ᠲᠥᠪ ᠤᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠤᠨ ᠬᠠᠷᠢᠭᠤᠴᠠᠯᠭᠠᠲᠠᠨ ︽ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ ᠪᠣᠯᠭᠠᠬᠤ ᠶᠢ ᠭᠦᠨᠵᠡᠭᠡᠢ ᠠᠬᠢᠭᠤᠯᠬᠤ ᠲᠤᠬᠠᠢ ᠵᠢᠯᠣᠭᠤᠳᠬᠤ ᠰᠠᠨᠠᠯ︾᠎ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/5/24
     ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠤᠨ ᠳᠥᠭᠦᠮ ᠪᠣᠯᠭᠠᠬᠤ ᠶᠢ ᠭᠦᠨᠵᠡᠭᠡᠢ ᠠᠬᠢᠭᠤᠯᠬᠤ ᠲᠤᠬᠠᠢ ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠪᠠ᠃ ᠲᠥᠪ ᠤᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠤᠨ ᠬᠠᠷᠢᠭᠤᠴᠠᠯᠭᠠᠲᠠᠨ ᠰᠠᠨᠠᠯ ᠢ ᠨᠡᠶᠢᠲᠡᠯᠡᠭᠰᠡᠨ ᠠᠬᠤᠢ ᠪᠠᠶᠢᠳᠠᠯ᠂ ᠶᠡᠷᠦᠩᠬᠡᠢ ᠱᠠᠭᠠᠷᠳᠠᠯᠭ᠎ᠠ᠂ ᠥᠭᠡᠷᠡᠴᠢᠯᠡᠯᠲᠡ ᠶᠢᠨ ᠡᠭᠦᠷᠭᠡ ᠵᠡᠷᠭᠡ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      ᠠᠰᠠᠭᠤᠯᠲᠠ᠄ ᠰᠠᠨᠠᠯ ᠤᠨ ᠨᠡᠶᠢᠲᠡᠯᠡᠭᠳᠡᠭᠰᠡᠨ ᠠᠬᠤᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠣᠶᠢᠷ᠎ᠠ ᠶᠢᠨ ᠵᠢᠯ ᠤᠳ ᠲᠤ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠥᠪ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯ ᠲᠣᠪᠣᠶᠢᠮ᠎ᠠ ᠪᠠᠶᠢᠭ᠎ᠠ ︽ᠠᠵᠢᠯ ᠬᠡᠷᠡᠭ ᠭᠦᠢᠴᠡᠳᠬᠡᠬᠦ ᠳᠤ ᠬᠦᠴᠢᠷ᠂ ᠠᠵᠢᠯ ᠬᠡᠷᠡᠭ ᠭᠦᠢᠴᠡᠳᠬᠡᠬᠦ ᠳᠤ ᠤᠳᠠᠭᠠᠨ︾᠂ ︽ᠣᠯᠠᠨ ᠰᠠᠯᠠᠭ᠎ᠠ ᠮᠥᠴᠢᠷ ᠲᠤ ᠣᠴᠢᠬᠤ᠂ ᠨᠠᠭᠠᠰᠢ ᠴᠠᠭᠠᠰᠢ ᠭᠦᠶᠦᠬᠦ︾ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠯᠠᠪᠳᠠᠭᠤᠨ ᠪᠠᠲᠤᠲᠠᠢ ᠠᠬᠢᠭᠤᠯᠤᠨ᠂ ︽ᠬᠠᠮᠤᠭ ᠤᠨ ᠣᠯᠠᠨ ᠳᠤ ᠪᠠᠨ ᠨᠢᠭᠡ ᠯᠡ ᠤᠳᠠᠭ᠎ᠠ ᠭᠦᠶᠦᠬᠦ︾᠂ ︽ᠠᠭᠤᠯᠵᠠᠬᠤ ᠦᠭᠡᠢ ᠪᠠᠷ ᠬᠢᠨᠠᠨ ᠵᠥᠪᠰᠢᠶᠡᠷᠡᠬᠦ︾᠂ ︽ᠳᠠᠷᠤᠢ ᠳᠤ ᠨᠢ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾᠂ ︽ᠨᠢᠭᠡ ᠯᠡ ᠲᠠᠮᠠᠭ᠎ᠠ ᠪᠠᠷ ᠬᠢᠨᠠᠯᠲᠠ ᠵᠥᠪᠰᠢᠶᠡᠷᠡᠯ ᠢ ᠬᠠᠮᠢᠶᠠᠷᠬᠤ︾᠂ ︽ᠨᠢᠭᠡ ᠯᠡ ᠡᠭᠦᠳᠡ ᠶᠢᠨ ᠮᠠᠶ᠋ᠢᠭ᠂ ᠨᠢᠭᠡ ᠯᠡ ᠰᠦᠯᠵᠢᠶ᠎ᠡ ᠶᠢᠨ ᠬᠡᠯᠪᠡᠷᠢ︾᠂ ︽ᠨᠢᠭᠡ ᠯᠡ ᠤᠳᠠᠭ᠎ᠠ ᠪᠠᠷ ᠭᠦᠢᠴᠡᠳᠬᠡᠵᠦ ᠳᠠᠭᠤᠰᠬᠠᠬᠤ︾᠂ ︽ᠬᠢᠨᠠᠯᠲᠠ ᠵᠥᠪᠰᠢᠶᠡᠷᠡᠯ ᠢ ᠲᠤᠶᠢᠯ ᠳᠤ ᠨᠢ ᠲᠤᠯᠲᠠᠯ᠎ᠠ ᠴᠣᠮᠬᠠᠳᠬᠠᠬᠤ︾᠂ ︽︿ᠡᠭᠦᠳᠡ ᠪᠠᠨ ᠬᠠᠭᠠᠬᠤ ᠦᠭᠡᠢ﹀ ᠰᠦᠯᠵᠢᠶᠡᠨ ᠳᠡᠭᠡᠷᠡᠬᠢ ᠵᠠᠰᠠᠭ ᠤᠨ ᠣᠷᠳᠣᠨ︾ ᠵᠡᠷᠭᠡ ᠬᠡᠷᠡᠭᠵᠢᠭᠦᠯᠦᠭᠦᠰᠢᠲᠡᠢ ᠠᠷᠭ᠎ᠠ ᠬᠡᠮᠵᠢᠶ᠎ᠡ ᠪᠠ ᠦᠢᠯᠡᠳᠦᠯᠭᠡ ᠶᠢᠨ ᠦᠷ᠎ᠡ ᠪᠦᠲᠦᠮᠵᠢ ᠶᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠬᠡᠵᠦ ᠠᠳᠠᠯ ᠦᠢᠯᠡᠰ ᠴᠣᠭᠴᠠᠯᠠᠬᠤ ᠳᠤ ᠲᠤᠶᠢᠯ ᠢᠶᠠᠷ ᠳᠥᠭᠦᠮ ᠦᠵᠡᠭᠦᠯᠦᠨ᠂ ᠳᠦᠷᠢᠮ ᠤᠨ ᠴᠢᠨᠠᠷᠲᠠᠢ ᠰᠣᠯᠢᠯᠴᠠᠭᠠᠨ ᠤ ᠥᠪᠡᠷ ᠤᠨ ᠥᠷᠲᠡᠭ ᠢ ᠪᠦᠲᠦᠮᠵᠢᠲᠡᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠡᠭᠦᠳᠦᠨ ᠪᠦᠲᠦᠭᠡᠬᠦ ᠬᠦᠴᠦᠨ ᠢ ᠬᠥᠭᠵᠢᠭᠡᠵᠦ᠂ ᠠᠷᠠᠳ ᠣᠯᠠᠨ ᠤ ᠨᠡᠶᠢᠳᠡᠮ ᠤᠨ ᠬᠦᠷᠢᠶᠡᠯᠡᠯ ᠢ ᠣᠯᠵᠠᠢ᠃ ᠡᠳᠡᠭᠡᠷ ᠲᠤᠷᠰᠢᠯᠭ᠎ᠠ ᠬᠢᠳᠡᠯ ᠢ ᠳᠤᠷᠠᠳᠤᠭᠰᠠᠨ ᠨᠢ ᠲᠤᠰ ᠲᠤᠰ ᠠᠳᠠᠯᠢ ᠪᠤᠰᠤ ᠪᠣᠯᠪᠠᠴᠤ ᠮᠥᠨ ᠴᠢᠨᠠᠷ ᠎ ᠨᠢ ᠠᠷᠠᠳ ᠲᠦᠮᠡᠨ ᠢᠶᠠᠷ ᠲᠥᠪ ᠪᠣᠯᠭᠠᠬᠤ ᠶᠢ ᠪᠠᠷᠢᠮᠲᠠᠯᠠᠨ᠂ ᠠᠵᠤ ᠠᠬᠤᠶᠢᠯᠠᠯ ᠪᠠ ᠣᠯᠠᠨ ᠲᠦᠮᠡᠨ ᠳᠤ ᠰᠢᠭᠤᠳ ᠬᠠᠨᠳᠤᠭᠤᠯᠤᠭᠰᠠᠨ᠂ ᠭᠤᠶᠤᠴᠢᠯᠠᠨ ᠭᠦᠢᠴᠡᠳᠬᠡᠬᠦ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠪᠠ ᠣᠯᠠᠨ ᠨᠡᠶᠢᠲᠡ ᠶᠢᠨ ᠦᠢᠯᠡᠴᠢᠯᠡᠭᠡ ᠪᠠᠷ ᠦᠨᠳᠦᠰᠦᠯᠡᠯ ᠪᠣᠯᠭᠠᠭᠰᠠᠨ ᠵᠦᠢᠯᠡᠰ ᠲᠤ ᠬᠠᠨᠳᠤᠭᠤᠯᠵᠤ᠂ ᠵᠦᠢᠯᠡᠰ ᠢ ᠬᠠᠰᠤᠨ ᠪᠠᠭᠠᠰᠬᠠᠬᠤ᠂ ᠠᠯᠬᠤᠮ ᠳᠠᠷᠠᠭᠠᠯᠠᠯ ᠢ ᠰᠢᠯᠢᠳᠡᠭᠵᠢᠭᠦᠯᠬᠦ᠂ ᠮᠠᠲ᠋ᠧᠷᠢᠶᠠᠯ ᠢ ᠰᠢᠯᠢᠳᠡᠭᠵᠢᠭᠦᠯᠦᠨ ᠴᠣᠮᠬᠠᠳᠬᠠᠬᠤ᠂ ᠴᠠᠭ ᠤᠨ ᠬᠢᠵᠠᠭᠠᠷ ᠢ ᠪᠣᠭᠤᠨᠢᠰᠬᠠᠬᠤ ᠪᠠ ᠲᠥᠪᠯᠡᠷᠡᠭᠦᠯᠵᠦ ᠬᠢᠨᠠᠨ ᠵᠥᠪᠰᠢᠶᠡᠷᠡᠬᠦ᠂ ᠦᠢᠯᠡᠴᠢᠯᠡᠭᠡ ᠶᠢ ᠨᠢᠭᠡᠳᠬᠡᠬᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ᠂ ᠰᠦᠯᠵᠢᠶᠡᠨ ᠳᠡᠭᠡᠷ᠎ᠡ ᠪᠦᠬᠦᠨ ᠢ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠠᠵᠢᠯ ᠬᠡᠷᠡᠭ ᠭᠦᠢᠴᠡᠳᠬᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠤᠨ ᠳᠥᠭᠦᠮ ᠦᠵᠡᠭᠦᠯᠬᠦ ᠪᠣᠯᠭᠠᠬᠤ ᠶᠢ ᠲᠠᠰᠤᠷᠠᠯᠲᠠ ᠦᠭᠡᠢ ᠠᠬᠢᠭᠤᠯᠵᠤ᠂ ᠠᠵᠢᠯ ᠬᠡᠷᠡᠭ ᠭᠦᠢᠴᠡᠳᠬᠡᠵᠦ ᠠᠳᠠᠯ ᠦᠢᠯᠡᠰ ᠴᠣᠭᠴᠠᠯᠠᠬᠤ ᠪᠠ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠪᠠᠶᠢᠨ᠎ᠠ᠃      ᠶᠡᠷᠦᠩᠬᠡᠢ ᠳᠤ ᠨᠢ ᠦᠵᠡᠪᠡᠯ᠂ ᠣᠷᠣᠨ ᠨᠤᠲᠤᠭ ᠤᠨ ᠥᠭᠡᠷᠡᠴᠢᠯᠡᠯᠲᠡ ᠶᠢᠨ ᠭᠢᠯᠠᠰ ᠴᠡᠭ ᠵᠠᠯᠭᠠᠭ᠎ᠠ ᠪᠠᠷ ᠢᠯᠡᠷᠡᠨ᠂ ᠥᠪᠡᠷ ᠥᠪᠡᠷ ᠤᠨ ᠥᠪᠡᠷᠮᠢᠴᠡ ᠣᠨᠴᠠᠯᠢᠭ ᠲᠠᠢ ᠪᠠᠶᠢᠵᠤ᠂ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠣᠯᠪᠠᠴᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠱᠠᠭᠠᠷᠳᠠᠯᠭ᠎ᠠ ᠪᠠ ᠠᠷᠠᠳ ᠣᠯᠠᠨ ᠤ ᠬᠦᠰᠡᠯ ᠱᠠᠭᠠᠷᠳᠠᠯᠭ᠎ᠠ ᠲᠠᠢ ᠬᠠᠷᠢᠴᠠᠭᠤᠯᠪᠠᠯ ᠮᠥᠨ ᠬᠦ ᠵᠥᠷᠢᠶ᠎ᠡ ᠲᠠᠢ᠂ ᠣᠨᠴᠠᠭᠠᠶᠢᠯᠠᠨ ᠡᠯ᠎ᠡ ᠭᠠᠵᠠᠷ ᠤᠨ ᠬᠤᠭᠤᠷᠣᠨᠳᠤ ᠪᠠᠨ ᠲᠡᠳᠦᠢ ᠲᠡᠩᠴᠡᠭᠦᠷᠢᠰᠢᠯ ᠦᠭᠡᠢ ᠪᠠᠶᠢᠵᠤ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦᠯᠢ ᠴᠣᠭᠴᠠ ᠶᠢᠨ ᠦᠢᠯᠡᠳᠦᠯ ᠨᠥᠯᠥᠭᠡ ᠶᠢ ᠨᠡᠶᠢᠳᠡᠮ ᠳᠤ ᠨᠢ ᠳᠡᠭᠡᠭᠰᠢᠯᠡᠭᠦᠯᠬᠦ ᠶᠢ ᠱᠠᠭᠠᠷᠳᠠᠵᠤ ᠪᠠᠶᠢᠨ᠎ᠠ᠃      ᠠᠰᠠᠭᠤᠯᠲᠠ᠄ ᠰᠠᠨᠠᠯ ᠢ ᠲᠤᠭᠤᠷᠪᠢᠭᠰᠠᠨ ᠭᠤᠣᠯ ᠪᠣᠯᠬᠤ ᠪᠣᠳᠣᠯᠬᠢᠯᠠᠯ ᠨᠢ ᠶᠠᠭᠤ ᠪᠣᠢ︖      ᠬᠠᠷᠢᠭᠤᠯᠲᠠ᠄ ᠰᠠᠨᠠᠯ ᠢ ᠰᠤᠳᠤᠯᠤᠨ ᠲᠤᠭᠤᠷᠪᠢᠬᠤ ᠶᠠᠪᠤᠴᠠ ᠳᠤ᠂ ᠳᠥᠷᠪᠡᠨ ᠲᠠᠯ᠎ᠠ ᠶᠢ ᠴᠢᠬᠤᠯᠠᠴᠢᠯᠠᠨ ᠡᠵᠡᠮᠳᠡᠪᠡ᠄ ᠨᠢᠭᠡ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠠᠷᠠᠳ ᠲᠦᠮᠡᠨ ᠢᠶᠠᠷ ᠲᠥᠪ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠢ ᠪᠠᠷᠢᠮᠲᠠᠯᠠᠵᠤ᠂ ᠬᠢᠨᠠᠨ ᠵᠥᠪᠰᠢᠶᠡᠷᠡᠬᠦ  ᠦᠢᠯᠡᠴᠢᠯᠡᠭᠡ ᠶᠢ ᠠᠷᠠᠳ ᠲᠤ ᠳᠥᠭᠦᠮ ᠦᠵᠡᠭᠦᠯᠬᠦ ᠪᠣᠯᠭᠠᠬᠤ ᠶᠢ ᠭᠦᠨᠵᠡᠭᠡᠢ ᠠᠬᠢᠭᠤᠯᠬᠤ ᠪᠠᠷ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠡᠭᠦᠷᠭᠡ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠶᠡᠭᠡ ᠲᠠᠯ᠎ᠠ ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠦᠨ ᠰᠤᠳᠤᠯᠬᠤ ᠬᠡᠷᠡᠭᠲᠡᠢ᠃ ᠬᠤᠶᠠᠷ ᠲᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ ᠦᠵᠡᠭᠦᠯᠬᠦ ᠪᠣᠯᠭᠠᠬᠤ ᠭᠤᠣᠯ ᠰᠡᠳᠦᠪ ᠢ ᠯᠠᠪᠳᠠᠭᠤᠨ ᠪᠠᠲᠤᠲᠠᠢ ᠡᠵᠡᠮᠳᠡᠵᠦ᠂ ᠦᠨᠳᠦᠰᠦᠨ ᠱᠠᠲᠤ ᠪᠠ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠠᠴᠠ ᠢᠯᠡᠭᠦᠬᠡᠨ ᠰᠢᠪᠲᠤᠯᠤᠯᠲᠠ ᠪᠠ ᠬᠦᠴᠦᠯᠡᠬᠦ ᠴᠡᠭ ᠡᠷᠢᠵᠦ᠂ ᠢᠨᠲ᠋ᠧᠷ ᠰᠦᠯᠵᠢᠶᠡᠨ ᠤ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠠᠷᠭ᠎ᠠ ᠠᠪᠴᠢᠯ ᠢ ᠭᠦᠢᠴᠡᠳ ᠬᠡᠷᠡᠭᠯᠡᠨ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ ᠶᠢ ᠠᠬᠢᠭᠤᠯᠤᠨ᠂ ᠤᠰᠤ᠂ ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ ᠵᠡᠷᠭᠡ ᠣᠯᠠᠨ ᠨᠡᠶᠢᠲᠡ ᠶᠢᠨ ᠠᠵᠢᠯ ᠦᠢᠯᠡᠰ ᠲᠤ ᠴᠤ ᠠᠷᠠᠳ ᠲᠤ ᠳᠥᠭᠦᠮ ᠦᠵᠡᠭᠦᠯᠬᠦ ᠪᠣᠯᠭᠠᠬᠤ ᠶᠢ ᠶᠡᠭᠡ ᠪᠠᠷ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠨᠡᠶᠢᠲᠡᠯᠢᠭ ᠲᠤᠷᠰᠢᠯᠭ᠎ᠠ ᠢ ᠳᠡᠯᠭᠡᠷᠡᠭᠦᠯᠬᠦ ᠬᠢᠭᠡᠳ ᠨᠡᠶᠢᠳᠡᠮ ᠤᠨ ᠥᠭᠡᠷᠡᠴᠢᠯᠡᠯᠲᠡ ᠶᠢ ᠠᠬᠢᠭᠤᠯᠬᠤ ᠶᠢ ᠤᠶᠠᠯᠳᠤᠭᠤᠯᠤᠨ᠂ ᠨᠡᠶᠢᠲᠡᠯᠢᠭ ᠲᠤᠷᠰᠢᠯᠭ᠎ᠠ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠤᠨ ᠠᠷᠭ᠎ᠠ ᠬᠡᠮᠵᠢᠶ᠎ᠡ ᠳᠤ ᠡᠮᠬᠢᠯᠡᠯᠲᠡ ᠵᠠᠳᠠᠯᠤᠯᠲᠠ ᠬᠢᠵᠦ᠂ ᠨᠡᠶᠢᠳᠡᠮ ᠳᠤ ᠨᠢ ᠥᠭᠡᠷᠡᠴᠢᠯᠡᠯᠲᠡ ᠬᠢᠬᠦ ᠱᠠᠭᠠᠷᠳᠠᠯᠭ᠎ᠠ ᠶᠢ ᠪᠦᠷᠢᠯᠳᠦᠭᠦᠯᠬᠦ ᠬᠡᠷᠡᠭᠲᠡᠢ᠃ ᠳᠥᠷᠪᠡ ᠳᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠨ᠂ ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠪᠠ ᠭᠤᠣᠯ ᠡᠭᠦᠷᠭᠡ ᠶᠢ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ᠂ ᠥᠭᠡᠷᠡᠴᠢᠯᠡᠯᠲᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠠᠰᠠᠭᠤᠯᠲᠠ᠄ ᠰᠠᠨᠠᠯ ᠤᠨ ᠶᠡᠷᠦᠩᠬᠡᠢ ᠱᠠᠭᠠᠷᠳᠠᠯᠭ᠎ᠠ ᠨᠢ ᠶᠠᠭᠤ ᠪᠣᠢ︖      ᠬᠠᠷᠢᠭᠤᠯᠲᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠬᠡᠵᠦ ᠠᠳᠠᠯ ᠦᠢᠯᠡᠰ ᠴᠣᠭᠴᠠᠯᠠᠬᠤ ᠳᠤ ᠨᠡᠩ ᠲᠦᠷᠭᠡᠨ ᠨᠡᠩ ᠰᠠᠶᠢᠲᠤᠷ ᠳᠥᠭᠦᠮ ᠦᠵᠡᠭᠦᠯᠬᠦ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠰᠢᠭᠤᠳ ᠬᠠᠨᠳᠤᠭᠤᠯᠤᠭᠰᠠᠨ᠂ ᠭᠤᠶᠤᠴᠢᠯᠠᠯᠲᠠ ᠶᠣᠰᠣᠭᠠᠷ ᠭᠦᠢᠴᠡᠳᠬᠡᠭᠰᠡᠨ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠪᠠ ᠣᠯᠠᠨ ᠨᠡᠶᠢᠲᠡ ᠶᠢᠨ ᠦᠢᠯᠡᠴᠢᠯᠡᠭᠡ ᠪᠠᠷ ᠦᠨᠳᠦᠰᠦᠯᠡᠯ ᠪᠣᠯᠭᠠᠭᠰᠠᠨ ᠵᠦᠢᠯᠡᠰ ᠤᠨ ᠲᠣᠭᠤᠷᠢᠨ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠣᠶᠢᠯᠠᠭᠠᠭᠳᠠᠬᠤᠨ᠂ ᠳᠦᠷᠢᠮ᠂ ᠣᠪᠣᠷ ᠰᠤᠷᠲᠠᠯ ᠤᠨ ᠪᠦᠬᠦ ᠲᠠᠯ᠎ᠠ ᠶᠢᠨ ᠮᠥᠷᠲᠡᠭᠡᠨ ᠭᠦᠨ ᠳᠠᠪᠬᠤᠷᠭ᠎ᠠ ᠶᠢᠨ ᠬᠤᠪᠢᠰᠤᠯᠲᠠ ᠶᠢ ᠠᠬᠢᠭᠤᠯᠵᠤ᠂ ︽ᠠᠭᠤᠵᠢᠭᠤ ᠣᠷᠣᠭᠤᠯᠬᠤ᠂ ᠲᠦᠷᠭᠡᠨ ᠭᠦᠢᠴᠡᠳᠬᠡᠬᠦ᠂ ᠴᠢᠩᠭ᠎ᠠ ᠬᠠᠮᠢᠶᠠᠷᠬᠤ᠂ ᠠᠷᠠᠳ ᠲᠤ ᠳᠥᠭᠦᠮ ᠦᠵᠡᠭᠦᠯᠬᠦ᠂ ᠢᠯᠡ ᠪᠣᠯᠭᠠᠬᠤ︾ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠵᠠᠭᠪᠤᠷ ᠢ ᠴᠢᠷᠮᠠᠶᠢᠨ ᠪᠦᠷᠢᠯᠳᠦᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠵᠠᠰᠠᠭ ᠤᠨ ᠣᠷᠳᠣᠨ ᠲᠡᠶᠢᠰᠢ ᠭᠦᠶᠦᠬᠦ ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠰᠤᠨ ᠪᠠᠭᠠᠰᠬᠠᠵᠤ᠂ ᠠᠵᠢᠯ ᠬᠡᠷᠡᠭ ᠭᠦᠢᠴᠡᠳᠬᠡᠵᠦ ᠠᠳᠠᠯ ᠦᠢᠯᠡᠰ ᠴᠣᠭᠴᠠᠯᠠᠬᠤ ᠪᠠ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠦᠨᠡᠨ ᠬᠦ ᠴᠢᠩᠭᠠᠷᠠᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠴᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠷᠠᠳ ᠲᠦᠮᠡᠨ ᠤ ᠰᠡᠳᠬᠢᠯ ᠳᠤ ᠲᠠᠭᠠᠰᠢᠶᠠᠭᠳᠠᠭᠰᠠᠨ ᠦᠢᠯᠡᠴᠢᠯᠡᠭᠡ ᠶᠢᠨ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠡᠭᠦᠨ ᠤ ᠬᠠᠮᠲᠤ᠂ ᠥᠭᠡᠷᠡᠴᠢᠯᠡᠯᠲᠡ ᠳᠤ ᠠᠷᠠᠳ ᠲᠦᠮᠡᠨ ᠢᠶᠠᠷ ᠲᠥᠪ ᠪᠣᠯᠭᠠᠬᠤ ᠶᠢ ᠪᠠᠷᠢᠮᠲᠠᠯᠠᠨ᠂ ᠥᠭᠡᠷᠡᠴᠢᠯᠡᠯᠲᠡ ᠬᠢᠬᠦ ᠬᠢᠭᠡᠳ ᠬᠠᠤᠯᠢ ᠪᠠᠷ ᠵᠠᠰᠠᠬᠤ ᠶᠢᠨ ᠬᠤᠪᠢᠰᠤᠩᠭᠤᠢ ᠨᠢᠭᠡᠳᠦᠯ ᠢ ᠪᠠᠷᠢᠮᠲᠠᠯᠠᠵᠤ᠂ ᠪᠠᠭᠤᠯᠭᠠᠬᠤ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠦᠷᠢᠮ ᠤᠨ ᠰᠢᠨᠡᠴᠢᠯᠡᠯᠲᠡ ᠬᠢᠭᠡᠳ ︽ᠢᠨᠲ᠋ᠧᠷ ᠰᠦᠯᠵᠢᠶ᠎ᠡ  +︾᠎ ᠶᠢ ᠠᠭᠤᠰᠤᠯᠴᠠᠭᠤᠯᠤᠨ ᠠᠬᠢᠭᠤᠯᠬᠤ ᠶᠢ ᠪᠠᠷᠢᠮᠲᠠᠯᠠᠬᠤ ᠵᠡᠷᠭᠡ ᠵᠠᠷᠴᠢᠮ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃      ᠠᠰᠠᠭᠤᠯᠲᠠ᠄ ᠰᠠᠨᠠᠯ ᠳᠤ ᠲᠣᠭᠲᠠᠭᠠᠭᠰᠠᠨ ᠭᠤᠣᠯ ᠥᠭᠡᠷᠡᠴᠢᠯᠡᠯᠲᠡ ᠶᠢᠨ ᠡᠭᠦᠷᠭᠡ ᠨᠢ ᠶᠠᠭᠤ ᠪᠣᠢ︖      ᠬᠠᠷᠢᠭᠤᠯᠲᠠ᠄ ᠣᠷᠣᠨ ᠨᠤᠲᠤᠭ ᠤᠨ ᠨᠡᠶᠢᠲᠡᠯᠢᠭ ᠲᠤᠷᠰᠢᠯᠭ᠎ᠠ ᠬᠢᠳᠡᠯ ᠢ ᠳ᠋ᠦᠩᠨᠡᠨ ᠬᠤᠷᠢᠶᠠᠩᠭᠤᠶᠢᠯᠠᠭᠰᠠᠨ ᠰᠠᠭᠤᠷᠢᠨ ᠳᠡᠭᠡᠷ᠎ᠡ᠂ ᠥᠭᠡᠷᠡᠴᠢᠯᠡᠯᠲᠡ ᠶᠢᠨ ᠡᠭᠦᠷᠭᠡ ᠪᠠ ᠪᠣᠳᠠᠲᠠᠢ ᠱᠠᠭᠠᠷᠳᠠᠯᠭ᠎ᠠ ᠶᠢ ᠨᠠᠢᠮᠠᠨ ᠲᠠᠯ᠎ᠠ ᠪᠠᠷ ᠳᠤᠷᠠᠳᠴᠠᠢ ᠄ ᠨᠢᠭᠡ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ︽ᠳᠠᠷᠤᠢ ᠳᠤ ᠨᠢ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠪᠠᠷ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠶᠠᠷ ᠲᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠪᠠᠷᠢᠮᠵᠢᠶᠠᠵᠢᠭᠤᠯᠬᠤ ᠶᠢ ᠭᠦᠨᠵᠡᠭᠡᠢ ᠠᠬᠢᠭᠤᠯᠤᠨ᠎ᠠ᠃ ᠭᠤᠷᠪᠠ ᠳᠤ᠂ ︽ᠭᠡᠷᠡᠴᠢ ᠦᠨᠡᠮᠯᠡᠯ ᠢ ᠬᠠᠰᠤᠵᠤ ᠠᠷᠠᠳ ᠲᠤ ᠳᠥᠭᠦᠮ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠳᠥᠷᠪᠡ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠲᠥᠪᠯᠡᠷᠡᠭᠦᠯᠦᠨ ᠭᠦᠢᠴᠡᠳᠬᠡᠬᠦ ᠶᠢ ᠥᠷᠭᠡᠨ ᠢᠶᠠᠷ ᠬᠡᠷᠡᠭᠵᠢᠭᠦᠯᠦᠨ᠎ᠡ᠃ ᠲᠠᠪᠤ ᠳᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠦᠨ᠎ᠡ᠃ ᠳᠣᠯᠤᠭ᠎ᠠ ᠳᠤ᠂ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠤᠨ ᠵᠠᠭᠤᠴᠢ ᠶᠢᠨ ᠦᠢᠯᠡᠴᠢᠯᠡᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠠᠢᠮᠠ ᠳᠤ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠎ᠠ᠃      ᠠᠰᠠᠭᠤᠯᠲᠠ᠄ ᠡᠨᠡ ᠤᠳᠠᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠲᠠᠢ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠬᠤ ᠶᠢ ᠬᠡᠷᠬᠢᠨ ᠰᠠᠶᠢᠲᠤᠷ ᠬᠢᠬᠦ ᠪᠣᠢ︖      ᠬᠠᠷᠢᠭᠤᠯᠲᠠ᠄ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ ᠦᠵᠡᠭᠦᠯᠬᠦ ᠪᠣᠯᠭᠠᠬᠤ ᠪᠠᠷ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠡᠭᠦᠷᠭᠡ ᠪᠣᠯᠭᠠᠬᠤ ᠬᠡᠷᠡᠭᠲᠡᠢ ᠭᠡᠵᠦ ᠲᠥᠪ ᠠᠴᠠ ᠲᠣᠳᠣᠷᠬᠠᠢ ᠱᠠᠭᠠᠷᠳᠠᠪᠠ᠃ ᠬᠡᠷᠪᠡ ᠪᠠᠶᠢᠭᠤᠯᠤᠮᠵᠢ ᠶᠢᠨ ᠥᠭᠡᠷᠡᠴᠢᠯᠡᠯᠲᠡ ᠶᠢ ︽ᠬᠠᠲᠠᠭᠤ ᠲᠣᠨᠤᠭ︾ ᠭᠡᠵᠦ ᠬᠡᠯᠡᠪᠡᠯ᠂ ᠬᠢᠨᠠᠨ ᠵᠥᠪᠰᠢᠶᠡᠷᠡᠬᠦ ᠦᠢᠯᠡᠴᠢᠯᠡᠭᠡ ᠨᠢ ᠳᠠᠷᠤᠢ ︽ᠵᠥᠭᠡᠯᠡᠨ ᠲᠣᠨᠤᠭ︾᠎ ᠤᠨ ᠳᠡᠰ ᠳᠡᠪᠰᠢᠯᠲᠡ ᠪᠠᠶᠢᠵᠤ᠂ ᠬᠤᠶᠠᠭᠤᠯᠠ ᠶᠢ ᠡᠷᠬᠡᠪᠰᠢ ᠵᠣᠯᠭᠠᠯᠳᠤᠭᠤᠯᠤᠨ ᠲᠣᠬᠢᠷᠠᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠢ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠲᠠᠢ ᠤᠶᠠᠯᠳᠤᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ ᠦᠵᠡᠭᠦᠯᠬᠦ ᠪᠣᠯᠭᠠᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠣᠨᠴᠠᠭᠠᠶᠢᠯᠠᠨ ᠬᠤᠲᠠ ᠰᠢᠶᠠᠨ ᠪᠠ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠨᠢ ᠠᠵᠤ ᠠᠬᠤᠶᠢᠯᠠᠯ ᠪᠠ ᠣᠯᠠᠨ ᠲᠦᠮᠡᠨ ᠳᠤ ᠰᠢᠭᠤᠳ ᠬᠠᠨᠳᠤᠭᠤᠯᠤᠭᠰᠠᠨ ᠦᠨᠳᠦᠰᠦᠨ ᠱᠠᠲᠤᠨ ᠤ ᠬᠠᠮᠢᠶᠠᠷᠤᠯᠲᠠ ᠪᠠ ᠦᠢᠯᠡᠴᠢᠯᠡᠭᠡ ᠶᠢᠨ ᠶᠡᠭᠡ ᠬᠡᠮᠵᠢᠶᠡᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠪᠣᠯᠬᠤᠷ᠂ ᠳᠠᠷᠠᠭᠠᠴᠢ ᠶᠢᠨ ᠠᠯᠬᠤᠮ ᠤᠨ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠬᠢᠨᠠᠨ ᠵᠥᠪᠰᠢᠶᠡᠷᠡᠬᠦ᠂ ᠦᠢᠯᠡᠴᠢᠯᠡᠬᠦ᠂ ᠬᠠᠤᠯᠢ ᠬᠡᠷᠡᠭᠵᠢᠭᠦᠯᠬᠦ ᠵᠡᠷᠭᠡ ᠲᠠᠯ᠎ᠠ ᠪᠠᠷ ᠬᠢ ᠬᠦᠴᠦᠨ ᠪᠠ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠪᠠᠶᠢᠭᠤᠯᠤᠮᠵᠢ ᠶᠢ ᠶᠡᠷᠦᠩᠬᠡᠶᠢᠯᠡᠨ ᠲᠣᠬᠢᠷᠠᠭᠤᠯᠵᠤ᠂ ᠣᠯᠠᠨ ᠲᠦᠮᠡᠨ ᠢ ᠠᠵᠢᠯ ᠬᠡᠷᠡᠭ ᠭᠦᠢᠴᠡᠳᠬᠡᠬᠦ ᠳᠤ ︽ᠵᠥᠪᠬᠡᠨ ᠨᠢᠭᠡ ᠯᠡ ᠡᠭᠦᠳᠡ ᠪᠠᠷ ᠣᠷᠣᠭᠤᠯᠵᠤ︾᠂ ᠳᠤᠲᠠᠭᠤ ᠬᠡᠳᠦᠨ ᠤᠳᠠᠭ᠎ᠠ ᠭᠦᠶᠦᠯᠭᠡᠬᠦ ᠬᠡᠷᠡᠭᠲᠡᠢ᠃      ᠠᠰᠠᠭᠤᠯᠲᠠ᠄ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠡᠷᠬᠢᠨ ᠪᠠᠲᠤᠯᠠᠬᠤ ᠪᠣᠢ︖      ᠬᠠᠷᠢᠭᠤᠯᠲᠠ᠄ ᠰᠠᠨᠠᠯ ᠳᠤ ᠡᠯ᠎ᠡ ᠱᠠᠲᠤᠨ ᠤ ᠨᠠᠮ ᠤᠨ ᠬᠤᠷᠢᠶ᠎ᠠ ᠠᠴᠠ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ ᠦᠵᠡᠭᠦᠯᠬᠦ ᠪᠣᠯᠭᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠳᠤᠷᠢᠳᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠂ ᠡᠨᠡ ᠬᠦ ᠵᠦᠢᠯ ᠤᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠲᠠᠢ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠬᠤ ᠶᠢ ᠰᠠᠶᠢᠲᠤᠷ ᠬᠢᠵᠦ᠂ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠥᠭᠡᠷᠡᠴᠢᠯᠡᠯᠲᠡ ᠶᠢᠨ ᠴᠢᠭᠯᠡᠯ ᠢ ᠡᠵᠡᠮᠳᠡᠬᠦ ᠬᠡᠷᠡᠭᠲᠡᠢ ᠭᠡᠵᠦ ᠱᠠᠭᠠᠷᠳᠠᠪᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠠᠵᠢᠯ ᠤᠨ ᠲᠥᠰᠥᠯ ᠢᠶᠠᠨ ᠲᠣᠭᠲᠠᠭᠠᠨ᠂ ᠡᠭᠦᠷᠭᠡ ᠪᠠᠨ ᠨᠠᠷᠢᠯᠢᠭᠵᠢᠭᠤᠯᠤᠨ ᠵᠠᠳᠠᠯᠵᠤ᠂ ᠬᠠᠷᠢᠭᠤᠴᠠᠯᠭ᠎ᠠ ᠪᠠᠨ ᠳᠡᠰ ᠳᠡᠰ ᠢᠶᠠᠷ ᠪᠣᠳᠠᠲᠠᠶᠢᠵᠢᠭᠤᠯᠤᠨ ᠴᠢᠩᠭᠠᠳᠬᠠᠵᠤ᠂ ᠬᠤᠲᠠ ᠰᠢᠶᠠᠨ ᠬᠤᠶᠠᠷ ᠱᠠᠲᠤ ᠶᠢ ᠵᠢᠯᠣᠭᠤᠳᠤᠨ ᠪᠣᠳᠠᠲᠠᠢ ᠪᠠᠷ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠣᠷᠣᠨ ᠨᠤᠲᠤᠭ ᠤᠨ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠶᠢᠨ ᠲᠥᠯᠥᠭᠡ᠂ ᠰᠠᠨᠠᠯ ᠤᠨ ᠠᠷᠤ ᠳᠤ ᠵᠧᠵᠢᠶᠠᠩ᠂ ᠵᠢᠶᠠᠩᠰᠤ᠂ ᠱᠠᠩᠬᠠᠢ᠂ ᠬᠤᠪᠧᠢ ᠶᠢᠨ ᠦᠬᠠᠨ᠂ ᠲᠢᠶᠠᠨᠵᠢᠨ ᠤ ᠪᠢᠨ ᠬᠠᠢ ᠰᠢᠨ᠎ᠡ ᠲᠣᠭᠤᠷᠢᠭ᠂ ᠭᠤᠸᠠᠩᠳᠦ᠋ᠩ ᠤᠨ ᠹᠦᠸᠧ ᠱᠠᠨ ᠵᠡᠷᠭᠡ 6 ᠨᠡᠶᠢᠲᠡᠯᠢᠭ ᠵᠢᠱᠢᠶ᠎ᠡ ᠶᠢ ᠳᠠᠭᠠᠯᠳᠤᠭᠤᠯᠵᠤ᠂ ᠡᠯ᠎ᠡ ᠭᠠᠵᠠᠷ ᠤᠨ ᠰᠤᠷᠤᠯᠴᠠᠵᠤ ᠯᠠᠪᠯᠠᠯᠲᠠ ᠪᠣᠯᠭᠠᠬᠤ ᠳᠤ ᠬᠠᠩᠭᠠᠭᠰᠠᠨ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ