠬᠦ ᠵᠡᠷᠭᠡ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠰᠦᠪᠡᠭᠴᠢᠯᠡᠯᠲᠡ ᠬᠢᠵᠦ ᠪᠠᠶᠢᠨ᠎ᠠ᠃      ᠠᠰᠠᠭᠤᠯᠲᠠ᠄ ︽ᠰᠠᠨᠠᠯ︾᠎ ᠳᠤ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠰᠤᠳᠤᠯᠤᠨ ᠠᠰᠢᠭᠯᠠᠬᠤ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖      ᠬᠠᠷᠢᠭᠤᠯᠲᠠ᠄ ᠨᠢᠭᠡ ᠳᠤ᠂ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠮ ᠤᠨ ᠵᠦᠢᠯᠡᠰ ᠤᠨ ᠬᠠᠩᠭᠠᠯᠭ᠎ᠠ ᠬᠡᠷᠡᠭᠴᠡᠭᠡᠨ ᠤ ᠪᠠᠶᠢᠳᠠᠯ ᠢ ᠴᠠᠭ ᠲᠤᠬᠠᠢ ᠳᠤ ᠨᠢ ᠡᠵᠡᠮᠰᠢᠬᠦ ᠪᠠ ᠨᠡᠶᠢᠲᠡᠯᠡᠵᠦ᠂ ᠳᠠᠭᠤᠷᠢᠶᠠᠨ ᠦᠢᠯᠡᠳᠬᠦ ᠶᠢ ᠵᠣᠷᠢᠭᠵᠢᠭᠤᠯᠬᠤ ᠡᠮ ᠤᠨ ᠵᠦᠢᠯᠡᠰ ᠤᠨ ᠭᠠᠷᠴᠠᠭ ᠢ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠭᠠᠬᠤ ᠶᠢᠨ ᠬᠠᠮᠲᠤ᠂ ᠨᠡᠶᠢᠲᠡ ᠳᠤ ᠨᠡᠶᠢᠲᠡᠯᠡᠵᠦ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠠᠵᠤ ᠠᠬᠤᠶᠢᠯᠠᠯ ᠤᠳ ᠤᠨ ᠡᠮᠴᠢᠯᠡᠭᠡ ᠳᠤ ᠵᠠᠪᠠᠯ ᠱᠠᠭᠠᠷᠳᠠᠭᠳᠠᠬᠤ᠂ ᠡᠮᠨᠡᠯ ᠤᠨ ᠲᠤᠰᠠ ᠪᠠᠷ ᠣᠨᠣᠪᠴᠢᠲᠠᠢ᠂ ᠬᠠᠩᠭᠠᠯᠭ᠎ᠠ ᠪᠠᠷ ᠳᠤᠲᠠᠮᠠᠭ ᠡᠮ ᠤᠨ ᠵᠦᠢᠯᠡᠰ ᠢ ᠳᠠᠭᠤᠷᠢᠶᠠᠨ ᠦᠢᠯᠡᠳᠬᠦ ᠶᠢ ᠵᠣᠷᠢᠭᠵᠢᠭᠤᠯᠤᠨ᠎ᠠ᠃ ᠬᠤᠶᠠᠷ ᠲᠤ᠂ ᠡᠮ ᠤᠨ ᠵᠦᠢᠯᠡᠰ ᠢ ᠳᠠᠭᠤᠷᠢᠶᠠᠨ ᠦᠢᠯᠡᠳᠬᠦ ᠶᠢ ᠵᠣᠷᠢᠭᠵᠢᠭᠤᠯᠬᠤ ᠨᠡᠶᠢᠲᠡᠴᠢ ᠴᠢᠨᠠᠷᠲᠠᠢ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯᠲᠠ ᠶᠢ ᠤᠯᠤᠰ ᠤᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠳᠤ ᠣᠷᠣᠭᠤᠯᠵᠤ᠂ ᠦᠢᠯᠡᠳᠪᠦᠷᠢᠯᠡᠬᠦ ᠰᠤᠷᠭᠠᠬᠤ ᠰᠤᠳᠤᠯᠬᠤ ᠡᠮᠴᠢᠯᠡᠭᠡᠨ ᠤ ᠬᠡᠷᠡᠭᠯᠡᠭᠡ ᠶᠢ ᠵᠣᠬᠢᠴᠠᠭᠤᠯᠤᠨ ᠰᠢᠨ᠎ᠡ ᠶᠢ ᠡᠭᠦᠳᠬᠦ ᠲᠣᠭᠲᠠᠴᠠ ᠶᠢ ᠪᠦᠷᠢᠨᠰᠢᠭᠦᠯᠦᠨ᠎ᠡ᠃ ᠭᠤᠷᠪᠠ ᠳᠤ᠂ ᠡᠮ ᠤᠨ ᠵᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠠ ᠠᠵᠤ ᠦᠢᠯᠡᠰ ᠤᠨ ᠬᠥᠭᠵᠢᠯᠲᠡ ᠶᠢᠨ ᠱᠠᠲᠤ ᠲᠠᠢ ᠵᠣᠬᠢᠴᠠᠯᠳᠤᠭᠰᠠᠨ ᠡᠮ ᠤᠨ ᠵᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠳᠦᠷᠢᠮ ᠢ ᠰᠤᠳᠤᠯᠤᠨ ᠲᠡᠭᠦᠯᠳᠡᠷᠵᠢᠭᠦᠯᠦᠨ᠎ᠡ᠃      ᠠᠰᠠᠭᠤᠯᠲᠠ᠄ ︽ᠰᠠᠨᠠᠯ︾᠎ ᠳᠤ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠶᠠᠰᠤ ᠴᠢᠨᠠᠷ ᠡᠮᠨᠡᠯ ᠤᠨ ᠲᠤᠰᠠ ᠶᠢ ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖       ᠬᠠᠷᠢᠭᠤᠯᠲᠠ᠄ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠶᠠᠰᠤ ᠴᠢᠨᠠᠷ ᠡᠮᠨᠡᠯ ᠤᠨ ᠲᠤᠰᠠ ᠶᠢ ᠳᠡᠭᠡᠭᠰᠢᠯᠡᠭᠦᠯᠬᠦ ᠲᠠᠯ᠎ᠠ ᠪᠠᠷ᠂ ︽ᠰᠠᠨᠠᠯ︾᠎ ᠳᠤ 5 ᠲᠠᠯ᠎ᠠ ᠶᠢᠨ ᠠᠷᠭ᠎ᠠ ᠬᠡᠮᠵᠢᠶ᠎ᠡ ᠠᠪᠤᠪᠠ᠄ ᠨᠢᠭᠡ ᠳᠤ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠶᠠᠰᠤ ᠴᠢᠨᠠᠷ ᠪᠠ ᠡᠮᠨᠡᠯ ᠤᠨ ᠲᠤᠰᠠ ᠶᠢᠨ ᠨᠢᠭᠡᠳᠦᠯᠲᠡᠢ ᠴᠢᠨᠠᠷ ᠢ ᠦᠨᠡᠯᠡᠬᠦ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠶᠠᠰᠤ ᠴᠢᠨᠠᠷ ᠪᠠ ᠡᠮᠨᠡᠯ ᠤᠨ ᠲᠤᠰᠠ ᠶᠢᠨ ᠨᠢᠭᠡᠳᠦᠯᠲᠡᠢ ᠴᠢᠨᠠᠷ ᠤᠨ ᠦᠨᠡᠯᠡᠯᠲᠡ ᠶᠢ ᠥᠷᠨᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠡᠮ ᠳᠤ ᠬᠡᠷᠡᠭᠯᠡᠬᠦ ᠲᠦᠭᠦᠬᠡᠢ ᠮᠠᠲ᠋ᠧᠷᠢᠶᠠᠯ ᠬᠢᠭᠡᠳ ᠲᠤᠰᠠᠯᠠᠬᠤ ᠮᠠᠲ᠋ᠧᠷᠢᠶᠠᠯ ᠪᠠ ᠪᠣᠭᠤᠳᠠᠯᠯᠠᠬᠤ ᠮᠠᠲ᠋ᠧᠷᠢᠶᠠᠯ ᠤᠨ ᠶᠠᠰᠤ ᠴᠢᠨᠠᠷ ᠤᠨ ᠪᠠᠷᠢᠮᠵᠢᠶᠠᠨ ᠤ ᠳᠦᠷᠢᠮ ᠳᠤ ᠵᠠᠰᠠᠪᠤᠷᠢ ᠣᠷᠣᠭᠤᠯᠬᠤ᠂ ᠡᠮ ᠳᠤ ᠬᠡᠷᠡᠭᠯᠡᠬᠦ ᠲᠦᠭᠦᠬᠡᠢ ᠮᠠᠲ᠋ᠧᠷᠢᠶᠠᠯ ᠬᠢᠭᠡᠳ ᠲᠤᠰᠠᠯᠠᠬᠤ ᠮᠠᠲ᠋ᠧᠷᠢᠶᠠᠯ ᠪᠠ ᠪᠣᠭᠤᠳᠠᠯᠯᠠᠬᠤ ᠮᠠᠲ᠋ᠧᠷᠢᠶᠠᠯ ᠢ ᠰᠤᠳᠤᠯᠤᠨ ᠬᠥᠭᠵᠢᠭᠦᠯᠬᠦ ᠪᠠᠨ ᠴᠢᠩᠭᠠᠳᠬᠠᠬᠤ᠂ ᠭᠠᠳᠠᠭᠠᠳᠤ ᠶᠢᠨ ᠲᠡᠷᠢᠭᠦᠨ ᠤ ᠮᠡᠷᠭᠡᠵᠢᠯ ᠢ ᠢᠳᠡᠪᠬᠢᠲᠡᠢ ᠪᠠᠷ ᠣᠷᠣᠭᠤᠯᠬᠤ ᠵᠡᠷᠭᠡ ᠶᠢ ᠥᠷᠨᠢᠭᠦᠯᠵᠦ᠂ ᠮᠡᠷᠭᠡᠵᠢᠯ ᠤᠨ ᠳᠡᠰ ᠳᠡᠪᠰᠢᠯᠲᠡ ᠶᠢ ᠠᠬᠢᠭᠤᠯᠤᠨ᠂ ᠴᠡᠪᠡᠷᠰᠢᠭᠦᠯᠬᠦ᠂ ᠶᠠᠰᠤ ᠴᠢᠨᠠᠷ ᠢ ᠡᠵᠡᠮᠳᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠳᠠᠬᠢ ᠰᠢᠪᠲᠤᠯᠤᠯᠲᠠ ᠶᠢ ᠠᠬᠢᠭᠤᠯᠤᠨ᠎ᠠ᠃ ᠭᠤᠷᠪᠠ ᠳᠤ᠂ ᠵᠠᠩᠭᠢᠯᠠᠭ᠎ᠠ ᠶᠢᠨ ᠲᠣᠨᠣᠭᠯᠠᠯ ᠢ ᠰᠤᠳᠤᠯᠤᠨ ᠦᠢᠯᠡᠳᠬᠦ ᠴᠢᠳᠠᠪᠤᠷᠢ ᠪᠠ ᠲᠣᠨᠣᠭᠯᠠᠯ ᠤᠨ ᠰᠢᠨᠵᠢ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠤᠷᠠᠯᠠᠯ ᠤᠨ ᠦᠢᠯᠡᠳᠪᠦᠷᠢᠯᠡᠯ ᠤᠨ ᠬᠠᠮᠢᠶᠠᠷᠤᠯᠲᠠ ᠶᠢ ᠰᠢᠯᠢᠳᠡᠭᠵᠢᠭᠦᠯᠦᠨ ᠰᠠᠶᠢᠵᠢᠷᠠᠭᠤᠯᠤᠨ᠎ᠠ᠃ ᠳᠥᠷᠪᠡ ᠳᠤ᠂ ᠡᠮ ᠤᠨ ᠵᠦᠢᠯᠡᠰ ᠤᠨ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠪᠠᠨ ᠴᠢᠩᠳᠠᠯᠠᠵᠤ᠂ ᠡᠮ ᠤᠨ ᠵᠦᠢᠯᠡᠰ ᠤᠳ ᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠳᠠᠩᠰᠠᠯᠠᠭᠤᠯᠬᠤ ᠪᠠᠷ ᠭᠤᠶᠤᠴᠢᠯᠠᠬᠤ ᠮᠡᠷᠭᠡᠵᠢᠯ ᠤᠨ ᠪᠠᠷᠢᠮᠵᠢᠶ᠎ᠠ ᠪᠠ ᠵᠦᠭᠯᠡᠭᠦᠷ ᠤᠨ ᠰᠢᠰᠲ᠋ᠧᠮᠴᠢ ᠶᠢ ᠲᠡᠭᠦᠯᠳᠡᠷᠵᠢᠭᠦᠯᠵᠦ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠪᠠ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃ ᠲᠠᠪᠤ ᠳᠤ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠪᠦᠬᠦ ᠶᠠᠪᠤᠴᠠ ᠶᠢ ᠬᠠᠮᠤᠷᠤᠭᠰᠠᠨ ᠶᠠᠰᠤ ᠴᠢᠨᠠᠷ ᠤᠨ ᠬᠠᠮᠢᠶᠠᠷᠤᠯᠲᠠ ᠪᠠ ᠶᠠᠰᠤ ᠴᠢᠨᠠᠷ ᠢ ᠮᠦᠷᠳᠡᠬᠦ ᠳᠦᠷᠢᠮ ᠢ ᠲᠦᠷᠭᠡᠳᠬᠡᠨ ᠠᠬᠢᠭᠤᠯᠤᠨ᠎ᠠ᠃      ᠠᠰᠠᠭᠤᠯᠲᠠ᠄ ︽ᠰᠠᠨᠠᠯ︾᠎ ᠳᠤ ᠲᠥᠬᠦᠷᠵᠢᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖      ᠬᠠᠷᠢᠭᠤᠯᠲᠠ᠄ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ︽ᠰᠠᠨᠠᠯ︾᠎ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠠᠢ᠄ ᠨᠢᠭᠡ ᠳᠤ᠂ ᠡᠮ ᠤᠨ ᠵᠦᠢᠯᠡᠰ ᠤᠨ ᠨᠡᠶᠢᠳᠡᠮ ᠬᠡᠷᠡᠭᠯᠡᠭᠳᠡᠬᠦ ᠨᠡᠷ᠎ᠡ ᠪᠠᠷ ᠬᠤᠳᠠᠯᠳᠤᠨ ᠠᠪᠬᠤ ᠭᠠᠷᠴᠠᠭ ᠢ ᠨᠠᠶᠢᠷᠠᠭᠤᠯᠤᠨ ᠵᠣᠬᠢᠶᠠᠵᠤ᠂ ᠨᠥᠬᠦᠴᠡᠯ ᠳᠤ ᠨᠡᠶᠢᠴᠡᠭᠰᠡᠨ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠴᠠᠭ ᠲᠤᠬᠠᠢ ᠳᠤ ᠨᠢ ᠬᠤᠳᠠᠯᠳᠤᠨ ᠠᠪᠬᠤ ᠭᠠᠷᠴᠠᠭ ᠤᠨ ᠬᠡᠪᠴᠢᠶᠡᠨ ᠳᠤ ᠣᠷᠣᠭᠤᠯᠬᠤ ᠶᠢᠨ ᠬᠠᠮᠲᠤ᠂ ᠬᠤᠳᠠᠯᠳᠤᠨ ᠠᠪᠬᠤ ᠳᠡᠰ ᠳᠠᠷᠠᠭᠠᠯᠠᠯ ᠢ ᠴᠠᠭ ᠲᠤᠬᠠᠢ ᠳᠤ ᠨᠢ ᠶᠠᠪᠤᠭᠳᠠᠭᠤᠯᠤᠨ᠎ᠠ᠃ ᠬᠤᠶᠠᠷ ᠲᠤ᠂ ᠶᠠᠰᠤ ᠴᠢᠨᠠᠷ ᠪᠠ ᠡᠮᠨᠡᠯ ᠤᠨ ᠲᠤᠰᠠ ᠪᠠᠷ ᠨᠢᠭᠡᠳᠦᠯᠲᠡᠢ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠤᠤᠯ ᠤᠨ ᠨᠠᠶᠢᠷᠠᠯᠭ᠎ᠠ ᠲᠠᠢ ᠡᠮ ᠯᠤᠭ᠎ᠠ ᠬᠠᠷᠢᠯᠴᠠᠨ ᠣᠷᠣᠯᠠᠭᠤᠯᠵᠤ ᠪᠣᠯᠬᠤ ᠡᠮ ᠤᠨ ᠵᠦᠢᠯᠡᠰ ᠤᠨ ᠭᠠᠷᠴᠠᠭ ᠲᠤ ᠣᠷᠣᠭᠤᠯᠵᠤ᠂ ᠲᠡᠭᠦᠨ ᠢ ᠲᠣᠳᠣᠷᠬᠠᠶᠢᠯᠠᠯᠲᠠ᠂ ᠱᠣᠰᠢᠭ᠎ᠠ ᠳᠤ ᠨᠢ ᠲᠣᠳᠣᠷᠬᠠᠶᠢᠯᠠᠵᠤ᠂ ᠡᠮᠨᠡᠯᠭᠡ ᠶᠢᠨ ᠠᠵᠢᠯᠲᠠᠨ ᠪᠠ ᠡᠪᠡᠳᠴᠢᠲᠡᠨ ᠤ ᠰᠣᠩᠭᠤᠨ ᠬᠡᠷᠡᠭᠯᠡᠬᠦ ᠳᠤ ᠳᠥᠭᠦᠮ ᠦᠵᠡᠭᠦᠯᠦᠨ᠎ᠡ᠃ ᠭᠤᠷᠪᠠ ᠳᠤ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠲᠤ ᠣᠯᠭᠤᠬᠤ ᠪᠠᠷᠢᠮᠵᠢᠶ᠎ᠠ ᠶᠢ ᠲᠦᠷᠭᠡᠳᠬᠡᠨ ᠲᠣᠭᠲᠠᠭᠠᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠴᠠᠭ ᠲᠤᠬᠠᠢ ᠳᠤ ᠨᠢ ᠰᠢᠨᠡᠴᠢᠯᠡᠵᠦ᠂ ᠤᠤᠯ ᠤᠨ ᠨᠠᠶᠢᠷᠠᠯᠭ᠎ᠠ ᠲᠠᠢ ᠡᠮ ᠤᠨ ᠵᠦᠢᠯᠡᠰ ᠤᠨ ᠶᠠᠰᠤ ᠴᠢᠨᠠᠷ ᠪᠠ ᠡᠮᠨᠡᠯ ᠤᠨ ᠲᠤᠰᠠ ᠲᠠᠢ ᠨᠢᠭᠡᠳᠦᠯᠲᠡᠢ ᠳᠠᠭᠤᠷᠢᠶᠠᠮᠠᠯ ᠨᠠᠶᠢᠷᠠᠯᠭ᠎ᠠ ᠲᠠᠢ ᠡᠮ ᠢ ᠤᠤᠯ ᠤᠨ ᠨᠠᠶᠢᠷᠠᠯᠭ᠎ᠠ ᠪᠦᠬᠦᠢ ᠡᠮ ᠲᠠᠢ ᠠᠳᠠᠯᠢ ᠪᠠᠷᠢᠮᠵᠢᠶ᠎ᠠ ᠪᠠᠷ ᠲᠣᠭᠠᠴᠠᠭ᠎ᠠ ᠬᠢᠨ᠎ᠡ᠃ ᠳᠥᠷᠪᠡ ᠳᠤ᠂ ᠡᠮ ᠤᠨ ᠵᠦᠢᠯᠡᠰ ᠤᠨ ᠲᠤᠰᠬᠠᠢ ᠠᠰᠢᠭ ᠲᠤ ᠠᠯᠪᠠᠳᠠᠨ ᠵᠥᠪᠰᠢᠶᠡᠷᠡᠭᠦᠯᠬᠦ ᠠᠷᠭ᠎ᠠ ᠵᠠᠮ ᠬᠡᠷᠡᠭᠵᠢᠭᠦᠯᠬᠦ ᠶᠢ ᠲᠣᠳᠣᠷᠬᠠᠶᠢᠯᠠᠵᠤ᠂ ᠡᠮ ᠤᠨ ᠵᠦᠢᠯᠡᠰ ᠤᠨ ᠲᠤᠰᠬᠠᠢ ᠠᠰᠢᠭ ᠤᠨ ᠠᠯᠪᠠᠳᠠᠨ ᠵᠥᠪᠰᠢᠶᠡᠷᠡᠭᠦᠯᠬᠦ ᠶᠢ ᠬᠠᠤᠯᠢ ᠶᠣᠰᠣᠭᠠᠷ ᠲᠥᠷᠥᠯ ᠬᠤᠪᠢᠶᠠᠨ ᠬᠡᠷᠡᠭᠵᠢᠭᠦᠯᠦᠨ᠂ ᠲᠤᠰᠬᠠᠢ ᠠᠰᠢᠭ ᠤᠨ ᠡᠷᠬᠡᠲᠦ ᠬᠥᠮᠥᠨ ᠰᠠᠶᠢᠨ ᠳᠤᠷ᠎ᠠ ᠠᠴᠠ ᠪᠠᠨ ᠵᠥᠪᠰᠢᠶᠡᠷᠡᠬᠦ ᠶᠢ ᠵᠣᠷᠢᠭᠵᠢᠭᠤᠯᠵᠤ᠂ ᠨᠢᠭᠡᠴᠢ ᠪᠤᠶᠤ ᠬᠤᠪᠢ ᠬᠥᠮᠥᠨ ᠬᠠᠤᠯᠢ ᠶᠣᠰᠣᠭᠠᠷ ᠠᠯᠪᠠᠳᠠᠨ ᠵᠥᠪᠰᠢᠶᠡᠷᠡᠭᠦᠯᠬᠦ ᠭᠤᠶᠤᠴᠢᠯᠠᠯᠲᠠ ᠳᠤᠷᠠᠳᠬᠤ ᠶᠢ ᠵᠥᠪᠰᠢᠶᠡᠷᠡᠨ᠂ ᠴᠢᠬᠤᠯᠠᠲᠠᠢ ᠦᠶ᠎ᠡ ᠳᠤ ᠤᠯᠤᠰ ᠠᠴᠠ ᠠᠯᠪᠠᠳᠠᠨ ᠵᠥᠪᠰᠢᠶᠡᠷᠡᠭᠦᠯᠬᠦ ᠶᠢ ᠬᠡᠷᠡᠭᠵᠢᠭᠦᠯᠦᠨ᠎ᠡ᠃ ᠲᠠᠪᠤ ᠳᠤ᠂ ᠭᠠᠶᠢᠯᠢ ᠲᠠᠲᠠᠪᠤᠷᠢ ᠶᠢᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠎ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠬᠦ ᠶᠢ ᠵᠣᠷᠢᠭᠵᠢᠭᠤᠯᠵᠤ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠠᠵᠤ ᠠᠬᠤᠶᠢᠯᠠᠯ ᠤᠨ ᠤᠷᠠᠯᠠᠯ ᠢᠶᠠᠨ ᠥᠭᠡᠷᠡᠴᠢᠯᠡᠨ ᠰᠠᠶᠢᠵᠢᠷᠠᠭᠤᠯᠬᠤ ᠶᠢ ᠨᠢ ᠳᠡᠮᠵᠢᠨ᠎ᠡ᠃ ᠵᠢᠷᠭᠤᠭ᠎ᠠ ᠳᠤ᠂ ᠬᠠᠮᠢᠶ᠎ᠠ ᠪᠦᠬᠦᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠤᠯᠤᠰ ᠯᠤᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠡᠮ ᠤᠨ ᠵᠦᠢᠯᠡᠰ ᠢ ᠰᠤᠳᠤᠯᠤᠨ ᠬᠥᠭᠵᠢᠭᠦᠯᠬᠦ᠂ ᠳᠠᠩᠰᠠᠯᠠᠭᠤᠯᠬᠤ᠂ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠶᠢᠨ ᠳᠡᠯᠡᠬᠡᠶᠢᠴᠢᠯᠡᠬᠦ ᠠᠯᠬᠤᠴᠠ ᠪᠠᠨ ᠲᠦᠷᠭᠡᠳᠬᠡᠵᠦ᠂ ᠠᠵᠤ ᠠᠬᠤᠶᠢᠯᠠᠯ ᠤᠳ ᠤᠨ ᠳᠡᠯᠡᠬᠡᠢ ᠶᠢᠨ ᠴᠢᠨᠠᠷᠲᠠᠢ ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠬᠢᠯᠢ ᠠᠯᠤᠰᠯᠠᠭᠰᠠᠨ ᠰᠤᠳᠤᠯᠤᠨ ᠨᠡᠭᠡᠭᠡᠬᠦ ᠬᠠᠮᠲᠤᠷᠠᠯᠴᠠᠭᠠᠨ ᠤ ᠲᠠᠪᠴᠠᠩ ᠪᠠᠶᠢᠭᠤᠯᠵᠤ᠂ ᠳᠠᠭᠤᠷᠢᠶᠠᠮᠠᠯ ᠨᠠᠶᠢᠷᠠᠯᠭ᠎ᠠ ᠲᠠᠢ ᠡᠮ ᠤᠨ ᠠᠵᠤ ᠦᠢᠯᠡᠰ ᠤᠨ ᠳᠡᠯᠡᠬᠡᠶᠢᠴᠢᠯᠡᠬᠦ ᠶᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号