ᠮᠠᠨ ᠤ ᠣᠷᠣᠨ ᠨᠡᠶᠢᠭᠡᠮ ᠲᠣᠭᠤᠷᠢᠭ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠲᠦᠯᠬᠢᠨ ᠠᠬᠢᠭᠤᠯᠬᠤ ᠳᠤ ᠳᠠᠬᠢᠨ ᠰᠢᠨ᠎ᠡ ᠠᠷᠭ᠎ᠠ ᠭᠠᠷᠭᠠᠪᠠ
ᠨᠡᠶᠢᠲᠡᠯᠡᠭᠰᠡᠨ ᠴᠠᠭ᠄
2018/5/25
     ᠮᠠᠨ ᠤ ᠣᠷᠣᠨ ᠨᠡᠶᠢᠭᠡᠮ ᠲᠣᠭᠤᠷᠢᠭ ᠤᠨ ᠳᠠᠷᠤᠭᠠᠰᠤ ᠶᠢ ᠬᠦᠡᠭᠭᠡᠷᠡᠭᠦᠯᠵᠤ ᠦᠷ᠎ᠡ ᠠᠰᠢᠭ ᠢ ᠨᠡᠮᠡᠭᠳᠡᠭᠦᠯᠬᠦ ᠠᠵᠢᠯ ᠢ  ᠲᠦᠯᠬᠢᠨ ᠠᠬᠢᠭᠤᠯᠬᠤ ᠳᠤ ᠨᠡᠩ ᠲᠣᠳᠣᠷᠬᠠᠶ ᠱᠠᠭᠠᠷᠳᠠᠯᠭ᠎ᠠ ᠳᠤᠷᠠᠳᠪᠠ᠃ ᠰᠠᠨᠠᠯ ᠳᠤ ᠱᠠᠭᠠᠷᠳᠠᠭᠰᠠᠨ ᠨᠢ᠂ ᠪᠦᠬᠦ ᠣᠷᠣᠨ ᠤ ᠡᠯ᠎ᠡ ᠭᠠᠵᠠᠷ ᠤᠳ ︽ᠨᠡᠶᠢᠭᠡᠮ ᠲᠣᠭᠤᠷᠢᠭ ᠤᠨ ᠠᠵᠢᠯ ᠢ ᠴᠣᠮᠬᠠᠳᠬᠠᠨ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠢ ᠵᠠᠰᠠᠭ ᠵᠠᠬᠢᠷᠭᠠᠴᠢᠯᠠᠬᠤ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠨᠡᠶᠢᠭᠡᠮ ᠲᠣᠭᠤᠷᠢᠭ ᠤᠨ ᠠᠵᠢᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠶ᠃ ᠡᠩ ᠲᠡᠷᠢᠭᠦᠨ ᠳᠤ᠂ ᠨᠡᠶᠢᠭᠡᠮ ᠲᠣᠭᠤᠷᠢᠭ ᠤᠨ ᠵᠠᠰᠠᠨ ᠴᠡᠭᠴᠡᠯᠡᠯᠲᠡ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠡᠭᠦᠷᠭᠡᠯᠡᠬᠦ ᠨᠡᠶᠢᠭᠡᠮ ᠲᠣᠭᠤᠷᠢᠭ ᠤᠨ ᠠᠵᠢᠯ ᠶᠠᠪᠤᠳᠠᠯ ᠤᠨ ᠨᠠᠷᠢᠨ ᠳᠠᠩᠰᠠ ᠪᠤᠯᠤᠨ ᠵᠠᠰᠠᠭ ᠤᠨ ᠣᠷᠳᠣᠨ ᠢ ᠬᠠᠪᠰᠤᠷᠴᠤ ᠪᠠᠶᠢᠭ᠎ᠠ ᠨᠡᠶᠢᠭᠡᠮ ᠲᠣᠭᠤᠷᠢᠭ ᠤᠨ ᠠᠵᠢᠯ ᠶᠠᠪᠤᠳᠠᠯ ᠤᠨ ᠨᠠᠷᠢᠨ ᠳᠠᠩᠰᠠ ᠶᠢ ᠨᠠᠶᠢᠳᠠᠪᠤᠷᠢᠵᠢᠭᠤᠯᠬᠤ ᠬᠡᠷᠡᠭᠲᠠᠢ᠃ ᠨᠡᠶᠢᠭᠡᠮ ᠲᠣᠭᠤᠷᠢᠭ ᠤᠨ ᠠᠵᠢᠯ ᠦᠢᠯᠡᠰ ᠤᠨ ᠨᠠᠷᠢᠨ ᠳᠠᠩᠰᠠ ᠶᠢ ᠦᠨᠳᠦᠰᠦᠯᠡᠨ ᠨᠡᠶᠢᠭᠡᠮ ᠲᠣᠭᠤᠷᠢᠭ ᠤᠨ ᠠᠵᠢᠯ ᠶᠠᠪᠤᠳᠠᠯ ᠤᠨ ᠵᠦᠪᠰᠢᠶᠡᠷᠡᠨ ᠤᠷᠤᠭᠤᠯᠬᠤ ᠲᠦᠷᠢᠮ ᠪᠠᠶᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠬᠦᠢᠴᠡᠳᠭᠡᠬᠦ ᠶᠤᠰᠤᠲᠠᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ᠂ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠳᠤ ᠡᠭᠦᠷᠭᠡᠯᠡᠭᠦᠯᠬᠦ ᠪᠠᠷ ᠱᠠᠭᠠᠷᠳᠠᠵᠤ ᠪᠣᠯᠬᠤ ᠦᠭᠡᠢ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠᠷ ᠬᠠᠤᠯᠢ ᠶᠣᠰᠣᠭᠠᠷ ᠬᠠᠮᠵᠢᠭᠤᠯᠬᠤ ᠴᠢᠬᠤᠯᠠᠲᠠᠢ ᠠᠵᠢᠯ ᠶᠠᠪᠤᠳᠠᠯ ᠳᠤ᠂ ᠲᠡᠭᠦᠨ ᠳᠤ ᠵᠠᠷᠤᠳᠠᠯ ᠪᠤᠯᠤᠨ ᠴᠢᠬᠤᠯᠠ ᠪᠦᠬᠦᠢ ᠠᠵᠢᠯ ᠤᠨ ᠨᠥᠬᠦᠴᠡᠯ ᠢ ᠨᠢ ᠬᠠᠨᠭ᠍ᠭᠠᠵᠤ ᠦᠭᠭᠦ ᠬᠡᠷᠡᠭᠲᠡᠶ᠃ ᠬᠤᠶᠠᠷ ᠵᠦᠢᠯ ᠤᠨ ᠨᠠᠷᠢᠨ ᠳᠠᠩᠰᠠ ᠠᠴᠠ ᠭᠠᠳᠠᠨᠠᠬᠢ ᠪᠤᠰᠤᠳ ᠶᠠᠪᠤᠳᠠᠯ ᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ︶ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠵᠡᠷᠭᠡ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠪᠠᠷ ᠬᠠᠩᠭᠠᠬᠤ ᠬᠡᠷᠡᠭᠲᠡᠶ᠃ ᠳᠠᠷᠠᠭ᠎ᠠ ᠳᠤᠨᠢ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠡᠯ᠎ᠡ ᠡᠷᠬᠡ ᠲᠤᠰᠢᠶᠠᠯᠳᠤ ᠰᠠᠯᠠᠭ᠎ᠠ ᠮᠥᠴᠢᠷ ᠤᠨ ᠨᠡᠶᠢᠭᠡᠮ ᠲᠣᠭᠤᠷᠢᠭ ᠲᠤ ᠪᠠᠶᠢᠭᠤᠯᠤᠭᠰᠠᠨ ᠠᠵᠢᠯ ᠤᠨ ᠪᠠᠶᠢᠭᠤᠯᠤᠮᠵᠢ ᠪᠤᠯᠤᠨ ᠨᠡᠮᠡᠵᠤ ᠡᠯᠭᠦᠭᠰᠡᠨ ᠡᠯ᠎ᠡ ᠵᠦᠢᠯ ᠤᠨ ᠢᠯᠡᠷᠭᠡᠶᠢᠯᠡᠯ ᠢ ᠤᠯᠠᠮ ᠨᠢᠭᠡ ᠠᠯᠬᠤᠮ ᠡᠮᠬᠢᠯᠡᠨ ᠲᠢᠭᠯᠡᠵᠦ ᠵᠢᠷᠤᠮᠵᠢᠭᠤᠯᠬᠤ ᠬᠡᠷᠡᠭᠲᠠᠢ᠃ ᠨᠡᠶᠢᠭᠡᠮ ᠲᠣᠭᠤᠷᠢᠭ ᠤᠨ ᠬᠤᠷᠠᠯ ᠪᠣᠯᠤᠨ ᠠᠵᠢᠯ ᠤᠨ ᠳᠠᠩᠰᠠ ᠶᠢ ᠴᠤᠮᠬᠠᠳᠬᠠᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠡᠷᠬᠡ ᠲᠤᠰᠢᠶᠠᠯᠳᠤ ᠰᠠᠯᠠᠭ᠎ᠠ ᠮᠥᠴᠢᠷ ᠤᠳ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠳᠤ ᠨᠡᠶᠢᠭᠡᠮ ᠲᠣᠭᠤᠷᠢᠭ ᠤᠨ ᠠᠵᠢᠯ ᠲᠠᠢ ᠬᠤᠯᠪᠤᠭᠳᠠᠯ ᠦᠭᠡᠢ ᠡᠯ᠎ᠡ ᠲᠦᠷᠦᠯ ᠤᠨ ᠬᠤᠷᠠᠯ ᠳᠤ ᠤᠷᠤᠯᠴᠠᠭᠤᠯᠬᠤ ᠪᠠᠷ ᠱᠠᠭᠠᠷᠳᠠᠵᠤ ᠪᠣᠯᠬᠤ ᠦᠭᠡᠢ᠂ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠳᠤ ᠡᠷᠭᠡ ᠲᠤᠰᠢᠶᠠᠯᠲᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠡᠭᠡ ᠲᠠᠩᠰᠠ ᠪᠠᠶᠢᠭᠤᠯᠬᠤ ᠪᠠᠷ ᠱᠠᠭᠠᠷᠳᠠᠵᠤ ᠪᠤᠯᠬᠤ ᠦᠭᠡᠢ᠂ ᠨᠡᠶᠢᠭᠡᠮ ᠲᠣᠭᠤᠷᠢᠭ ᠤᠨ ᠬᠠᠤᠯᠢ ᠶᠣᠰᠣᠭᠠᠷ ᠵᠠᠰᠠᠭ ᠤᠨ ᠣᠷᠳᠣᠨ ᠢ ᠬᠠᠪᠰᠤᠷᠴᠤ ᠪᠡᠶᠡᠯᠡᠭᠦᠯᠬᠦ ᠠᠵᠢᠯ ᠶᠠᠪᠤᠳᠠᠯ ᠢ ᠲᠡᠮᠳᠡᠭᠯᠡᠨ ᠦᠯᠡᠳᠡᠭᠡᠬᠦ ᠴᠢᠬᠤᠯᠠᠲᠠᠶ ᠪᠤᠯ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠡᠯᠧᠺᠲᠷᠣᠨ ᠡᠭᠡ ᠲᠠᠩᠰᠠ ᠡᠮᠬᠢᠯᠡᠨ ᠨᠡᠶᠢᠯᠡᠭᠦᠯᠵᠦ ᠪᠠᠶᠢᠭᠤᠯᠬᠤ ᠬᠡᠷᠡᠭᠲᠡᠶ᠃ ᠡᠭᠦᠨ ᠤ ᠬᠠᠮᠲᠤ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠡᠯ᠎ᠡ ᠡᠷᠬᠡ ᠲᠤᠰᠢᠶᠠᠯᠳᠤ ᠰᠠᠯᠠᠭ᠎ᠠ ᠮᠥᠴᠢᠷ ᠤᠳ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠱᠠᠭᠠᠷᠳᠠᠵᠤ ᠪᠠᠶᠢᠭᠠᠳ ᠬᠢᠯᠭᠡᠵᠤ ᠥᠭᠭᠦᠭᠰᠡᠨ ᠡᠯ᠎ᠡ ᠲᠥᠷᠥᠯ ᠤᠨ ᠬᠡᠷᠡᠴᠢᠯᠡᠯ ᠢ ᠪᠦᠭᠦ ᠲᠠᠯ᠎ᠠ ᠪᠠᠷ ᠡᠮᠬᠢᠯᠡᠨ ᠲᠢᠭᠯᠡᠬᠦ ᠬᠡᠷᠡᠭᠲᠠᠢ᠃ ᠭᠤᠷᠪᠠᠳᠤᠭᠠᠷ ᠲᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠠᠴᠠ ᠨᠡᠶᠢᠭᠡᠮ ᠲᠣᠭᠤᠷᠢᠭ ᠤᠨ ᠠᠵᠢᠯ ᠢ ᠨᠢᠭᠡᠳᠦᠯᠲᠡᠶ ᠶᠡᠷᠦᠩᠭᠡᠶᠢᠯᠡᠨ ᠬᠢᠨᠠᠨ ᠰᠢᠯᠭᠠᠬᠤ ᠪᠠ ᠠᠳᠠᠯᠢᠳᠬᠠᠨ ᠰᠢᠯᠭᠠᠷᠠᠭᠤᠯᠬᠤ ᠬᠡᠷᠡᠭᠲᠠᠢ᠂ ᠡᠯ᠎ᠡ ᠡᠷᠭᠡ ᠲᠤᠰᠢᠶᠠᠯᠲᠤ ᠰᠠᠯᠠᠭ᠎ᠠ ᠮᠥᠴᠢᠷ ᠤᠳ ᠬᠢᠨᠠᠨ ᠰᠢᠯᠭᠠᠵᠤ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠳᠠᠬᠢᠨ ᠠᠰᠳᠠᠭᠠᠨ ᠵᠣᠬᠢᠶᠠᠨ ᠪᠠᠶᠢᠭᠤᠯᠬᠤ ᠦᠭᠡᠢ᠂ ᠨᠡᠶᠢᠭᠡᠮ ᠲᠣᠭᠤᠷᠢᠭ ᠤᠨ ᠠᠵᠢᠯ ᠤᠨ ︽ᠨᠢᠭᠡ ᠯᠡ ᠪᠢᠯᠧᠲ ᠢᠶᠠᠷ ᠦᠭᠡᠶᠢᠰᠬᠡᠬᠦ︾ ᠶᠠᠪᠤᠳᠠᠯ ᠢ ᠬᠦᠴᠦᠨ ᠦᠭᠡᠢ ᠪᠤᠯᠭᠠᠨ᠎ᠠ ᠬᠡᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号