ᠦᠪᠦᠷ ᠮᠣᠩᠭᠤᠯ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠡᠳ᠋ ᠤᠨ ᠵᠠᠰᠠᠭ ᠠᠴᠠ ᠲᠠᠮ ᠬᠦᠦ ᠮᠥᠩᠭᠦ ᠥᠭᠬᠦ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ ᠪᠣᠢ
ᠨᠡᠶᠢᠲᠡᠯᠡᠭᠰᠡᠨ ᠴᠠᠭ᠄
2018/5/24
      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠣᠷᠴᠢᠮᠬᠠᠨ ︽ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠡᠳ᠋ ᠤᠨ ᠵᠠᠰᠠᠭ ᠠᠴᠠ ᠳᠡᠮ ᠬᠦᠦ ᠮᠥᠩᠭᠦ ᠥᠭᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠡᠳ᠋ ᠤᠨ ᠵᠠᠰᠠᠭ ᠤᠨ ᠶᠠᠮᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠤᠯᠠᠮᠵᠢᠯᠠᠨ ᠲᠠᠷᠬᠠᠭᠠᠵᠤ᠂ ᠵᠢᠭᠡᠯᠡᠭᠴᠢᠳ ᠤᠨ ᠬᠡᠪᠴᠢᠶ᠎ᠡ ᠶᠢ ᠥᠷᠭᠡᠳᠬᠡᠬᠦ᠂ ᠵᠢᠭᠡᠯᠡᠯᠭᠡ ᠭᠤᠶᠤᠴᠢᠯᠠᠬᠤ ᠨᠥᠬᠦᠴᠡᠯ ᠢ ᠰᠤᠯᠠᠷᠠᠭᠤᠯᠬᠤ᠂ ᠳᠠᠭᠠᠭᠠᠯᠲᠠ ᠬᠢᠬᠦ ᠪᠠ ᠳᠡᠮ ᠬᠦᠦ ᠮᠥᠩᠭᠦ ᠥᠭᠬᠦ ᠱᠠᠭᠠᠷᠳᠠᠯᠭ᠎ᠠ ᠶᠢ ᠠᠭᠤᠵᠢᠭᠤ ᠲᠠᠯᠪᠢᠬᠤ ᠲᠠᠯ᠎ᠠ ᠪᠠᠷ ᠬᠢ ᠲᠦᠷᠤ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ ᠶᠢ ᠲᠣᠳᠣᠷᠬᠠᠶᠢᠯᠠᠪᠠ᠃      ︽ᠮᠡᠳᠡᠭᠳᠡᠯ︾ ᠳᠤ ᠲᠣᠳᠣᠷᠬᠠᠶᠢᠯᠠᠭᠰᠠᠨ ᠨᠢ᠂ ᠵᠢᠭᠡᠯᠡᠭᠴᠢᠳ ᠤᠨ ᠬᠡᠪᠴᠢᠶ᠎ᠡ ᠶᠢ ᠥᠷᠭᠡᠳᠬᠡᠬᠦ ᠲᠠᠯ᠎ᠠ ᠪᠠᠷ᠂ ᠤᠤᠯ ᠤᠨ ᠲᠣᠭᠲᠠᠭᠠᠭᠰᠠᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠭᠴᠢᠳ ︵ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ᠂ ᠴᠡᠷᠢᠭ ᠠᠴᠠ ᠬᠠᠯᠠᠭᠳᠠᠭᠰᠠᠳ ᠪᠠᠭᠤᠭᠰᠠᠳ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠳ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠦᠶᠯᠡᠳᠪᠦᠷᠢᠯᠡᠯ ᠤᠨ ᠦᠯᠡᠭᠦᠤ ᠴᠢᠳᠠᠪᠤᠷᠢ ᠶᠢ ᠦᠭᠡᠶᠢᠰᠬᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠬᠤ ᠬᠦᠴᠦ ᠶᠠᠪᠤᠭᠴᠢ ᠮᠠᠯᠴᠢᠨ ᠲᠠᠷᠢᠶᠠᠴᠢᠳ᠂ ᠰᠦᠯᠵᠢᠶᠡᠨ ᠤ ᠬᠤᠳᠠᠯᠳᠤᠭᠠᠴᠢᠳ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ︶ ᠠᠴᠠ ᠭᠠᠳᠠᠨ᠎ᠠ᠂ ᠬᠥᠳᠡᠭᠡ ᠲᠣᠰᠬᠤᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠲᠠᠷᠢᠶᠠᠴᠢᠳ ᠢ ᠳᠡᠮᠵᠢᠯᠭᠡ ᠶᠢᠨ ᠬᠡᠪᠴᠢᠶᠡᠨ ᠳᠡᠭᠡᠨ ᠣᠷᠤᠭᠤᠯᠪᠠ᠃ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠭᠴᠢᠳ ᠤᠨ ᠬᠡᠪᠴᠢᠶ᠎ᠡ ᠶᠢ ᠳᠣᠣᠷᠠᠬᠢ ᠮᠡᠲᠦ ᠲᠣᠬᠢᠷᠠᠭᠤᠯᠵᠠᠢ᠄ ᠲᠤᠰ ᠵᠢᠯ ᠰᠢᠨ᠎ᠡ ᠪᠠᠷ ᠡᠯᠰᠡᠨ ᠬᠡᠷᠡᠭᠯᠡᠭᠰᠡᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠠᠵᠤ ᠠᠬᠤᠶᠢᠯᠠᠯ ᠤᠨ ᠳᠠᠭᠠᠭᠯᠲᠠᠲᠤ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠠᠵᠢᠯᠳᠠᠨ ᠠᠵᠢᠯᠴᠢᠨ ᠤ ᠲᠤᠭ᠎ᠠ ᠨᠢ ᠠᠵᠤ ᠠᠬᠤᠶᠢᠯᠠᠯ ᠤᠨ ᠣᠳᠣ ᠪᠠᠷ ᠢᠶᠠᠨ ᠠᠵᠢᠯ ᠤᠨ ᠪᠠᠶᠢᠷᠢ ᠳᠤ ᠪᠠᠶᠢᠭ᠎ᠠ ᠠᠵᠢᠯᠳᠠᠨ ᠠᠵᠢᠯᠴᠢᠨ ᠤ ᠬᠥᠮᠦᠨ ᠤ ᠲᠤᠭ᠎ᠠ ᠶᠢᠨ 25% ︵100 ᠬᠥᠮᠦᠨ ᠠᠴᠠ ᠬᠡᠲᠦᠷᠡᠭᠰᠡᠨ ᠠᠵᠤ ᠠᠬᠤᠶᠢᠯᠠᠯ 15% ᠬᠦᠷᠦᠭᠦᠯᠦᠨ᠎ᠡ︶ ᠳᠤ ᠬᠦᠷᠦᠭᠰᠡᠨ ᠪᠦᠭᠡᠳ ᠲᠡᠳᠡ ᠨᠠᠷ ᠲᠠᠢ ᠨᠢᠭᠡ ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ ᠵᠢᠵᠢᠭ ᠪᠢᠴᠢᠯ ᠠᠵᠤ ᠠᠬᠤᠶᠢᠯᠠᠯ ᠪᠠᠶᠢᠬᠤ ᠬᠡᠷᠡᠭᠲᠡᠢ ᠭᠡᠵᠡᠢ᠃ ᠵᠢᠭᠡᠯᠡᠯᠭᠡ ᠭᠤᠶᠤᠴᠢᠯᠠᠬᠤ ᠨᠥᠬᠦᠴᠡᠯ ᠢ ᠰᠤᠯᠠᠷᠠᠭᠤᠯᠬᠤ ᠲᠠᠯ᠎ᠠ ᠪᠠᠷ᠂ ᠬᠤᠪᠢ ᠬᠥᠮᠦᠨ ᠤ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠭᠴᠢ ᠶᠢᠨ ᠵᠢᠭᠡᠯᠡᠯᠭᠡ ᠶᠢ ᠲᠡᠮᠳᠡᠭᠯᠡᠬᠦ ᠱᠠᠭᠠᠷᠳᠠᠯᠭ᠎ᠠ ᠶᠢ ᠳᠣᠣᠷᠠᠬᠢ ᠮᠡᠲᠦ ᠲᠣᠬᠢᠷᠠᠭᠤᠯᠵᠠᠢ᠄ ᠰᠤᠷᠤᠯᠭ᠎ᠠ ᠲᠡᠳᠬᠦᠬᠦ ᠵᠢᠭᠡᠯᠡᠯᠭᠡ᠂ ᠶᠠᠳᠠᠭᠤ ᠶᠢ ᠲᠡᠳᠬᠦᠬᠦ ᠵᠢᠭᠡᠯᠡᠯᠭᠡ᠂ ᠣᠷᠣᠨ ᠰᠠᠭᠤᠴᠠ ᠶᠢᠨ ᠵᠢᠭᠡᠯᠡᠯᠭᠡ᠂ ᠮᠠᠰᠢᠨ ᠲᠡᠷᠭᠡ ᠬᠤᠳᠠᠯᠳᠤᠨ ᠠᠪᠬᠤ ᠵᠢᠭᠡᠯᠡᠯᠭᠡ᠂ 5 ᠲᠦᠮᠡᠨ ᠲᠥᠭᠦᠷᠢᠭ ᠠᠴᠠ ᠳᠣᠭᠤᠭᠰᠢᠬᠢ ᠪᠠᠭ᠎ᠠ ᠲᠣᠭᠠᠨ ᠤ ᠬᠡᠷᠡᠭᠯᠡᠭᠡᠨ ᠤ ᠵᠢᠭᠡᠯᠡᠯᠭᠡ ︵ᠢᠲᠡᠭᠡᠮᠵᠢ ᠶᠢᠨ ᠺᠠᠷᠲ ᠤᠨ ᠬᠡᠷᠡᠭᠯᠡᠭᠡ ᠪᠠᠭᠲᠠᠨ᠎ᠠ︶ ᠶᠢ ᠭᠠᠷᠭᠠᠪᠠᠯ᠂ ᠭᠤᠶᠤᠴᠢᠯᠠᠭᠴᠢ ᠨᠢ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠳᠠᠭᠠᠨ᠂ ᠲᠤᠰ ᠬᠥᠮᠦᠨ ᠵᠢᠴᠢ ᠲᠡᠭᠦᠨ ᠤ ᠬᠠᠨᠢ ᠨᠦᠬᠦᠷ ᠨᠢ ᠪᠤᠰᠤᠳ ᠵᠢᠭᠡᠯᠡᠯᠭᠡ ᠦᠭᠡᠢ ᠪᠠᠶᠢᠬᠤ ᠬᠡᠷᠡᠭᠲᠡᠢ ᠭᠡᠵᠡᠢ᠃ ᠳᠠᠭᠠᠭᠠᠯᠲᠠ ᠬᠢᠬᠦ ᠪᠠ ᠳᠡᠮ ᠬᠦᠦ ᠮᠥᠩᠭᠦ ᠥᠭᠬᠦ ᠱᠠᠭᠠᠷᠳᠠᠯᠭ᠎ᠠ ᠶᠢ ᠠᠭᠤᠵᠢᠭᠤ ᠲᠠᠯᠪᠢᠬᠤ ᠲᠠᠯ᠎ᠠ ᠪᠠᠷ᠂ ᠨᠢᠭᠡᠨᠲᠡ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠳᠡᠮ ᠬᠦᠦ ᠮᠦᠩᠭᠦ ᠥᠭᠬᠦ ᠳᠡᠮᠵᠢᠯᠭᠡ ᠶᠢ ᠬᠦᠷᠲᠡᠵᠦ ᠪᠠᠶᠢᠭ᠎ᠠ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ᠂ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠭᠠᠭᠠᠯᠲᠠ ᠶᠢᠨ ᠰᠠᠭᠤᠷᠢ ᠮᠥᠩᠭᠦ ᠪᠠᠷ  ᠨᠢ ᠳᠠᠮᠵᠢᠭᠤᠯᠤᠨ ᠳᠠᠭᠠᠭᠠᠯᠲᠠ ᠬᠠᠩᠭᠠᠬᠤ ᠬᠡᠯᠪᠡᠷᠢ ᠶᠢᠨ ᠳᠡᠮᠵᠢᠯᠭᠡ ᠦᠵᠡᠭᠦᠯᠬᠦ ᠪᠣᠯᠭᠠᠨ᠎ᠠ ᠭᠡᠵᠡᠢ᠃ ᠵᠢᠬᠡᠯᠡᠯᠬᠡ ᠪᠠᠨ ᠪᠤᠴᠠᠭᠠᠬᠤ ᠳᠤ ᠪᠠᠨ ᠢᠳᠡᠪᠬᠢᠲᠡᠶ᠂ ᠠᠵᠢᠯ ᠣᠯᠭᠤᠬᠤ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠠᠳᠠᠯ ᠦᠶᠯᠡᠰ ᠴᠣᠭᠴᠠᠯᠠᠬᠤ ᠲᠥᠷᠥᠯ ᠵᠦᠶᠯ ᠢᠶᠠᠷ ᠰᠠᠶᠢᠨ ᠪᠦᠬᠦᠢ ᠵᠣᠭᠤᠰ ᠵᠢᠭᠡᠯᠡᠬᠦ ᠬᠤᠪᠢ ᠬᠥᠮᠦᠨ ᠪᠠ ᠵᠢᠵᠢᠭ ᠪᠢᠴᠢᠯ ᠠᠵᠤ ᠠᠬᠤᠶᠢᠯᠠᠯ ᠳᠤ᠂ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠮ ᠬᠦᠦ ᠮᠦᠩᠬᠦ ᠶᠢ ᠦᠷᠭᠦᠯᠵᠢᠯᠡᠨ ᠣᠯᠭᠤᠵᠤ ᠪᠣᠯᠤᠨ᠎ᠠ᠂ ᠭᠡᠪᠡᠴᠦ ᠤᠳᠠᠭ᠎ᠠ ᠲᠤᠭ᠎ᠠ ᠶᠢ 3 ᠠᠴᠠ ᠬᠡᠲᠦᠷᠢᠭᠦᠯᠵᠤ ᠪᠣᠯᠬᠤ ᠦᠭᠡᠢ᠃      ᠲᠤᠰ ︽ᠮᠡᠳᠡᠭᠳᠡᠯ︾ ᠢ ᠨᠢᠭᠡᠨᠲᠡ ᠬᠡᠷᠡᠭᠵᠢᠭᠦᠯᠵᠡᠢ᠂ ᠡᠭᠦᠨ ᠠᠴᠠ ᠡᠮᠦᠨ᠎ᠡ ᠨᠡᠶᠢᠲᠡᠯᠡᠭᠰᠡᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠲᠠᠮ ᠬᠦᠦ ᠮᠦᠩᠬᠦ ᠥᠭᠬᠦ ᠬᠤᠯᠪᠣᠭᠳᠠᠯ ᠪᠦᠭᠦᠢ ᠲᠦᠷᠦ ᠶᠢᠨ ᠪᠤᠳᠤᠯᠭ᠎ᠠ ᠨᠢ ᠲᠤᠰ ︽ᠮᠡᠳᠡᠭᠳᠡᠯ︾ ᠲᠠᠢ ᠨᠢᠭᠡᠳᠦᠯ ᠦᠭᠡᠢ ᠪᠠᠶᠢᠪᠠᠯ᠂ ᠲᠤᠰ ︽ᠮᠡᠳᠡᠭᠳᠡᠯ︾ ᠢᠶᠠᠷ ᠪᠠᠷᠢᠮᠵᠢᠶ᠎ᠠ ᠪᠣᠯᠭᠠᠨ᠎ᠠ᠂ ᠲᠤᠰ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠬᠦᠴᠦᠨ ᠲᠠᠢ ᠪᠣᠯᠤᠭᠰᠠᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠡᠷ᠎ᠡ ᠶᠢ ᠮᠥᠨ ᠬᠦ ᠤᠤᠯ ᠤᠨ ᠭᠡᠷ᠎ᠡ ᠶᠢᠨ ᠪᠣᠯᠵᠣᠯ ᠶᠣᠰᠣᠭᠠᠷ ᠬᠡᠷᠡᠭᠵᠢᠭᠦᠯᠦᠨ᠎ᠡ︔ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠪᠠᠷ ᠡᠯᠰᠡᠭᠰᠡᠨ ᠨᠥᠬᠦᠴᠡᠯ ᠳᠤ ᠨᠡᠶᠢᠴᠡᠬᠦ ᠬᠥᠮᠦᠰ ᠨᠢ ᠠᠵᠤ ᠠᠬᠤᠶᠢᠯᠠᠯ ᠲᠠᠢ ᠨᠢᠭᠡ ᠵᠢᠯ ᠠᠴᠠ ᠳᠡᠭᠡᠭᠰᠢᠬᠢ ᠬᠤᠭᠤᠴᠠᠭᠠᠨ ᠤ ᠬᠥᠳᠡᠯᠮᠦᠷᠢ ᠶᠢᠨ ᠭᠡᠷ᠎ᠡ ᠲᠣᠭᠲᠠᠬᠤ ᠳᠤ᠂ ᠠᠵᠤ ᠠᠬᠤᠶᠢᠯᠠᠯ ᠨᠢ ᠨᠡᠶᠢᠭᠡᠮ ᠤᠨ ᠳᠠᠭᠠᠳᠬᠠᠯ ᠢ ᠠᠳᠠᠯᠢᠬᠠᠨ ᠲᠤᠰᠢᠶᠠᠵᠤ ᠥᠭᠭᠦᠨ᠎ᠡ︔ ᠶᠠᠳᠠᠭᠤ ᠬᠦᠴᠢᠷᠳᠡᠯᠲᠡᠶ ᠭᠠᠵᠠᠷ ᠣᠷᠣᠨ ︵ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠰᠢᠶᠠᠨ ︵ᠬᠤᠰᠢᠭᠤ︶ ᠵᠢᠴᠢ ᠪᠦᠬᠦ ᠤᠯᠤᠰ ᠤᠨ 14 ᠲᠥᠪᠯᠡᠷᠡᠵᠦ ᠵᠠᠯᠭᠠᠯᠳᠤᠭᠰᠠᠨ ᠣᠨᠴᠠᠭᠠᠶ ᠬᠦᠴᠢᠷᠳᠡᠯ ᠲᠠᠢ ᠭᠠᠵᠠᠷ ᠣᠷᠣᠨ ᠢ ᠵᠢᠭᠠᠵᠤ ᠪᠤᠢ︶ ᠤ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ 3 ᠵᠢᠯ ᠪᠥᠬᠦ ᠲᠣᠭᠠᠨ ᠤ ᠲᠠᠮ ᠬᠦᠦ ᠮᠦᠩᠬᠦ ᠥᠭᠴᠦ᠂ ᠶᠠᠳᠠᠭᠤ ᠬᠦᠴᠢᠷᠳᠡᠯ ᠲᠠᠢ ᠪᠤᠰᠤ ᠭᠠᠵᠠᠷ ᠣᠷᠣᠨ ᠤ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ 2 ᠵᠢᠯ ᠪᠥᠬᠦ ᠲᠣᠭᠠᠨ ᠤ ᠲᠠᠮ ᠬᠦᠦ ᠮᠦᠩᠬᠦ ᠥᠭᠭᠦᠨ᠎ᠡ︔ ︽ᠮᠡᠳᠡᠭᠳᠡᠯ︾ ᠳᠠᠬᠢ ︽ᠲᠠᠷᠢᠶᠠᠴᠢᠨ︾ ᠨᠢ ᠪᠦᠷ ︽ᠮᠠᠯᠴᠢᠨ ᠲᠠᠷᠢᠶᠠᠴᠢᠨ︾ ᠢ ᠵᠢᠭᠠᠨ᠎ᠠ︔ ︽ᠮᠡᠳᠡᠭᠳᠡᠯ︾ ᠳᠠᠬᠢ ︽ᠭᠤᠶᠤᠴᠢᠯᠠᠭᠴᠢ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠬᠤ ᠳᠤ᠂ ᠲᠣᠰ ᠬᠥᠮᠦᠨ ᠵᠢᠴᠢ ᠲᠡᠭᠦᠨ ᠤ ᠬᠠᠨᠢ ᠨᠦᠬᠦᠷ ᠨᠢ ᠪᠤᠰᠤᠳ ᠵᠢᠭᠡᠯᠡᠯᠭᠡ ᠦᠭᠡᠢ ᠪᠠᠶᠢᠬᠤ ᠬᠡᠷᠡᠭᠳᠡᠢ︾ ᠳᠣᠲᠣᠷᠠᠬᠢ ︽ᠪᠤᠰᠤᠳ ᠵᠢᠭᠡᠯᠡᠯᠭᠡ︾ ᠭᠡᠳᠡᠭ ᠨᠢ ᠲᠥᠯᠦᠭᠡᠳᠦᠢ ᠵᠢᠭᠡᠯᠡᠯᠭᠡ ᠶᠢ ᠵᠢᠭᠠᠨ᠎ᠠ︔ ᠡᠯ᠎ᠡ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠭᠠᠷᠳᠠᠨ ᠭᠦᠢᠴᠡᠳᠬᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠮᠥᠩᠭᠦᠨ ᠭᠦᠢᠯᠭᠡᠭᠡᠨ ᠤ ᠦᠢᠯᠡᠳᠬᠦᠨ ᠢ ᠨᠡᠭᠡᠭᠡᠨ ᠢᠳᠡᠪᠬᠢᠲᠡᠶ ᠪᠠᠷ ᠬᠥᠭᠵᠢᠭᠦᠯᠵᠦ᠂ ᠵᠢᠭᠡᠯᠡᠯᠭᠡ ᠲᠠᠯᠪᠢᠬᠤ ᠠᠴᠠ ᠡᠮᠦᠨᠡᠬᠢ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠵᠢᠭᠡᠯᠡᠯᠭᠡ ᠲᠠᠯᠪᠢᠬᠤ ᠳᠤᠮᠳᠠᠬᠢ ᠦᠢᠯᠡᠴᠢᠯᠡᠭᠡ ᠶᠢ ᠴᠢᠩᠭᠠᠷᠠᠭᠤᠯᠵᠤ᠂ ᠵᠢᠭᠡᠯᠡᠯᠭᠡ ᠶᠢᠨ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠲᠡᠭᠡᠭᠰᠢᠯᠡᠬᠦᠯᠬᠦ ᠬᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号