︽ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2018-05-23
     2018 ᠣᠨ ᠤ 4 ᠳ᠋ᠦ᠋ᠭᠡᠷ ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ︽ᠬᠡᠷᠡᠭᠵᠢᠭᠦᠯᠬᠦ ᠲᠥᠰᠥᠯ︾᠎ ᠳᠤ ᠲᠠᠶᠢᠯᠤᠮᠵᠢ ᠬᠢᠭᠰᠡᠨ ᠪᠠᠶᠢᠨ᠎ᠠ᠃      ᠨᠢᠭᠡ᠂ ︽ᠬᠡᠷᠡᠭᠵᠢᠭᠦᠯᠬᠦ ᠲᠥᠰᠥᠯ︾᠎ ᠢ ᠨᠡᠶᠢᠲᠡᠯᠡᠬᠦ ᠶᠢᠨ ᠴᠢᠬᠤᠯᠠ ᠴᠢᠨᠠᠷ ᠨᠢ ᠶᠠᠭᠤ ᠪᠣᠢ︖      2016 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ  ﹇2016﹈ 49 ᠳ᠋ᠦ᠋ᠭᠡᠷ ᠲᠣᠭᠠᠲᠤ︶᠎ ᠢ ᠨᠡᠶᠢᠲᠡᠯᠡᠵᠦ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠶᠢ ᠠᠩᠬ᠎ᠠ ᠤᠳᠠᠭ᠎ᠠ ᠨᠡᠯᠢᠶᠡᠳ ᠰᠢᠰᠲ᠋ᠧᠮ ᠲᠠᠢ ᠳᠤᠷᠠᠳᠴᠠᠢ᠂ ᠲᠤᠬᠠᠶᠢᠯᠠᠪᠠᠯ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠡᠷᠬᠡ ᠶᠢ ᠭᠤᠯᠳᠤ ᠴᠢᠭᠯᠡᠯ ᠢᠶᠠᠷ ᠲᠣᠬᠢᠷᠠᠭᠤᠯᠬᠤ ᠬᠠᠷᠠᠭᠠᠰᠤ ᠠᠴᠠ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠭᠰᠠᠨ᠂ ᠣᠳᠣᠬᠠᠨ ᠳᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ ᠡᠯ᠎ᠡ ᠱᠠᠲᠤᠨ ᠤ ᠵᠠᠰᠠᠭ ᠤᠨ ᠣᠷᠳᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠡᠭᠦᠷᠭᠡ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ᠂ ᠵᠢᠷᠤᠮᠵᠢᠯ ᠲᠠᠢ ᠪᠠᠷ ᠰᠠᠯᠭᠠᠨ ᠬᠤᠪᠢᠶᠠᠷᠢᠯᠠᠭᠰᠠᠨ ᠶᠡᠷᠦᠩᠬᠡᠶᠢᠯᠡᠭᠰᠡᠨ ᠴᠢᠨᠠᠷᠲᠠᠢ᠂ ᠵᠢᠯᠣᠭᠤᠳᠬᠤ ᠴᠢᠨᠠᠷᠲᠠᠢ ᠪᠠ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠠᠶᠢᠵᠤ᠂ ᠴᠢᠬᠤᠯᠠ ᠶᠡᠭᠡ ᠠᠴᠢ ᠬᠤᠯᠪᠣᠭᠳᠠᠯ ᠪᠠ ᠠᠯᠤᠰ ᠬᠡᠳᠦ ᠶᠢᠨ ᠨᠥᠯᠥᠭᠡ ᠲᠠᠢ ᠪᠠᠶᠢᠳᠠᠭ᠃ ᠡᠭᠦᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠬᠡᠷᠡᠭᠵᠢᠭᠦᠯᠬᠦ ᠲᠥᠰᠥᠯ︾᠎ ᠢ ᠰᠤᠳᠤᠯᠤᠨ ᠨᠡᠶᠢᠲᠡᠯᠡᠭᠰᠡᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠪᠣᠯ ᠮᠠᠨ ᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠬᠤᠭᠤᠷᠣᠨᠳᠤᠬᠢ ᠡᠳ᠋ ᠤᠨ ᠵᠠᠰᠠᠭ ᠤᠨ ᠬᠠᠷᠢᠴᠠᠭ᠎ᠠ ᠶᠢ ᠰᠢᠯᠤᠭᠤᠳᠬᠠᠬᠤ ᠤᠷᠢᠳᠠᠯ ᠪᠠ ᠰᠠᠭᠤᠷᠢ ᠮᠥᠨ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠣᠯ ᠨᠢᠭᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠳᠤ ᠡᠭᠦᠷᠭᠡᠯᠡᠪᠡᠰᠦ ᠵᠣᠬᠢᠬᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠡᠭᠦᠷᠭᠡ ᠪᠠ ᠬᠠᠷᠢᠭᠤᠴᠠᠯᠭ᠎ᠠ ᠮᠥᠨ᠂ ᠵᠠᠷᠤᠯᠭ᠎ᠠ ᠶᠢᠨ ᠬᠠᠷᠢᠭᠤᠴᠠᠯᠭ᠎ᠠ ᠪᠣᠯ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠨ ᠭᠦᠢᠴᠡᠳᠬᠡᠬᠦ ᠵᠠᠷᠤᠯᠭ᠎ᠠ ᠶᠢᠨ ᠡᠭᠦᠷᠭᠡ ᠪᠠ ᠪᠠᠲᠤᠯᠠᠭ᠎ᠠ ᠮᠥᠨ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠲᠥᠪ ᠤᠨ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠮᠠᠨ ᠤ ᠣᠷᠣᠨ ᠡᠯ᠎ᠡ ᠱᠠᠲᠤ ᠦᠶ᠎ᠡ ᠶᠢᠨ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠶᠢ ᠢᠳᠡᠭ ᠢᠳᠡᠭ ᠢᠶᠠᠷ ᠲᠣᠳᠣᠷᠬᠠᠶᠢᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠦᠷᠢᠮ ᠳᠣᠣᠷᠠᠬᠢ ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠰᠢᠰᠲ᠋ᠧᠮᠵᠢ ᠶᠢᠨ ᠲᠥᠰᠥᠪ ᠢ ᠠᠩᠬ᠎ᠠ ᠠᠯᠬᠤᠮ ᠪᠠᠶᠢᠭᠤᠯᠵᠤ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠢ᠃ ᠭᠡᠲᠡᠯ᠎ᠡ ᠰᠢᠨ᠎ᠡ ᠴᠠᠭ ᠤᠨ ᠪᠠᠶᠢᠳᠠᠯ ᠳᠣᠣᠷ᠎ᠠ᠂ ᠮᠠᠨ ᠤ ᠣᠷᠣᠨ ᠤ ᠣᠳᠣ ᠶᠢᠨ ᠬᠡᠷᠡᠭᠵᠢᠭᠦᠯᠵᠦ ᠪᠠᠶᠢᠭ᠎ᠠ ᠰᠠᠯᠭᠠᠨ ᠬᠤᠪᠢᠶᠠᠷᠢᠯᠠᠬᠤ ᠰᠢᠰᠲ᠋ᠧᠮᠵᠢ ᠳᠤ ᠮᠥᠨ ᠲᠣᠳᠣᠷᠬᠠᠢ ᠪᠤᠰᠤ᠂ ᠵᠦᠢ ᠵᠣᠬᠢᠰ ᠦᠭᠡᠢ᠂ ᠵᠢᠷᠤᠮᠵᠢᠯ ᠢᠶᠠᠷ ᠠᠨᠠᠢ ᠵᠡᠷᠭᠡ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠭᠤᠣᠯ ᠢᠯᠡᠷᠡᠯ ᠨᠢ᠄ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠨᠡᠶᠢᠭᠡᠮ ᠤᠨ ᠬᠤᠭᠤᠷᠣᠨᠳᠤᠬᠢ ᠵᠠᠭᠠᠭ ᠬᠢᠵᠠᠭᠠᠷ ᠨᠢ ᠲᠣᠳᠣᠷᠬᠠᠢ ᠪᠤᠰᠤ᠂ ᠵᠠᠰᠠᠭ ᠤᠨ ᠣᠷᠳᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠬᠠᠩᠭᠠᠯᠭ᠎ᠠ ᠳᠤ ︽ᠪᠠᠶᠢᠷᠢ ᠰᠣᠯᠪᠢᠴᠠᠬᠤ︾᠂ ︽ᠪᠠᠶᠢᠷᠢ ᠳᠤᠲᠠᠭᠳᠠᠬᠤ︾ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ ᠱᠠᠲᠤ ᠳᠡᠰ ᠤᠨ ᠬᠤᠭᠤᠷᠣᠨᠳᠤᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠰᠠᠯᠭᠠᠨ ᠬᠤᠪᠢᠶᠠᠷᠢᠯᠠᠭᠰᠠᠨ ᠨᠢ ᠲᠣᠳᠣᠷᠬᠠᠢ ᠪᠤᠰᠤ ᠪᠠᠶᠢᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠨᠢ ᠳᠠᠪᠬᠤᠷᠳᠠᠬᠤ ᠪᠠ ᠰᠣᠯᠪᠢᠴᠠᠬᠤ ᠦᠵᠡᠭᠳᠡᠯ ᠣᠷᠣᠰᠢᠵᠤ ᠪᠠᠶᠢᠨ᠎ᠠ︔ ᠰᠢᠨ᠎ᠡ ᠪᠠᠷ ᠨᠡᠮᠡᠭᠰᠡᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠰᠠᠯᠭᠠᠨ ᠬᠤᠪᠢᠶᠠᠷᠢᠯᠠᠭᠰᠠᠨ ᠦᠨᠳᠦᠰᠦᠯᠡᠯ ᠨᠢ ᠭᠦᠢᠴᠡᠳ ᠪᠤᠰᠤ︔ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠤᠭᠤᠷᠣᠨᠳᠤ᠂ ᠠᠶᠢᠮᠠᠭ ᠬᠤᠲᠠ ᠬᠢᠭᠡᠳ ᠬᠤᠰᠢᠭᠤ ᠰᠢᠶᠠᠨ ᠤ ᠬᠤᠭᠤᠷᠣᠨᠳᠤ ᠣᠷᠣᠯᠭ᠎ᠠ ᠶᠢ ᠰᠠᠯᠭᠠᠨ ᠬᠤᠪᠢᠶᠠᠷᠢᠯᠠᠭᠰᠠᠨ ᠨᠢ ᠬᠡᠷᠡᠭ ᠶᠠᠪᠤᠳᠠᠯ ᠢ ᠬᠠᠮᠢᠶᠠᠷᠬᠤ ᠡᠷᠬᠡ ᠲᠠᠢ ᠲᠣᠬᠢᠷᠠᠯᠴᠠᠬᠤ ᠦᠭᠡᠢ ᠪᠠᠶᠢᠵᠤ᠂ ᠬᠡᠰᠡᠭ ᠭᠠᠵᠠᠷ ᠣᠷᠣᠨ ᠤ ᠣᠷᠣᠯᠭ᠎ᠠ ᠶᠢᠨ ᠵᠥᠷᠢᠴᠡᠯ ᠲᠣᠪᠣᠶᠢᠮ᠎ᠠ ᠪᠠᠶᠢᠨ᠎ᠠ᠃ ᠡᠶᠢᠮᠦᠷᠬᠦᠦ ᠲᠥᠯᠥᠪ ᠪᠠᠶᠢᠳᠠᠯ ᠨᠢ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠬᠤ ᠳᠤ ᠠᠰᠢᠭ ᠦᠭᠡᠢ᠂ ᠵᠠᠰᠠᠭ ᠤᠨ ᠣᠷᠳᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠪᠦᠲᠦᠮᠵᠢᠲᠡᠢ ᠬᠠᠩᠭᠠᠬᠤ ᠳᠤ ᠠᠰᠢᠭ ᠦᠭᠡᠢ ᠪᠠᠶᠢᠵᠤ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠱᠠᠭᠠᠷᠳᠠᠯᠭ᠎ᠠ ᠲᠠᠢ ᠵᠣᠬᠢᠴᠠᠯᠳᠤᠬᠤ ᠦᠭᠡᠢ ᠪᠠᠶᠢᠨ᠎ᠠ᠃ ᠡᠶᠢᠮᠦ ᠠᠴᠠ᠂ ᠡᠷᠬᠡᠪᠰᠢ ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃      ᠬᠤᠶᠠᠷ᠂ ︽ᠬᠡᠷᠡᠭᠵᠢᠭᠦᠯᠬᠦ ᠲᠥᠰᠥᠯ︾᠎ ᠢ ᠨᠡᠶᠢᠲᠡᠯᠡᠭᠰᠡᠨ ᠠᠴᠢ ᠬᠤᠯᠪᠣᠭᠳᠠᠯ ᠨᠢ ᠶᠠᠭᠤ ᠪᠣᠢ︖      ᠨᠢᠭᠡ ᠳᠤ᠂ ︽ᠬᠡᠷᠡᠭᠵᠢᠭᠦᠯᠬᠦ ᠲᠥᠰᠥᠯ︾᠎ ᠤᠨ ᠨᠡᠶᠢᠲᠡᠯᠡᠭᠳᠡᠭᠰᠡᠨ ᠨᠢ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠳᠤ ᠠᠰᠢᠭᠲᠠᠢ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠶᠡᠷᠦᠩᠬᠡᠢ ᠱᠠᠭᠠᠷᠳᠠᠯᠭ᠎ᠠ ᠬᠢᠭᠡᠳ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠢ ᠲᠥᠰᠥᠯ ᠶᠣᠰᠣᠭᠠᠷ᠂ ᠪᠦᠬᠦ ᠲᠠᠯ᠎ᠠ ᠳᠤ ᠰᠠᠭᠤᠷᠢᠯᠠᠨ᠂ ᠠᠯᠤᠰ ᠬᠡᠳᠦ ᠶᠢᠨ ᠬᠠᠷᠠᠯᠲᠠ ᠠᠴᠠ ᠡᠭᠦᠰᠦᠨ ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠲᠥᠯᠥᠪᠯᠡᠵᠦ᠂ ᠠᠯᠬᠤᠮ ᠬᠤᠪᠢᠶᠠᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠰᠠᠯᠭᠠᠨ ᠬᠤᠪᠢᠶᠠᠷᠢᠯᠠᠵᠤ᠂ ᠵᠦᠢ ᠵᠣᠬᠢᠰᠲᠠᠢ ᠪᠠᠷ ᠡᠷᠬᠡ ᠣᠯᠭᠤᠬᠤ᠂ ᠬᠠᠤᠯᠢ ᠶᠣᠰᠣᠭᠠᠷ ᠳᠦᠷᠢᠮᠵᠢᠭᠦᠯᠬᠦ᠂ ᠠᠵᠢᠯᠯᠠᠭᠠᠨ ᠨᠢ ᠦᠷ᠎ᠡ ᠪᠦᠲᠦᠮᠵᠢ ᠰᠠᠶᠢᠲᠠᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠵᠠᠭᠪᠤᠷ ᠢ ᠪᠦᠷᠢᠯᠳᠦᠭᠦᠯᠵᠦ᠂ ᠠᠷᠠᠳ ᠲᠦᠮᠡᠨ ᠢᠶᠠᠷ ᠲᠥᠪ ᠪᠣᠯᠭᠠᠬᠤ ᠶᠢ ᠪᠠᠷᠢᠮᠲᠠᠯᠠᠨ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠳᠤ ᠬᠠᠷᠢᠭᠤᠴᠠᠯᠭ᠎ᠠ ᠬᠠᠩᠭᠠᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠶᠢ ᠠᠬᠢᠭᠤᠯᠤᠨ᠎ᠠ᠃      ᠬᠤᠶᠠᠷ ᠲᠤ᠂ ︽ᠬᠡᠷᠡᠭᠵᠢᠭᠦᠯᠬᠦ ᠲᠥᠰᠥᠯ︾᠎ ᠤᠨ ᠨᠡᠶᠢᠲᠡᠯᠡᠭᠳᠡᠭᠰᠡᠨ ᠨᠢ ᠬᠠᠤᠯᠢ ᠶᠣᠰᠣᠭᠠᠷ ᠣᠷᠣᠨ ᠢᠶᠠᠨ ᠵᠠᠰᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠡᠷᠡᠭᠵᠢᠭᠦᠯᠬᠦ ᠠᠯᠬᠤᠴᠠ ᠶᠢ ᠲᠦᠷᠭᠡᠳᠬᠡᠬᠦ ᠳᠤ ᠠᠰᠢᠭᠲᠠᠢ᠃ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠯ᠎ᠡ ᠱᠠᠲᠤᠨ ᠤ ᠵᠠᠰᠠᠭ ᠤᠨ ᠣᠷᠳᠣᠨ ᠤ ᠬᠤᠭᠤᠷᠣᠨᠳᠤᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠬᠠᠮᠢᠶ᠎ᠠ ᠪᠦᠬᠦᠢ ᠳᠦᠷᠢᠮ ᠢ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠬᠡᠯᠪᠡᠷᠢ ᠪᠠᠷ ᠲᠣᠭᠲᠠᠭᠠᠵᠤ᠂ ᠵᠠᠰᠠᠭ ᠤᠨ ᠣᠷᠳᠣᠨ ᠤ ᠬᠤᠭᠤᠷᠣᠨᠳᠤᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠶᠢ ᠬᠠᠤᠯᠢ ᠪᠠᠷ ᠵᠠᠰᠠᠵᠢᠬᠤ᠂ ᠵᠢᠷᠤᠮᠵᠢᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠂ ᠬᠠᠤᠯᠢ ᠶᠣᠰᠣᠭᠠᠷ ᠣᠷᠣᠨ ᠢᠶᠠᠨ ᠵᠠᠰᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠣᠷᠳᠣᠨ ᠤ ᠪᠠᠶᠢᠭᠤᠯᠤᠮᠵᠢ᠂ ᠡᠭᠦᠷᠭᠡ ᠴᠢᠳᠠᠪᠬᠢ᠂ ᠡᠷᠬᠡ ᠶᠢᠨ ᠬᠢᠵᠠᠭᠠᠷᠯᠠᠯ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠬᠠᠤᠯᠢ ᠴᠠᠭᠠᠵᠠ ᠪᠠ ᠳᠦᠷᠢᠮ ᠤᠨ ᠲᠥᠰᠥᠪ ᠳᠣᠲᠣᠷ᠎ᠠ ᠠᠵᠢᠯᠯᠠᠭᠤᠯᠤᠨ᠎ᠠ᠃      ᠭᠤᠷᠪᠠ ᠳᠤ᠂ ︽ᠬᠡᠷᠡᠭᠵᠢᠭᠦᠯᠬᠦ ᠲᠥᠰᠥᠯ︾᠎ ᠤᠨ ᠨᠡᠶᠢᠲᠡᠯᠡᠭᠳᠡᠭᠰᠡᠨ ᠨᠢ ᠮᠠᠨ ᠤ ᠣᠷᠣᠨ ᠤ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠪᠠ᠃ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠰᠠᠯᠭᠠᠨ ᠬᠤᠪᠢᠶᠠᠷᠢᠯᠠᠬᠤ ᠪᠣᠯ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠪᠦᠲᠦᠮᠵᠢᠲᠡᠢ ᠠᠵᠢᠯᠯᠠᠭᠤᠯᠬᠤ ᠶᠢᠨ ᠰᠠᠭᠤᠷᠢ ᠪᠠ ᠲᠤᠯᠭᠠᠭᠤᠷᠢᠯᠠᠯ ᠪᠠᠶᠢᠵᠤ᠂ ᠵᠠᠰᠠᠭ ᠤᠨ ᠣᠷᠳᠣᠨ ᠤ ᠬᠤᠭᠤᠷᠣᠨᠳᠤᠬᠢ ᠡᠳ᠋ ᠤᠨ ᠵᠠᠰᠠᠭ ᠤᠨ ᠬᠠᠷᠢᠴᠠᠭ᠎ᠠ ᠶᠢ ᠰᠢᠯᠤᠭᠤᠳᠬᠠᠬᠤ ᠯᠣᠭᠢᠭ ᠤᠨ ᠡᠬᠢᠯᠡᠯᠲᠡ ᠪᠠ ᠤᠷᠢᠳᠠᠴᠢ ᠨᠥᠬᠦᠴᠡᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠥᠪᠡᠷᠲᠡᠭᠡᠨ ᠵᠠᠰᠠᠬᠤ ᠣᠷᠣᠨ ᠤ ᠳᠣᠷᠣᠭᠰᠢ ᠰᠢᠯᠵᠢᠭᠦᠯᠦᠨ ᠣᠯᠭᠤᠬᠤ ᠳᠦᠷᠢᠮ ᠢ ᠲᠡᠭᠦᠯᠳᠡᠷᠵᠢᠭᠦᠯᠦᠨ᠂ ᠡᠳ᠋ ᠤᠨ ᠬᠦᠴᠦᠨ ᠬᠢᠭᠡᠳ ᠬᠡᠷᠡᠭ ᠶᠠᠪᠤᠳᠠᠯ ᠢ ᠬᠠᠮᠢᠶᠠᠷᠬᠤ ᠡᠷᠬᠡ ᠶᠢᠨ ᠬᠠᠷᠢᠯᠴᠠᠨ ᠲᠣᠬᠢᠷᠠᠯᠴᠠᠭᠰᠠᠨ ᠡᠳ᠋ ᠤᠨ ᠵᠠᠰᠠᠭ ᠤᠨ ᠳᠦᠷᠢᠮ ᠢ ᠪᠦᠷᠢᠯᠳᠦᠭᠦᠯᠦᠭᠰᠡᠨ ᠨᠢ᠂ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠳᠦᠷᠢᠮ ᠤᠨ ᠥᠭᠡᠷᠡᠴᠢᠯᠡᠯᠲᠡ ᠶᠢᠨ ᠭᠦᠨᠵᠡᠭᠡᠶᠢᠷᠡᠬᠦ ᠱᠠᠲᠤᠨ ᠳᠤ ᠣᠷᠣᠭᠰᠠᠨ ᠤ ᠬᠠᠮᠲᠤ ᠮᠥᠨ ᠴᠢᠨᠠᠷ ᠤᠨ ᠠᠯᠬᠤᠴᠠ ᠶᠢ ᠠᠯᠬᠤᠭᠰᠠᠨ ᠢ ᠬᠠᠷᠠᠭᠤᠯᠵᠤ ᠪᠠᠶᠢᠨ᠎ᠠ᠃      ᠭᠤᠷᠪᠠ᠂ ︽ᠬᠡᠷᠡᠭᠵᠢᠭᠦᠯᠬᠦ ᠲᠥᠰᠥᠯ︾᠎ ᠳᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠳᠤ ᠶᠠᠮᠠᠷ ᠵᠠᠷᠴᠢᠮ ᠳᠤ ᠰᠠᠭᠤᠷᠢᠯᠠᠨ ᠪᠣᠳᠣᠯᠬᠢᠯᠠᠭᠰᠠᠨ ᠪᠣᠢ︖      ᠨᠢᠭᠡ ᠳᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠠᠰᠢᠭ ᠬᠦᠷᠲᠡᠭᠡᠬᠦ ᠬᠡᠪᠴᠢᠶ᠎ᠡ ᠶᠢ ᠢᠯᠡᠷᠡᠭᠦᠯᠦᠨ᠎ᠡ᠃ ᠲᠥᠪ ᠠᠴᠠ ᠣᠯᠭᠤᠭᠰᠠᠨ ᠡᠷᠬᠡ ᠶᠢᠨ ᠬᠡᠪᠴᠢᠶᠡᠨ ᠳᠣᠲᠣᠷ᠎ᠠ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠵᠦᠢ ᠵᠣᠬᠢᠰᠲᠠᠢ ᠲᠣᠭᠲᠠᠭᠠᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠠᠰᠢᠭ ᠬᠦᠷᠲᠡᠭᠡᠬᠦ ᠬᠡᠪᠴᠢᠶ᠎ᠡ ᠶᠢ ᠵᠠᠰᠠᠭ ᠤᠨ ᠣᠷᠳᠣᠨ ᠤ ᠬᠠᠷᠢᠶ᠎ᠠ ᠣᠷᠣᠨ ᠬᠡᠪᠴᠢᠶ᠎ᠡ ᠲᠠᠢ ᠨᠢᠭᠡᠳᠦᠯᠲᠡᠢ ᠪᠠᠶᠢᠯᠭᠠᠵᠤ᠂ ᠠᠰᠢᠭ ᠬᠦᠷᠲᠡᠭᠡᠬᠦ ᠬᠡᠪᠴᠢᠶ᠎ᠡ ᠨᠢ ᠪᠦᠬᠦ ᠣᠷᠣᠨ ᠢ ᠬᠠᠮᠤᠷᠤᠭᠰᠠᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠥᠪᠡᠷᠲᠡᠭᠡᠨ ᠵᠠᠰᠠᠬᠤ ᠣᠷᠣᠨ ᠤ ᠱᠠᠲᠤ ᠠᠴᠠ ᠬᠠᠷᠢᠭᠤᠴᠠᠨ᠂ ᠭᠠᠵᠠᠷ ᠣᠷᠣᠨ ᠤ ᠴᠢᠨᠠᠷᠲᠠᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠠᠶᠢᠮᠠᠭ ᠬᠤᠲᠠ ᠠᠴᠠ ᠬᠠᠷᠢᠭᠤᠴᠠᠵᠤ᠂ ᠠᠶᠢᠮᠠᠭ ᠬᠤᠲᠠ ᠶᠢ ᠠᠯᠤᠰᠯᠠᠭᠰᠠᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠠᠴᠠ ᠬᠠᠮᠲᠤ ᠪᠠᠷ ᠬᠠᠷᠢᠭᠤᠴᠠᠨ᠎ᠠ᠃      ᠬᠤᠶᠠᠷ ᠲᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠬᠢᠭᠡᠳ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠬᠠᠪᠰᠤᠷᠭᠠᠨ᠎ᠠ᠃ ᠮᠠᠨ ᠤ ᠣᠷᠣᠨ ᠤ ᠣᠳᠣ ᠶᠢᠨ ᠪᠠᠶᠢᠭ᠎ᠠ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠬᠢᠭᠡᠳ ᠪᠠᠶᠢᠭᠤᠯᠤᠮᠵᠢ ᠶᠢᠨ ᠲᠣᠬᠢᠷᠠᠭᠤᠯᠤᠯᠲᠠ ᠲᠠᠢ ᠤᠶᠠᠯᠳᠤᠭᠤᠯᠵᠤ᠂ ᠠᠶᠢᠮᠠᠭ ᠬᠤᠲᠠ ᠠᠴᠠ ᠳᠣᠭᠤᠭᠰᠢᠬᠢ ᠵᠠᠰᠠᠭ ᠤᠨ ᠣᠷᠳᠣᠨ ᠢᠯᠠᠩᠭᠤᠶ᠎ᠠ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠴᠢᠳᠠᠪᠤᠷᠢ ᠴᠢᠩᠭ᠎ᠠ᠂ ᠦᠨᠳᠦᠰᠦᠨ ᠱᠠᠲᠤ ᠲᠠᠢ ᠣᠶᠢᠷᠠᠲᠤᠭᠰᠠᠨ᠂ ᠮᠡᠳᠡᠭᠡ ᠵᠠᠩᠭᠢ ᠶᠢ ᠣᠯᠵᠠᠯᠠᠬᠤ ᠳᠤ ᠳᠥᠭᠦᠮ ᠪᠠᠶᠢᠭ᠎ᠠ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠵᠤ᠂ ᠱᠠᠭᠠᠷᠳᠠᠭᠳᠠᠬᠤ ᠮᠡᠳᠡᠭᠡ ᠵᠠᠩᠭᠢ ᠶᠢᠨ ᠬᠡᠮᠵᠢᠶ᠎ᠡ ᠶᠡᠭᠡ᠂ ᠮᠡᠳᠡᠭᠡ ᠵᠠᠩᠭᠢ ᠨᠢ ᠪᠤᠳᠤᠯᠢᠶᠠᠨᠲᠠᠢ ᠮᠥᠷᠲᠡᠭᠡᠨ ᠣᠯᠵᠠᠯᠠᠬᠤ ᠳᠤ ᠬᠦᠴᠢᠷ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠤᠷᠢᠳ ᠢᠶᠠᠷ ᠠᠶᠢᠮᠠᠭ ᠬᠤᠲᠠ ᠠᠴᠠ ᠳᠣᠭᠤᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠣᠯᠭᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠮᠡᠳᠡᠭᠡ ᠵᠠᠩᠭᠢ ᠶᠢ ᠨᠢ ᠣᠯᠵᠠᠯᠠᠬᠤ ᠬᠢᠭᠡᠳ ᠢᠯᠭᠠᠨ ᠲᠣᠳᠣᠯᠠᠬᠤ ᠳᠤ ᠬᠠᠷᠢᠴᠠᠩᠭᠤᠢ ᠠᠮᠠᠷᠬᠠᠨ ᠪᠦᠬᠦ ᠣᠷᠣᠨ ᠤ ᠴᠢᠨᠠᠷᠲᠠᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠣᠯᠭᠠᠬᠤ ᠳᠤ ᠲᠣᠬᠢᠷᠠᠨ᠎ᠠ᠃      ᠭᠤᠷᠪᠠ ᠳᠤ᠂ ᠡᠷᠬᠡ᠂ ᠬᠠᠷᠢᠭᠤᠴᠠᠯᠭ᠎ᠠ᠂ ᠠᠰᠢᠭ ᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠠᠴᠠ ᠡᠭᠦᠷᠭᠡᠯᠡᠬᠦ ᠳᠤ ᠲᠣᠬᠢᠷᠠᠬᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠬᠡᠷᠡᠭᠵᠢᠭᠦᠯᠬᠦ ᠡᠷᠬᠡ ᠶᠢ ᠠᠯᠬᠤᠮ ᠠᠯᠬᠤᠮ ᠢᠶᠠᠷ ᠳᠡᠭᠡᠭᠰᠢ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠬᠡᠷᠡᠭᠵᠢᠭᠦᠯᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠢ︔ ᠠᠶᠢᠮᠠᠭ ᠬᠤᠲᠠ ᠠᠴᠠ ᠡᠭᠦᠷᠭᠡᠯᠡᠬᠦ ᠳᠤ ᠲᠣᠬᠢᠷᠠᠬᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠶᠢ ᠠᠯᠬᠤᠮ ᠠᠯᠬᠤᠮ ᠢᠶᠠᠷ ᠳᠣᠷᠣᠭᠰᠢ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠤᠳ ᠤᠨ ᠠᠶᠢᠮᠠᠭ ᠬᠤᠲᠠ ᠶᠢ ᠣᠷᠣᠯᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠢ ᠬᠠᠰᠤᠨ ᠪᠠᠭᠠᠰᠬᠠᠵᠤ᠂ ᠠᠶᠢᠮᠠᠭ ᠬᠤᠲᠠ ᠶᠢᠨ ᠣᠷᠣᠨ ᠬᠡᠪᠴᠢᠶᠡᠨ ᠤ ᠳᠣᠲᠣᠷᠠᠬᠢ ᠠᠵᠢᠯ ᠶᠠᠪᠤᠳᠠᠯ ᠢᠶᠠᠨ ᠪᠦᠲᠦᠮᠵᠢᠲᠡᠢ ᠬᠠᠮᠢᠶᠠᠷᠬᠤ ᠶᠢ ᠪᠠᠲᠤᠯᠠᠬᠤ ᠬᠡᠷᠡᠭᠲᠡᠢ᠃ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠬᠠᠮᠲᠤ ᠶᠢᠨ ᠡᠷᠬᠡ ᠳᠣᠲᠣᠷᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠭᠦᠢᠴᠡᠳᠬᠡᠬᠦ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠡᠷᠡᠭᠵᠢᠭᠦᠯᠦᠯᠲᠡ᠂ ᠬᠢᠨᠠᠯᠲᠠ ᠦᠨᠡᠯᠡᠯᠲᠡ ᠵᠡᠷᠭᠡ ᠡᠯ᠎ᠡ ᠭᠤᠭᠴᠤᠭ᠎ᠠ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠤᠭᠤᠷᠣᠨᠳᠤ ᠵᠦᠢ ᠵᠣᠬᠢᠰᠲᠠᠢ ᠲᠣᠬᠢᠷᠠᠭᠤᠯᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠭᠦᠢᠴᠡᠳᠬᠡᠬᠦ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠮᠥᠷᠲᠡᠭᠡᠨ ᠪᠦᠬᠦ ᠶᠠᠪᠤᠴᠠ ᠳᠤ ᠬᠠᠮᠤᠷᠤᠭᠤᠯᠬᠤ ᠬᠡᠷᠡᠭᠲᠡᠢ᠃      ᠳᠥᠷᠪᠡ ᠳᠤ᠂ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠶᠢ ᠵᠣᠷᠢᠭᠵᠢᠭᠤᠯᠤᠨ᠎ᠠ᠃ ᠪᠦᠲᠦᠮᠵᠢᠲᠡᠢ ᠪᠠᠷ ᠡᠷᠬᠡ ᠣᠯᠭᠤᠬᠤ ᠪᠠᠷ ᠳᠠᠮᠵᠢᠭᠤᠯᠵᠤ᠂ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠵᠦᠢ ᠵᠣᠬᠢᠰᠲᠠᠢ ᠲᠣᠭᠲᠠᠭᠠᠨ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠠᠰᠢᠭ ᠬᠦᠷᠲᠡᠭᠡᠬᠦ ᠬᠡᠪᠴᠢᠶ᠎ᠡ ᠶᠢ ᠵᠠᠰᠠᠭ ᠤᠨ ᠣᠷᠳᠣᠨ ᠤ ᠬᠠᠷᠢᠶ᠎ᠠ ᠣᠷᠣᠨ ᠬᠡᠪᠴᠢᠶ᠎ᠡ ᠲᠠᠢ ᠨᠢᠭᠡᠳᠦᠯᠲᠡᠢ ᠪᠠᠶᠢᠯᠭᠠᠵᠤ᠂ ᠠᠶᠢᠮᠠᠭ ᠬᠤᠲᠠ ᠠᠴᠠ ᠳᠣᠭᠤᠭᠰᠢᠬᠢ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷᠢᠶ᠎ᠠ ᠣᠷᠣᠨ ᠤ ᠬᠡᠪᠴᠢᠶᠡᠨ ᠳᠣᠲᠣᠷᠠᠬᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠪᠠᠨ ᠬᠠᠩᠭᠠᠨ ᠪᠠᠲᠤᠯᠠᠬᠤ ᠶᠢ ᠴᠢᠳᠠᠯ ᠤᠨ ᠬᠢᠷᠢ ᠪᠠᠷ ᠢᠶᠠᠨ ᠰᠠᠶᠢᠲᠤᠷ ᠬᠢᠬᠦ ᠶᠢ ᠵᠣᠷᠢᠭᠵᠢᠭᠤᠯᠵᠤ᠂ ᠥᠯᠥ ᠭᠦᠢᠴᠡᠳᠬᠡᠬᠦ ᠪᠤᠶᠤ ᠬᠡᠰᠡᠭ ᠲᠠᠯ᠎ᠠ ᠶᠢᠨ ᠠᠰᠢᠭ ᠲᠤᠰᠠ ᠶᠢ ᠬᠥᠭᠡᠭᠡᠴᠡᠯᠳᠦᠬᠦ ᠠᠴᠠ ᠪᠣᠯᠵᠤ ᠪᠤᠰᠤᠳ ᠭᠠᠵᠠᠷ ᠣᠷᠣᠨ ᠤ ᠠᠰᠢᠭ ᠲᠤᠰᠠ ᠪᠤᠶᠤ ᠪᠦᠬᠦᠯᠢ ᠴᠣᠭᠴᠠ ᠶᠢᠨ ᠠᠰᠢᠭ ᠲᠤᠰᠠ ᠶᠢ ᠬᠤᠬᠢᠷᠠᠭᠤᠯᠬᠤ ᠠᠵᠢᠯᠯᠠᠭ᠎ᠠ ᠡᠭᠦᠰᠬᠦ ᠠᠴᠠ ᠵᠠᠶᠢᠯᠠᠰᠬᠢᠨ᠎ᠠ᠃      ᠲᠠᠪᠤ ᠳᠤ᠂ ᠵᠠᠷᠤᠯᠭ᠎ᠠ ᠶᠢᠨ ᠬᠠᠷᠢᠭᠤᠴᠠᠯᠭ᠎ᠠ ᠬᠢᠭᠡᠳ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠬᠠᠷᠢᠯᠴᠠᠨ ᠵᠣᠬᠢᠴᠠᠯᠳᠤᠭᠤᠯᠤᠨ᠎ᠠ᠃ ︽ᠬᠡᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠣᠯ ᠬᠡᠨ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ︾ ᠵᠠᠷᠴᠢᠮ ᠶᠣᠰᠣᠭᠠᠷ᠂ ᠡᠯ᠎ᠡ ᠱᠠᠲᠤᠨ ᠤ ᠵᠠᠰᠠᠭ ᠤᠨ ᠣᠷᠳᠣᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠬᠤ ᠮᠥᠷᠲᠡᠭᠡᠨ ᠥᠪᠡᠷᠲᠡᠭᠡᠨ ᠵᠠᠰᠠᠬᠤ ᠣᠷᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠳᠤ᠂ ᠵᠠᠷᠴᠢᠮ ᠳᠡᠭᠡᠷ᠎ᠡ ᠪᠠᠨ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠳᠤ ᠬᠠᠷᠢᠶᠠᠯᠠᠭᠳᠠᠬᠤ ᠮᠥᠷᠲᠡᠭᠡᠨ ᠠᠶᠢᠮᠠᠭ ᠬᠤᠲᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠳᠤ᠂ ᠵᠠᠷᠴᠢᠮ ᠳᠡᠭᠡᠷ᠎ᠡ ᠪᠠᠨ ᠠᠶᠢᠮᠠᠭ ᠬᠤᠲᠠ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠳᠤ ᠬᠠᠮᠲᠤ ᠳᠤ ᠨᠢ ᠬᠠᠷᠢᠶᠠᠯᠠᠭᠳᠠᠬᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠳᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠠᠰᠢᠭ ᠬᠦᠷᠲᠡᠭᠡᠬᠦ ᠬᠡᠪᠴᠢᠶ᠎ᠡ᠂ ᠨᠥᠯᠥᠭᠡᠯᠡᠬᠦ ᠬᠡᠮᠵᠢᠶ᠎ᠡ ᠶᠢ ᠦᠨᠳᠦᠰᠦᠯᠡᠵᠦ᠂ ᠪᠠᠶᠢᠳᠠᠯ ᠢ ᠢᠯᠭᠠᠨ ᠰᠠᠯᠭᠠᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠵᠠᠷᠤᠯᠭ᠎ᠠ ᠶᠢᠨ ᠬᠠᠷᠢᠭᠤᠴᠠᠯᠭ᠎ᠠ ᠵᠢᠴᠢ ᠡᠭᠦᠷᠭᠡᠯᠡᠬᠦ ᠠᠷᠭ᠎ᠠ ᠬᠡᠯᠪᠡᠷᠢ ᠶᠢ ᠲᠣᠭᠲᠠᠭᠠᠨ᠎ᠠ᠃      ᠳᠥᠷᠪᠡ᠂ ︽ᠬᠡᠷᠡᠭᠵᠢᠭᠦᠯᠬᠦ ᠲᠥᠰᠥᠯ︾᠎ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠶᠢᠨ ᠭᠤᠣᠯ ᠠᠭᠤᠯᠭ᠎ᠠ ᠨᠢ ᠶᠠᠭᠤ ᠪᠣᠢ︖      ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠲᠣᠳᠣᠷᠬᠠᠢ ᠵᠠᠭᠠᠭᠯᠠᠨ ᠲᠣᠭᠲᠠᠭᠠᠨ᠎ᠠ᠃ ᠠᠵᠤ ᠠᠬᠤᠢ ᠨᠡᠶᠢᠭᠡᠮ ᠤᠨ ᠲᠣᠭᠲᠠᠭᠤᠨ ᠢ ᠪᠠᠲᠤᠯᠠᠬᠤ᠂ ᠠᠵᠤ ᠠᠬᠤᠢ ᠶᠢᠨ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠬᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠲᠡᠩᠴᠡᠭᠦᠷᠢᠰᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠵᠠᠷᠴᠢᠮ ᠳᠡᠭᠡᠷ᠎ᠡ ᠪᠠᠨ ᠥᠪᠡᠷᠲᠡᠭᠡᠨ ᠵᠠᠰᠠᠬᠤ ᠣᠷᠣᠨ ᠠᠴᠠ ᠰᠢᠭᠤᠳ ᠬᠡᠷᠡᠭᠵᠢᠭᠦᠯᠦᠨ᠎ᠡ᠃ ᠦᠨᠡᠨ ᠬᠦ ᠠᠶᠢᠮᠠᠭ ᠬᠤᠲᠠ ᠳᠤ ᠨᠠᠶᠢᠳᠠᠨ ᠬᠡᠷᠡᠭᠵᠢᠭᠦᠯᠬᠦ ᠴᠢᠬᠤᠯᠠᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ᠠᠶᠢᠮᠠᠭ ᠬᠤᠲᠠ ᠳᠤ ᠨᠠᠶᠢᠳᠠᠨ ᠬᠡᠷᠡᠭᠵᠢᠭᠦᠯᠬᠦ ᠶᠢᠨ ᠬᠠᠮᠲᠤ᠂ ᠣᠷᠣᠨ ᠨᠤᠲᠤᠭ ᠤᠨ ᠴᠢᠨᠠᠷᠲᠠᠢ ᠬᠠᠷᠠᠭᠠᠯᠵᠠᠭᠰᠠᠨ ᠬᠠᠤᠯᠢ ᠳᠦᠷᠢᠮ ᠪᠤᠶᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠢᠶᠠᠷ ᠳᠠᠮᠵᠢᠭᠤᠯᠤᠨ ᠲᠣᠳᠣᠷᠬᠠᠶᠢᠯᠠᠨ᠎ᠠ᠃      ᠬᠤᠶᠠᠷ ᠲᠤ᠂ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠨ ᠭᠦᠢᠴᠡᠳᠬᠡᠬᠦ ᠶᠢ ᠪᠠᠲᠤᠯᠠᠨ᠎ᠠ᠃ ᠰᠢᠭᠤᠳ ᠦᠨᠳᠦᠰᠦᠨ ᠱᠠᠲᠤᠨ ᠳᠤ ᠬᠠᠨᠳᠤᠭᠤᠯᠤᠭᠰᠠᠨ᠂ ᠬᠡᠮᠵᠢᠶ᠎ᠡ ᠨᠢ ᠶᠡᠭᠡ ᠬᠡᠪᠴᠢᠶ᠎ᠡ ᠨᠢ ᠥᠷᠭᠡᠨ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠠᠢ ᠨᠢᠭᠲᠠ ᠬᠤᠯᠪᠣᠭ᠎ᠠ ᠲᠠᠢ᠂ ᠠᠶᠢᠮᠠᠭ ᠬᠤᠲᠠ ᠠᠴᠠ ᠬᠠᠩᠭᠠᠭᠰᠠᠨ ᠨᠡᠩ ᠳᠥᠭᠦᠮ ᠮᠥᠷᠲᠡᠭᠡᠨ ᠪᠦᠲᠦᠮᠵᠢᠲᠡᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠷ ᠲᠣᠭᠲᠠᠭᠠᠵᠤ᠂ ᠠᠶᠢᠮᠠᠭ ᠬᠤᠲᠠ ᠶᠢᠨ ᠵᠠᠰᠠᠭ ᠤᠨ ᠣᠷᠳᠣᠨ ᠳᠤ ᠭᠦᠢᠴᠡᠳ ᠡᠵᠡᠨ ᠮᠡᠳᠡᠬᠦ ᠡᠷᠬᠡ ᠣᠯᠭᠤᠵᠤ᠂ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠨ ᠭᠦᠢᠴᠡᠳᠬᠡᠬᠦ ᠶᠢ ᠬᠠᠤᠯᠢ ᠶᠣᠰᠣᠭᠠᠷ ᠪᠠᠲᠤᠯᠠᠵᠤ᠂ ᠣᠷᠣᠨ ᠨᠤᠲᠤᠭ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠨ᠎ᠠ᠃      ᠭᠤᠷᠪᠠ ᠳᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠵᠢᠷᠤᠮᠵᠢᠭᠤᠯᠤᠨ ᠰᠢᠯᠤᠭᠤᠳᠬᠠᠨ᠎ᠠ᠃ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠠᠯᠬᠤᠮ ᠠᠯᠬᠤᠮ ᠢᠶᠠᠷ ᠬᠠᠰᠤᠨ ᠪᠠᠭᠠᠰᠬᠠᠬᠤ ᠮᠥᠷᠲᠡᠭᠡᠨ ᠵᠢᠷᠤᠮᠵᠢᠭᠤᠯᠬᠤ ᠶᠢᠨ ᠬᠠᠮᠲᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠠᠰᠢᠭ ᠬᠦᠷᠲᠡᠭᠡᠬᠦ ᠬᠡᠪᠴᠢᠶ᠎ᠡ᠂ ᠨᠥᠯᠥᠭᠡᠯᠡᠬᠦ ᠬᠡᠮᠵᠢᠶ᠎ᠡ ᠶᠢ ᠦᠨᠳᠦᠰᠦᠯᠡᠵᠦ᠂ ᠬᠡᠷᠡᠭ ᠶᠠᠪᠤᠳᠠᠯ ᠢ ᠬᠠᠮᠢᠶᠠᠷᠬᠤ ᠡᠷᠬᠡ ᠶᠣᠰᠣᠭᠠᠷ ᠡᠯᠧᠮᠧᠨ᠋ᠲ ᠪᠠ ᠬᠡᠷᠡᠭᠵᠢᠭᠦᠯᠬᠦ ᠭᠤᠭᠴᠤᠭ᠎ᠠ ᠶᠢ ᠪᠦᠷᠢᠯᠳᠦᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠶᠢ ᠢᠯᠭᠠᠨ ᠬᠤᠪᠢᠶᠠᠷᠢᠯᠠᠵᠤ ᠨᠠᠷᠢᠯᠢᠭᠵᠢᠭᠤᠯᠤᠨ᠂ ᠡᠭᠦᠷᠭᠡ ᠬᠠᠷᠢᠭᠤᠴᠠᠯᠭ᠎ᠠ ᠲᠣᠳᠣᠷᠬᠠᠢ ᠪᠤᠰᠤ ᠠᠴᠠ ᠪᠣᠯᠵᠤ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠬᠦ ᠠᠴᠠ ᠵᠠᠶᠢᠯᠠᠰᠬᠢᠨ᠎ᠠ᠃      ᠳᠥᠷᠪᠡ ᠳᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠰᠠᠯᠭᠠᠨ ᠬᠤᠪᠢᠶᠠᠷᠢᠯᠠᠬᠤ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠤᠭᠤᠷᠣᠨᠳᠤ ᠰᠠᠯᠭᠠᠨ ᠬᠤᠪᠢᠶᠠᠷᠢᠯᠠᠬᠤ ᠳᠤ᠂ ᠵᠢᠱᠢᠶᠡᠯᠡᠪᠡᠯ ᠣᠳᠣ ᠶᠢᠨ ᠶᠠᠪᠤᠭᠤᠯᠵᠤ ᠪᠠᠶᠢᠭ᠎ᠠ ᠥᠭᠡᠷᠡᠴᠢᠯᠡᠯᠲᠡ ᠠᠴᠠ ᠪᠣᠯᠵᠤ ᠲᠥᠪ ᠤᠨ ᠬᠤᠶᠢᠨᠠᠬᠢ ᠦᠷᠭᠦᠯᠵᠢᠯᠡᠯ ᠲᠣᠭᠲᠠᠭᠠᠯ ᠲᠠᠢ ᠨᠢᠭᠡᠳᠦᠯ ᠦᠭᠡᠢ ᠪᠣᠯᠣᠭᠰᠠᠨ ᠪᠣᠯ᠂ ᠲᠥᠪ ᠤᠨ ᠲᠣᠭᠲᠠᠭᠠᠯ ᠶᠣᠰᠣᠭᠠᠷ ᠴᠠᠭ ᠲᠤᠬᠠᠢ ᠳᠤᠨᠢ ᠲᠣᠬᠢᠷᠠᠭᠤᠯᠤᠯᠲᠠ ᠬᠢᠨ᠎ᠡ᠃ ᠰᠢᠨ᠎ᠡ ᠪᠠᠷ ᠨᠡᠮᠡᠭᠰᠡᠨ ᠵᠢᠴᠢ ᠬᠠᠷᠠᠬᠠᠨ ᠲᠣᠳᠣᠷᠬᠠᠢ ᠰᠠᠯᠭᠠᠨ ᠬᠤᠪᠢᠶᠠᠷᠢᠯᠠᠭ᠎ᠠ ᠦᠭᠡᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠳᠤ᠂ ᠲᠥᠪ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠢᠴᠢ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠬᠦᠴᠦᠨ ᠤ ᠨᠡᠮᠡᠭᠳᠡᠯ ᠤᠨ ᠪᠠᠶᠢᠳᠠᠯ ᠢ ᠦᠨᠳᠦᠰᠦᠯᠡᠵᠦ᠂ ᠵᠠᠬ᠎ᠠ ᠳᠡᠯᠭᠡᠭᠦᠷ ᠪᠤᠶᠤ ᠨᠡᠶᠢᠭᠡᠮ ᠠᠴᠠ ᠡᠭᠦᠷᠭᠡᠯᠡᠪᠡᠰᠦ ᠵᠣᠬᠢᠬᠤ ᠠᠵᠢᠯ ᠶᠠᠪᠤᠳᠠᠯ ᠢ ᠵᠠᠬ᠎ᠠ ᠳᠡᠯᠭᠡᠭᠦᠷ ᠤᠨ ᠭᠤᠣᠯ ᠴᠣᠭᠴᠠ ᠪᠤᠶᠤ ᠨᠡᠶᠢᠭᠡᠮ ᠤᠨ ᠬᠦᠴᠦᠨ ᠳᠤ ᠲᠤᠰᠢᠶᠠᠨ ᠡᠭᠦᠷᠭᠡᠯᠡᠭᠦᠯᠵᠦ᠂ ᠵᠠᠰᠠᠭ ᠤᠨ ᠣᠷᠳᠣᠨ ᠠᠴᠠ ᠬᠠᠩᠭᠠᠪᠠᠰᠤ ᠵᠣᠬᠢᠬᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠳᠤ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠤᠳᠤᠯᠤᠯᠲᠠ ᠬᠢᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠰᠠᠯᠭᠠᠨ ᠬᠤᠪᠢᠶᠠᠷᠢᠯᠠᠬᠤ ᠶᠢ ᠲᠣᠳᠣᠷᠬᠠᠶᠢᠯᠠᠬᠤ ᠬᠡᠷᠡᠭᠲᠡᠢ᠃      ᠲᠠᠪᠤ ᠳᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠳᠤ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠠᠴᠠ ᠡᠭᠦᠷᠭᠡᠯᠡᠬᠦ ᠵᠠᠷᠤᠯᠭ᠎ᠠ ᠶᠢᠨ ᠬᠠᠷᠢᠭᠤᠴᠠᠯᠭ᠎ᠠ ᠶᠢ ᠲᠤᠰ ᠲᠤᠰ ᠲᠤ ᠨᠢ ᠲᠣᠭᠲᠠᠭᠠᠬᠤ ᠬᠡᠷᠡᠭᠲᠡᠢ᠃  ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠬᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠠᠷᠤᠳᠠᠯ ᠢ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠬᠢᠭᠡᠳ ᠰᠢᠭᠤᠳ ᠬᠠᠷᠢᠶ᠎ᠠ ᠪᠠᠶᠢᠭᠤᠯᠭ᠎ᠠ ᠠᠴᠠ ᠠᠶᠢᠮᠠᠭ ᠬᠤᠲᠠ ᠪᠠᠷ ᠲᠥᠬᠦᠷᠵᠢᠭᠰᠡᠨ ᠪᠡᠯᠡ ᠮᠥᠩᠭᠦ ᠲᠣᠬᠢᠷᠠᠭᠤᠯᠤᠭᠤᠯᠬᠤ ᠪᠠᠷ ᠱᠠᠭᠠᠷᠳᠠᠵᠤ ᠪᠣᠯᠬᠤ ᠦᠭᠡᠢ᠃ ᠠᠶᠢᠮᠠᠭ ᠬᠤᠲᠠ ᠳᠤ ᠬᠠᠷᠢᠶᠠᠯᠠᠭᠳᠠᠬᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠵᠠᠷᠴᠢᠮ ᠳᠡᠭᠡᠷ᠎ᠡ ᠪᠠᠨ ᠠᠶᠢᠮᠠᠭ ᠬᠤᠲᠠ ᠠᠴᠠ ᠥᠪᠡᠷ ᠤᠨ ᠪᠠᠶᠢᠭ᠎ᠠ ᠡᠳ᠋ ᠤᠨ ᠬᠦᠴᠦᠨ ᠢᠶᠠᠷ ᠢᠶᠠᠨ ᠳᠠᠮᠵᠢᠨ ᠲᠣᠬᠢᠷᠠᠭᠤᠯᠤᠨ᠎ᠠ᠃ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠨ ᠭᠦᠢᠴᠡᠳᠬᠡᠬᠦ᠂ ᠵᠠᠷᠤᠯᠭ᠎ᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠭ᠎ᠠ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠢ ᠭᠤᠣᠯᠳᠠᠭᠤ ᠳᠡᠭᠡᠳᠦ ᠱᠠᠲᠤᠨ ᠤ ᠵᠠᠰᠠᠭ ᠤᠨ ᠣᠷᠳᠣᠨ ᠠᠴᠠ ᠶᠡᠷᠦᠳᠡ ᠶᠢᠨ ᠴᠢᠨᠠᠷᠲᠠᠢ ᠪᠠᠷ ᠰᠢᠯᠵᠢᠭᠦᠯᠦᠨ ᠣᠯᠭᠤᠬᠤ ᠪᠠᠷ ᠳᠠᠮᠵᠢᠭᠤᠯᠤᠨ ᠨᠥᠬᠦᠪᠦᠷᠢᠯᠡᠨ᠎ᠡ᠃      ᠵᠢᠷᠭᠤᠭ᠎ᠠ ᠳᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠳᠤ ᠪᠠᠶᠢᠳᠠᠯ ᠢ ᠢᠯᠭᠠᠨ ᠰᠠᠯᠭᠠᠵᠤ ᠪᠠᠶᠢᠭᠠᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠬᠡᠷᠡᠭᠲᠡᠢ᠃ ᠤᠯᠤᠰ ᠠᠷᠠᠳ ᠤᠨ ᠣᠯᠭᠤᠮᠵᠢ ᠬᠢᠭᠡᠳ ᠠᠷᠠᠳ ᠢᠷᠭᠡᠳ ᠤᠨ ᠡᠷᠬᠡ ᠠᠰᠢᠭ ᠢ ᠢᠯᠡᠷᠡᠭᠦᠯᠦᠭᠰᠡᠨ᠂ ᠬᠤᠯᠪᠣᠭᠳᠠᠬᠤ ᠡᠯᠧᠮᠧᠨ᠋ᠲ ᠨᠢ ᠴᠢᠯᠦᠭᠡᠲᠡᠢ ᠰᠢᠯᠵᠢᠭᠰᠡᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠲᠥᠪ ᠠᠴᠠ ᠲᠣᠭᠲᠠᠭᠠᠭᠰᠠᠨ ᠪᠦᠬᠦ ᠤᠯᠤᠰ ᠤᠨ ᠨᠢᠭᠡᠳᠦᠯᠲᠡᠢ ᠪᠠᠷᠢᠮᠵᠢᠶ᠎ᠠ ᠵᠢᠴᠢ ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠭᠦᠷᠭᠡᠯᠡᠬᠦ ᠬᠠᠷᠢᠴᠠᠯ ᠢᠶᠠᠷ ᠯᠠᠪᠯᠠᠯᠲᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠠᠴᠠ ᠬᠠᠷᠢᠴᠠᠯ ᠶᠣᠰᠣᠭᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠪᠣᠯᠣᠨ᠎ᠠ︔ ᠠᠰᠢᠭ ᠬᠦᠷᠲᠡᠭᠡᠬᠦ ᠬᠡᠪᠴᠢᠶ᠎ᠡ ᠨᠢ ᠨᠡᠯᠢᠶᠡᠳ ᠥᠷᠭᠡᠨ᠂ ᠮᠡᠳᠡᠭᠡ ᠵᠠᠩᠭᠢ ᠨᠢ ᠬᠠᠷᠢᠴᠠᠩᠭᠤᠢ ᠪᠤᠳᠤᠯᠢᠶᠠᠨᠲᠠᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠳᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢᠨ ᠭᠠᠳᠠᠭᠰᠢ ᠨᠥᠯᠥᠭᠡᠯᠡᠬᠦ ᠬᠡᠮᠵᠢᠶ᠎ᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠠᠴᠠ ᠬᠠᠷᠢᠴᠠᠯ ᠶᠣᠰᠣᠭᠠᠷ ᠪᠤᠶᠤ ᠥᠪᠡᠷᠲᠡᠭᠡᠨ ᠵᠠᠰᠠᠬᠤ ᠣᠷᠣᠨ ᠠᠴᠠ ᠵᠣᠬᠢᠰᠲᠠᠢ ᠨᠥᠬᠦᠪᠦᠷᠢ ᠥᠭᠬᠦ ᠠᠷᠭ᠎ᠠ ᠬᠡᠯᠪᠡᠷᠢ ᠪᠠᠷ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠠᠴᠠ ᠥᠪᠡᠷ ᠥᠪᠡᠷ ᠤᠨ ᠪᠠᠶᠢᠭᠤᠯᠤᠮᠵᠢ ᠪᠠᠷ ᠳᠠᠮᠵᠢᠨ ᠬᠠᠷᠠᠭᠠᠯᠵᠠᠭᠰᠠᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠳᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠥᠪᠡᠷ ᠥᠪᠡᠷ ᠢᠶᠠᠨ ᠬᠠᠷᠠᠭᠠᠯᠵᠠᠭᠰᠠᠨ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠡᠭᠦᠷᠭᠡᠯᠡᠬᠦ ᠬᠢᠨᠠᠨ ᠬᠠᠮᠢᠶᠠᠷᠬᠤ᠂ ᠨᠡᠶᠢᠲᠡᠯᠡᠨ ᠲᠥᠯᠥᠪᠵᠢᠭᠦᠯᠬᠦ᠂ ᠪᠠᠷᠢᠮᠵᠢᠶ᠎ᠠ ᠲᠣᠭᠲᠠᠭᠠᠬᠤ ᠵᠡᠷᠭᠡ ᠡᠭᠦᠷᠭᠡ ᠬᠠᠷᠢᠭᠤᠴᠠᠯᠭ᠎ᠠ᠂ ᠠᠶᠢᠮᠠᠭ ᠬᠤᠲᠠ ᠶᠢᠨ ᠡᠭᠦᠷᠭᠡᠯᠡᠬᠦ ᠪᠣᠳᠠᠲᠠᠢ ᠪᠠᠷ ᠬᠡᠷᠡᠭᠵᠢᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠳᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠥᠪᠡᠷ ᠥᠪᠡᠷ ᠢᠶᠠᠨ ᠬᠠᠷᠠᠭᠠᠯᠵᠠᠭᠰᠠᠨ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃      ᠳᠣᠯᠤᠭ᠎ᠠ ᠳᠤ᠂ ᠠᠶᠢᠮᠠᠭ ᠬᠤᠲᠠ ᠶᠢᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠨ ᠦᠨᠡᠨ ᠬᠦ ᠭᠦᠢᠴᠡᠳᠬᠡᠬᠦ ᠶᠢ ᠵᠢᠯᠣᠭᠤᠳᠤᠨ ᠰᠢᠮᠳᠠᠭᠤᠯᠤᠨ᠎ᠠ᠃ ᠠᠶᠢᠮᠠᠭ ᠬᠤᠲᠠ ᠳᠤ ᠬᠠᠷᠢᠶᠠᠯᠠᠭᠳᠠᠬᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠠᠶᠢᠮᠠᠭ ᠬᠤᠲᠠ ᠶᠢᠨ ᠵᠠᠰᠠᠭ ᠤᠨ ᠣᠷᠳᠣᠨ ᠡᠷᠬᠡᠪᠰᠢ ᠲᠤᠭᠤᠰᠢᠲᠠᠢ ᠭᠦᠢᠴᠡᠳᠬᠡᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠪᠦᠲᠦᠮᠵᠢᠲᠡᠢ ᠬᠠᠩᠭᠠᠬᠤ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠬᠠᠤᠯᠢ ᠴᠠᠭᠠᠵᠠ ᠬᠠᠤᠯᠢ ᠳᠦᠷᠢᠮ ᠵᠢᠴᠢ ᠲᠥᠪ ᠠᠴᠠ ᠣᠯᠭᠤᠭᠰᠠᠨ ᠡᠷᠬᠡ ᠶᠢᠨ ᠲᠥᠰᠥᠪ ᠳᠣᠣᠷ᠎ᠠ ᠬᠢᠨᠠᠯᠲᠠ ᠰᠢᠯᠭᠠᠯᠲᠠ ᠬᠢᠭᠡᠳ ᠠᠵᠢᠯ ᠤᠨ ᠬᠢᠷᠢ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠵᠤ᠂ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠨ ᠭᠦᠢᠴᠡᠳᠬᠡᠬᠦ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠢ᠃ ᠡᠭᠦᠨ ᠤ ᠬᠠᠮᠲᠤ᠂ ᠪᠦᠬᠦ ᠣᠷᠣᠨ ᠤ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠨᠢᠭᠡᠳᠦᠯᠲᠦ ᠴᠢᠨᠠᠷ ᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠲᠣᠭᠲᠠᠭᠠᠭᠰᠠᠨ ᠥᠭᠡᠷᠡᠴᠢᠯᠡᠯᠲᠡ ᠶᠢᠨ ᠪᠣᠳᠠᠲᠠᠢ ᠬᠡᠷᠡᠭᠵᠢᠭᠦᠯᠬᠦ ᠲᠥᠰᠥᠯ ᠳᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠬᠤᠭᠤᠷᠣᠨᠳᠤ ᠲᠣᠳᠣᠷᠬᠠᠢ ᠢᠯᠭᠠᠨ ᠬᠤᠪᠢᠶᠠᠷᠢᠯᠠᠬᠤ ᠠᠴᠠ ᠭᠠᠳᠠᠨ᠎ᠠ᠂ ᠠᠶᠢᠮᠠᠭ ᠬᠤᠲᠠ ᠬᠢᠭᠡᠳ ᠬᠤᠰᠢᠭᠤ ᠰᠢᠶᠠᠨ ᠤ ᠵᠠᠰᠠᠭ ᠤᠨ ᠣᠷᠳᠣᠨ ᠤ ᠬᠤᠭᠤᠷᠣᠨᠳᠤᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠳᠤ ᠵᠢᠯᠣᠭᠤᠳᠬᠤ ᠴᠢᠨᠠᠷᠲᠠᠢ ᠰᠠᠨᠠᠯ ᠳᠤᠷᠠᠳᠬᠤ ᠬᠡᠷᠡᠭᠲᠡᠢ᠃      ᠲᠠᠪᠤ᠂ ︽ᠬᠡᠷᠡᠭᠵᠢᠭᠦᠯᠬᠦ ᠲᠥᠰᠥᠯ︾᠎ ᠳᠤ ᠬᠡᠷᠬᠢᠨ ᠬᠦᠷᠢᠶ᠎ᠡ ᠴᠠᠷᠠᠭ᠎ᠠ ᠬᠤᠪᠢᠶᠠᠵᠤ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠠᠬᠢᠭᠤᠯᠬᠤ ᠲᠤᠬᠠᠢ ᠳᠤᠷᠠᠳᠤᠭᠰᠠᠨ ᠪᠣᠢ︖      ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠨᠢ ᠦᠯᠡᠮᠵᠢ ᠣᠯᠠᠨ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠨᠢᠭᠡᠨ ᠰᠢᠰᠲ᠋ᠧᠮᠲᠦ ᠢᠨᠵᠧᠨᠧᠷᠢᠩ ᠪᠠᠶᠢᠵᠤ᠂ ᠨᠢᠭᠡᠳᠦᠯᠲᠡᠢ ᠲᠥᠯᠥᠪᠵᠢᠭᠦᠯᠦᠨ ᠲᠥᠯᠥᠪᠯᠡᠵᠦ᠂ ᠯᠠᠪᠳᠠᠭᠤᠨ ᠢᠶᠠᠷ ᠠᠬᠢᠭᠤᠯᠬᠤ ᠶᠢ ᠱᠠᠭᠠᠷᠳᠠᠵᠤ ᠪᠠᠶᠢᠨ᠎ᠠ᠃ ︽ᠬᠡᠷᠡᠭᠵᠢᠭᠦᠯᠬᠦ ᠲᠥᠰᠥᠯ︾᠎ ᠳᠤ ᠲᠥᠪ ᠤᠨ ᠡᠯ᠎ᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠴᠤ ᠬᠦᠷᠢᠶ᠎ᠡ ᠴᠠᠷᠠᠭ᠎ᠠ ᠬᠤᠪᠢᠶᠠᠭᠰᠠᠨ ᠥᠭᠡᠷᠡᠴᠢᠯᠡᠯᠲᠡ ᠶᠢ ᠵᠣᠬᠢᠰᠲᠠᠢ ᠪᠠᠷ ᠠᠬᠢᠭᠤᠯᠬᠤ ᠬᠡᠷᠡᠭᠲᠡᠢ ᠭᠡᠵᠦ ᠳᠤᠷᠠᠳᠴᠠᠢ᠃      2018 ᠣᠨ ᠳᠤ᠂ ᠨᠢᠭᠡ ᠳᠤ᠂ ᠲᠥᠪ ᠤᠨ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠎ ᠯᠤᠭ᠎ᠠ ᠵᠣᠯᠭᠠᠯᠳᠤᠭᠤᠯᠬᠤ ᠪᠠᠨ ᠴᠢᠩᠭᠠᠳᠬᠠᠵᠤ᠂ ᠲᠥᠪ ᠤᠨ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠳᠠᠬᠢ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠳᠡᠭᠡᠭᠰᠢ ᠬᠤᠪᠢᠶᠠᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ︔ ᠬᠤᠶᠠᠷ ᠲᠤ᠂ ᠲᠥᠪ ᠤᠨ ᠥᠭᠡᠷᠡᠴᠢᠯᠡᠯᠲᠡ ᠶᠢᠨ ᠠᠬᠢᠴᠠ ᠬᠢᠭᠡᠳ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠭᠠᠨ ᠬᠥᠮᠥᠵᠢᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢᠨ ᠪᠣᠳᠠᠲᠠᠢ ᠬᠡᠷᠡᠭᠵᠢᠭᠦᠯᠬᠦ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠴᠢᠷᠮᠠᠶᠢᠬᠤ ᠬᠡᠷᠡᠭᠲᠡᠢ᠃      2019 — 2020 ᠣᠨ ᠳᠤ᠂ ᠲᠥᠪ ᠤᠨ ᠡᠯ᠎ᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢᠨ ᠪᠠᠶᠢᠳᠠᠯ ᠢ ᠦᠨᠳᠦᠰᠦᠯᠡᠵᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠂ ᠭᠤᠣᠯ ᠪᠣᠯᠬᠤ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ᠂ ᠵᠠᠰᠠᠭ ᠤᠨ ᠣᠷᠳᠣᠨ ᠤ ᠲᠣᠭᠲᠠᠭᠠᠯ ᠳᠦᠷᠢᠮ ᠪᠣᠯᠭᠠᠨ ᠳᠡᠭᠡᠭᠰᠢᠯᠡᠭᠦᠯᠬᠦ ᠴᠢᠬᠤᠯᠠᠲᠠᠢ ᠠᠭᠤᠯᠭ᠎ᠠ ᠶᠢ ᠴᠠᠭ ᠲᠤᠬᠠᠢ ᠳᠤ ᠨᠢ ᠡᠮᠬᠢᠯᠡᠵᠦ᠂ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠴᠠᠭ ᠲᠤᠬᠠᠢ ᠲᠤ ᠨᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠬᠡᠷᠡᠭᠲᠡᠢ᠃      ᠵᠢᠷᠭᠤᠭ᠎ᠠ᠂ ︽ᠬᠡᠷᠡᠭᠵᠢᠭᠦᠯᠬᠦ ᠲᠥᠰᠥᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠮᠥᠨ ᠶᠠᠮᠠᠷ ᠶᠠᠮᠠᠷ ᠠᠵᠢᠯ ᠢ ᠬᠢᠬᠦ ᠴᠢᠬᠤᠯᠠᠲᠠᠢ ᠪᠣᠢ︖      ᠨᠢᠭᠡ ᠳᠤ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ᠃ ᠪᠦᠬᠦᠯᠢ ᠴᠣᠭᠴᠠ ᠶᠢᠨ ᠥᠭᠡᠷᠡᠴᠢᠯᠡᠯᠲᠡ ᠬᠢᠭᠡᠳ ᠬᠦᠷᠢᠶ᠎ᠡ ᠴᠠᠷᠠᠭ᠎ᠠ ᠬᠤᠪᠢᠶᠠᠭᠰᠠᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠶᠢᠨ ᠬᠠᠷᠢᠴᠠᠭ᠎ᠠ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠰᠠᠯᠭᠠᠨ ᠬᠤᠪᠢᠶᠠᠷᠢᠯᠠᠬᠤ ᠵᠠᠷᠴᠢᠮ ᠬᠢᠭᠡᠳ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠪᠣᠳᠠᠲᠠᠢ ᠡᠷᠬᠡ ᠶᠢ ᠰᠠᠯᠭᠠᠨ ᠬᠤᠪᠢᠶᠠᠷᠢᠯᠠᠬᠤ ᠶᠢᠨ ᠬᠠᠷᠢᠴᠠᠭ᠎ᠠ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠰᠠᠯᠭᠠᠨ ᠬᠤᠪᠢᠶᠠᠷᠢᠯᠠᠬᠤ ᠶᠢᠨ ᠨᠢᠭᠡᠳᠦᠯᠲᠦ ᠴᠢᠨᠠᠷ ᠬᠢᠭᠡᠳ ᠵᠥᠷᠢᠶᠡᠲᠦ ᠴᠢᠨᠠᠷ ᠤᠨ ᠬᠠᠷᠢᠴᠠᠭ᠎ᠠ ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠶᠢᠨ ᠴᠢᠭᠯᠡᠯ ᠬᠢᠭᠡᠳ ᠣᠬᠤᠷᠬᠠᠨ ᠬᠤᠭᠤᠴᠠᠭᠠᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ᠃      ᠬᠤᠶᠠᠷ ᠲᠤ᠂ ᠬᠠᠮᠢᠶ᠎ᠠ ᠪᠦᠬᠦᠢ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠨᠢ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠵᠠᠰᠠᠭ ᠤᠨ ᠣᠷᠳᠣᠨ ᠬᠢᠭᠡᠳ ᠨᠡᠶᠢᠭᠡᠮ᠂ ᠲᠥᠪ ᠬᠢᠭᠡᠳ ᠥᠪᠡᠷᠲᠡᠭᠡᠨ ᠵᠠᠰᠠᠬᠤ ᠣᠷᠣᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠷᠢᠴᠠᠭ᠎ᠠ ᠳᠤ ᠬᠤᠯᠪᠣᠭᠳᠠᠵᠤ᠂ ᠤᠯᠤᠰ ᠲᠥᠷᠥ᠂ ᠠᠵᠤ ᠠᠬᠤᠢ᠂ ᠨᠡᠶᠢᠭᠡᠮ᠂ ᠰᠣᠶᠣᠯ ᠪᠠ ᠠᠮᠢ ᠠᠬᠤᠢ ᠶᠢᠨ ᠪᠣᠯᠪᠠᠰᠤᠨ ᠤ ᠡᠯ᠎ᠡ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠨᠢᠭᠡ ᠵᠦᠢᠯ ᠤᠨ ᠪᠤᠳᠤᠯᠢᠶᠠᠨᠲᠠᠢ ᠮᠥᠷᠲᠡᠭᠡᠨ ᠰᠢᠰᠲ᠋ᠧᠮᠵᠢ ᠴᠢᠨᠠᠷ ᠲᠠᠢ ᠰᠠᠭᠤᠷᠢᠴᠢ ᠢᠨᠵᠧᠨᠧᠷᠢᠩ ᠪᠣᠯᠣᠨ᠎ᠠ᠃ ᠡᠨᠡ ᠬᠦ ᠵᠦᠢᠯ ᠤᠨ ᠥᠭᠡᠷᠡᠴᠢᠯᠡᠯᠲᠡ ᠶᠢ ᠠᠬᠢᠭᠤᠯᠬᠤ ᠳᠤ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠰᠢᠨ᠎ᠡ ᠶᠢ ᠡᠭᠦᠳᠦᠨ ᠬᠠᠮᠢᠶᠠᠷᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠲᠠᠢ ᠬᠠᠷᠢᠯᠴᠠᠨ ᠵᠣᠯᠭᠠᠯᠳᠤᠭᠤᠯᠤᠨ᠂ ᠰᠤᠷᠭᠠᠨ ᠬᠥᠮᠥᠵᠢᠯ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠡᠯ᠎ᠡ ᠵᠦᠢᠯ ᠤᠨ ᠥᠭᠡᠷᠡᠴᠢᠯᠡᠯᠲᠡ ᠎ ᠲᠠᠢ ᠬᠠᠷᠢᠯᠴᠠᠨ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠬᠠᠮᠵᠢᠯᠴᠠᠨ ᠬᠠᠮᠲᠤ ᠳᠤ ᠨᠢ ᠬᠡᠷᠡᠭᠵᠢᠭᠦᠯᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ  ᠭᠦᠨᠵᠡᠭᠡᠶᠢᠷᠡᠭᠦᠯᠬᠦ ᠰᠢᠨ᠎ᠡ  ᠪᠠᠶᠢᠳᠠᠯ ᠢ  ᠪᠦᠷᠢᠯᠳᠦᠭᠦᠯᠬᠦ  ᠬᠡᠷᠡᠭᠲᠡᠢ᠃      ᠭᠤᠷᠪᠠ ᠳᠤ᠂ ᠠᠰᠢᠭ ᠲᠤᠰᠠ ᠶᠢᠨ ᠬᠠᠷᠢᠴᠠᠭ᠎ᠠ ᠶᠢ ᠵᠦᠢ ᠵᠣᠬᠢᠰᠲᠠᠢ ᠰᠢᠢᠳᠪᠦᠷᠢᠯᠡᠬᠦ ᠬᠡᠷᠡᠭᠲᠡᠢ᠃ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠨ ᠬᠤᠪᠢᠶᠠᠷᠢᠯᠠᠬᠤ ᠥᠭᠡᠷᠡᠴᠢᠯᠡᠯᠲᠡ ᠨᠢ ᠲᠥᠪ ᠬᠢᠭᠡᠳ ᠥᠪᠡᠷᠲᠡᠭᠡᠨ ᠵᠠᠰᠠᠬᠤ ᠣᠷᠣᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠵᠢᠴᠢ ᠰᠠᠯᠠᠭ᠎ᠠ ᠮᠥᠴᠢᠷ ᠤᠳ ᠤᠨ ᠬᠤᠭᠤᠷᠣᠨᠳᠤᠬᠢ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠬᠤ ᠪᠠᠷ ᠪᠠᠷᠠᠬᠤ ᠦᠭᠡᠢ᠂ ᠬᠥᠮᠥᠨ᠂ ᠡᠳ᠋᠂ ᠪᠣᠳᠠᠰ ᠢ ᠬᠤᠪᠢᠶᠠᠷᠢᠯᠠᠨ ᠰᠢᠯᠵᠢᠭᠦᠯᠬᠦ ᠲᠠᠢ ᠬᠤᠯᠪᠣᠭᠳᠠᠵᠤ᠂ ᠲᠤᠶᠢᠯ ᠤᠨ ᠪᠤᠳᠤᠯᠢᠶᠠᠨᠲᠠᠢ ᠪᠠᠶᠢᠳᠠᠭ᠃ ᠡᠯ᠎ᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ᠂ ᠶᠡᠭᠡ ᠲᠠᠯ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠦᠬᠦᠯᠢ ᠴᠣᠭᠴᠠ ᠶᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠬᠡᠳᠦ ᠶᠢᠨ ᠠᠰᠢᠭ ᠲᠤᠰᠠ ᠶᠢᠨ ᠵᠣᠭᠰᠣᠯᠲᠠ ᠳᠡᠭᠡᠷ᠎ᠡ ᠵᠣᠭᠰᠣᠨ ᠠᠰᠠᠭᠤᠳᠠᠯ ᠢ ᠪᠣᠳᠣᠯᠬᠢᠯᠠᠵᠤ᠂ ᠥᠭᠡᠷᠡᠴᠢᠯᠡᠯᠲᠡ ᠶᠢ ᠠᠬᠢᠭᠤᠯᠤᠨ᠂ ᠬᠡᠰᠡᠭ ᠲᠠᠯ᠎ᠠ ᠶᠢᠨ ᠠᠰᠢᠭ ᠲᠤᠰᠠ ᠪᠠ ᠨᠢᠳᠦᠨ ᠡᠮᠦᠨᠡᠬᠢ ᠠᠰᠢᠭ ᠲᠤᠰᠠ ᠠᠴᠠ ᠪᠣᠯᠵᠤ ᠥᠭᠡᠷᠡᠴᠢᠯᠡᠯᠲᠡ ᠶᠢᠨ ᠠᠬᠢᠴᠠ ᠶᠢ ᠨᠥᠯᠥᠭᠡᠯᠡᠬᠦ ᠴᠢᠨᠠᠭᠰᠢᠯᠠᠭᠠᠳ ᠴᠢᠷᠦᠭᠳᠡᠭᠦᠯᠵᠦ ᠣᠭᠲᠣ ᠪᠣᠯᠬᠤ ᠦᠭᠡᠢ᠃      ᠳᠥᠷᠪᠡ ᠳᠤ᠂ ᠬᠠᠮᠢᠶ᠎ᠠ ᠪᠦᠬᠦᠢ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠳᠦᠷᠢᠮ ᠤᠨ ᠥᠭᠡᠷᠡᠴᠢᠯᠡᠯᠲᠡ ᠎ ᠲᠠᠢ ᠬᠠᠮᠲᠤ ᠬᠠᠮᠲᠤᠷᠠᠭᠰᠠᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠥᠪ ᠬᠢᠭᠡᠳ ᠣᠷᠣᠨ ᠨᠤᠲᠤᠭ ᠤᠨ ᠣᠷᠣᠯᠭ᠎ᠠ ᠶᠢ ᠰᠠᠯᠭᠠᠨ ᠬᠤᠪᠢᠶᠠᠷᠢᠯᠠᠬᠤ ᠶᠡᠷᠦᠩᠬᠡᠢ ᠲᠥᠰᠥᠯ ᠤᠨ ᠥᠭᠡᠷᠡᠴᠢᠯᠡᠯᠲᠡ ᠶᠢᠨ ᠠᠬᠢᠴᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠣᠷᠣᠯᠭ᠎ᠠ ᠶᠢ ᠰᠠᠯᠭᠠᠨ ᠬᠤᠪᠢᠶᠠᠷᠢᠯᠠᠬᠤ ᠶᠡᠷᠦᠩᠬᠡᠢ ᠲᠥᠰᠥᠯ ᠳᠤ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠳᠣᠷᠣᠭᠰᠢ ᠰᠢᠯᠵᠢᠭᠦᠯᠦᠨ ᠣᠯᠭᠤᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠶᠢ ᠰᠠᠯᠭᠠᠨ ᠬᠤᠪᠢᠶᠠᠷᠢᠯᠠᠬᠤ ᠲᠠᠢ ᠲᠣᠬᠢᠷᠠᠯᠴᠠᠬᠤ ᠦᠭᠡᠢ ᠥᠪᠡᠷᠲᠡᠭᠡᠨ ᠵᠠᠰᠠᠬᠤ ᠣᠷᠣᠨ ᠤ ᠳᠣᠷᠣᠭᠰᠢ ᠰᠢᠯᠵᠢᠭᠦᠯᠦᠨ ᠣᠯᠭᠤᠬᠤ ᠳᠦᠷᠢᠮ ᠢ ᠢᠯᠭᠠᠷᠠᠭᠤᠯᠤᠨ ᠴᠡᠪᠡᠷᠯᠡᠵᠦ ᠡᠮᠬᠢᠯᠡᠨ ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠳᠣᠭᠤᠭᠰᠢᠬᠢ ᠡᠳ᠋ ᠤᠨ ᠵᠠᠰᠠᠭ ᠤᠨ ᠬᠤᠪᠢᠶᠠᠷᠢᠯᠠᠯᠲᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠡᠳ᠋ ᠤᠨ ᠬᠦᠴᠦᠨ ᠬᠢᠭᠡᠳ ᠬᠡᠷᠡᠭ ᠶᠠᠪᠤᠳᠠᠯ ᠢ ᠬᠠᠮᠢᠶᠠᠷᠬᠤ ᠡᠷᠬᠡ ᠶᠢᠨ ᠬᠠᠷᠢᠯᠴᠠᠨ ᠲᠣᠬᠢᠷᠠᠯᠴᠠᠭᠰᠠᠨ ᠡᠳ᠋ ᠤᠨ ᠵᠠᠰᠠᠭ ᠤᠨ ᠳᠦᠷᠢᠮ ᠢ ᠪᠦᠷᠢᠯᠳᠦᠭᠦᠯᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号