ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠡᠢ    ᠯᠢ ᠵᠢᠢ ᠾᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2018/5/24
     5 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠤ᠂ ᠪᠦᠬᠦ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠤᠷᠤᠨ ᠤ ᠲᠤᠤᠱᠯᠠᠭᠤᠯᠤᠨ ᠨᠡᠶᠢᠳᠡᠪᠦᠷᠢᠵᠢᠭᠤᠯᠬᠤ ᠠᠵᠢᠯ ᠢ ᠰᠤᠳᠤᠯᠵᠠᠢ᠃ ᠦᠪᠡᠷᠳᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠭᠰᠠᠨ ᠨᠢ᠂ ᠲᠤᠰ ᠤᠳᠠᠭ᠎ᠠ ᠶᠢᠨ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ  ᠤ ᠬᠠᠮᠠᠭᠠᠯᠠᠯᠳᠠ ᠶᠢᠨ ᠶᠡᠭᠡ ᠬᠤᠷᠠᠯ ᠪᠤᠯ ᠨᠠᠮ ᠤᠨ ᠲᠦᠪ ᠬᠤᠷᠢᠶ᠎ᠠ ᠠᠴᠠ ᠬᠤᠷᠠᠯᠳᠤᠭᠤᠯᠤᠬᠰᠠᠨ ᠨᠢᠭᠡ ᠤᠳᠠᠭ᠎ᠠ  ᠶᠢᠨ ᠲᠦᠢᠯ ᠤᠨ ᠴᠢᠬᠤᠯᠠ ᠬᠤᠷᠠᠯ ᠪᠤᠯᠤᠨ᠎ᠠ᠂ ᠪᠦᠬᠦ ᠨᠠᠮ ᠪᠦᠬᠦ ᠤᠯᠤᠰ ᠪᠦᠬᠦ ᠨᠡᠶᠢᠭᠡᠮ ᠢᠶᠠᠷ ᠢᠶᠠᠨ ᠬᠠᠮᠳᠤᠪᠡᠷ ᠬᠦᠳᠡᠯᠦᠯᠴᠡᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠭᠦ ᠳᠤ ᠴᠢᠬᠤᠯᠠ ᠶᠡᠭᠡ ᠪᠦᠭᠡᠳ ᠠᠯᠤᠰ ᠬᠡᠳᠦ ᠶᠢᠨ ᠠᠴᠢ ᠬᠤᠯᠪᠤᠬᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠪᠦᠬᠦ ᠲᠠᠯ᠎ᠠ ᠠᠴᠠ ᠡᠭᠦᠰᠴᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠤᠯᠤᠬᠰᠠᠨ ᠲᠡᠤᠭᠡᠳᠦ ᠴᠢᠨᠠᠷᠳᠠᠢ ᠠᠮᠵᠢᠯᠳᠡ᠂ ᠡᠭᠦᠰᠦᠭᠰᠡᠨ ᠲᠡᠤᠭᠡᠳᠦ ᠴᠢᠨᠠᠷᠳᠠᠢ ᠬᠤᠪᠢᠰᠤᠯᠳᠠ ᠶᠢ ᠪᠦᠬᠦ ᠲᠠᠯ᠎ᠠ ᠪᠠᠷ ᠳ᠋ᠦᠩᠨᠡᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠴᠢᠬᠤᠯᠠ ᠶᠡᠭᠡ ᠠᠴᠢ ᠬᠤᠯᠪᠤᠬᠳᠠᠯ ᠢ ᠬᠦᠨᠵᠡᠭᠡᠢ ᠲᠤᠳᠤᠷᠬᠠᠢᠢᠯᠠᠨ ᠦᠭᠦᠯᠡᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠳᠤ ᠵᠠᠪᠠᠯ ᠪᠠᠷᠢᠮᠳᠠᠯᠠᠬᠤ ᠴᠢᠬᠤᠯᠠ ᠵᠠᠷᠴᠢᠮ ᠢ ᠲᠤᠳᠤᠷᠬᠠᠢ ᠲᠤᠷᠠᠳᠴᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠬᠤ ᠪᠠ ᠪᠤᠬᠢᠷᠳᠦᠯ ᠢ ᠰᠡᠷᠬᠡᠶᠢᠯᠡᠨ ᠵᠠᠰᠠᠬᠤ  ᠰᠢᠪᠲᠤᠯᠤᠯᠲᠠ ᠶᠢ ᠰᠠᠶᠢᠳᠤᠷ ᠬᠢᠭᠦ ᠲᠤᠬᠠᠢ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠪᠡ᠂ ᠡᠨᠡ ᠨᠢ ᠠᠮᠢ ᠠᠬᠤᠢ ᠶᠢᠨ ᠪᠤᠯᠪᠠᠰᠤᠨ ᠢ ᠪᠠᠶᠢᠭᠤᠯᠬᠤ ᠪᠠ ᠦᠵᠡᠰᠭᠦᠯᠡᠩᠳᠦ ᠰᠠᠶᠢᠬᠠᠨ ᠲᠤᠮᠳᠠᠳᠤ ᠤᠯᠤᠰ ᠢ ᠪᠦᠳᠦᠭᠡᠨ ᠪᠠᠶᠢᠭᠤᠯᠬᠤ ᠶᠢᠨ ᠦᠨᠳᠦᠰᠦᠨ ᠵᠢᠷᠤᠮᠯᠠᠯ ᠪᠤᠯᠤᠨ᠎ᠠ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠪᠦᠷ ᠮᠤᠩᠭᠤᠯ ᠪᠤᠯ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠤᠨ᠎ᠠ᠂ ᠨᠠᠮ ᠤᠨ ᠲᠦᠪ ᠬᠤᠷᠢᠶ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠮᠠᠨ ᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠲᠦᠢᠯ ᠢᠶᠠᠷ ᠬᠠᠯᠠᠮᠵᠢᠯᠠᠵᠤ ᠪᠤᠢ᠂ ᠦᠪᠦᠷ ᠮᠤᠩᠭᠤᠯ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠡᠷᠡᠰ ᠪᠠᠳᠤ᠂ ᠲᠡᠷᠡ ᠶᠤᠰᠤᠭᠠᠷ ᠨᠢ ᠲᠤᠤᠱᠯᠠᠭᠤᠯᠤᠨ ᠨᠡᠶᠢᠳᠡᠪᠦᠷᠢᠵᠢᠭᠤᠯᠬᠤ ᠮᠦᠷᠳᠡᠭᠡᠨ ᠬᠤᠰᠢᠭᠤᠷᠠᠨ ᠶᠠᠪᠤᠵᠤ᠂ ᠬᠡᠪ ᠲᠠᠭᠤᠷᠢᠶᠠᠯ ᠪᠤᠯᠬᠤ ᠬᠡᠷᠡᠭᠳᠡᠢ᠃ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ︽ᠲᠦᠷᠪᠡᠨ ᠤᠬᠠᠮᠰᠠᠷ︾ ᠢᠶᠠᠨ ᠳᠡᠭᠡᠭᠰᠢᠯᠡᠭᠦᠯᠦᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠲᠤᠬᠠᠢ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠡᠶᠢᠳᠡᠪᠦᠷᠢᠵᠢᠭᠤᠯᠵᠦ᠂ ᠶᠡᠷᠦᠩᠬᠡᠢ ᠰᠠᠶᠢᠳ ᠯᠢ ᠺᠧ ᠴᠢᠶᠠᠩ᠂ ᠲᠡᠳ᠋ ᠶᠡᠷᠦᠩᠬᠡᠢ ᠰᠠᠶᠢᠳ ᠬᠠᠨ ᠵᠧᠩ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠪᠠᠭᠠᠳᠤᠷ ᠡᠷ᠎ᠡ ᠪᠠᠭᠤᠤ ᠪᠠᠨ ᠴᠠᠪᠴᠢᠬᠤ ᠡᠷᠠᠰ ᠵᠤᠷᠢᠭ᠂ ᠤᠬᠤᠷᠢᠬᠤ ᠵᠠᠮ ᠢᠶᠠᠨ ᠲᠠᠰᠤᠯᠵᠤ ᠦᠬᠦᠨ ᠪᠠᠶᠢᠯᠳᠤᠬᠤ ᠤᠮᠤᠬ ᠵᠤᠷᠢᠬ᠂ ᠬᠤᠳᠠ ᠲᠠᠭᠠᠷᠢᠨ ᠴᠠᠶᠢᠵᠠ ᠲᠤᠪᠳᠤᠯᠬᠤ ᠲᠡᠬᠦᠯᠳᠡᠷ ᠵᠤᠷᠢᠬ ᠢᠶᠠᠷ ᠲᠦᠪᠯᠡᠷᠡᠭᠦᠯᠦᠨ ᠰᠢᠪᠲᠤᠯᠤᠯᠲᠠ ᠬᠢᠵᠦ᠂ ᠦᠷᠭᠦᠯᠵᠢᠯᠡᠨ ᠬᠦᠴᠦ ᠤᠷᠤᠭᠤᠯᠵᠤ᠂ ᠲᠦᠪ ᠤᠨ ᠤᠷᠴᠢᠨ ᠲᠤᠭᠤᠷᠢᠨ ᠢ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠬᠰᠠᠨ ᠠᠰᠠᠭᠤᠳᠠᠯ ᠢ ᠦᠨᠡᠨᠭᠦ ᠴᠡᠭᠴᠡᠯᠡᠨ ᠰᠠᠶᠢᠵᠢᠷᠠᠭᠤᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠦᠷ᠎ᠠ ᠪᠦᠳᠦᠭᠡᠯ ᠢ ᠰᠠᠶᠢᠳᠤᠷ ᠪᠠᠬᠢᠵᠢᠭᠦᠯᠦᠨ᠂ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠠᠶᠢᠳᠤᠷ ᠰᠢᠢᠳᠪᠦᠷᠢᠯᠡᠵᠤ᠂ ᠠᠮᠢ ᠠᠬᠤᠢ ᠶᠢᠨ ᠪᠤᠯᠪᠠᠰᠤᠨ ᠤ ᠰᠢᠰᠲ᠋ᠧᠮᠵᠢ ᠶᠢ ᠰᠠᠶᠢᠳᠤᠷ ᠪᠠᠶᠢᠭᠤᠯᠦᠨ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ᠂ ᠬᠠᠳᠠᠭᠤ ᠲᠠᠶᠢᠯᠠᠯᠳᠤᠭᠠᠨ᠂ ᠬᠠᠳᠠᠭᠤᠵᠢᠯᠳᠡᠢ ᠲᠠᠶᠢᠯᠠᠯᠳᠤᠭᠠᠨ ᠢ ᠡᠷᠡᠰ ᠰᠠᠶᠢᠳᠤᠷ ᠬᠢᠵᠤ᠂ ᠡᠭᠡ ᠤᠯᠤᠰ ᠤᠨ ᠤᠮᠠᠷᠠᠳᠦ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠬᠦᠴᠦᠯᠡᠨ ᠴᠤᠬᠴᠠᠯᠠᠵᠤ᠂ ᠪᠤᠳᠠᠳᠤ ᠠᠵᠢᠯᠯᠠᠭ᠎ᠠ ᠪᠠᠷ ᠢᠶᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ ᠬᠡᠪᠠ᠃       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号